8 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/8/6

    ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠨᠡᠶᠢᠳᠬᠡᠵᠦ ︿ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ﹀ ᠠᠵᠢᠯ ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠵᠢᠭ ᠫᠷᠣᠭ᠍ᠷᠠᠮ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ ᠭᠡᠷᠡᠴᠢ᠂ ᠣᠨᠳᠣᠤ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ ᠬᠥᠮᠥᠨ ᠳᠤ ᠨᠢ ᠴᠠᠭ ᠲᠤᠬᠠᠶ ᠳᠤ ᠨᠢ ᠰᠦᠯᠵᠢᠶ᠎ᠡ ᠪᠠᠷ ᠭᠠᠷᠭᠠᠵᠤ ᠥᠭᠬᠦ᠂ ᠠᠷᠤ ᠲᠠᠪᠴᠠᠩ ᠳᠤ ᠠᠦ᠋ᠲ᠋ᠣ᠋ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ᠂ ᠣᠳᠣ ᠨᠢᠭᠡᠳᠦᠯᠲᠡᠶ ︽ᠡᠯᠧᠺᠲᠷᠣᠨ ᠺᠣᠳ᠋︾ ᠢᠶᠠᠷ ᠤᠤᠯ ᠤᠨ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ᠃

ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ

【 ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠦᠩᠭᠦ 】 ᠶᠢᠨ ᠦᠢᠯᠡᠴᠢᠯᠡᠭᠡ


住房公积金二维码.jpg

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ