ᠭᠤᠷᠪᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠥᠪ ᠴᠢᠭᠯᠡᠯ ᠢ ᠣᠨᠣᠪᠴᠢᠲᠠᠶ ᠡᠵᠡᠮᠳᠡᠨ᠎ᠡ
ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠡᠭᠡ ᠶᠠᠪᠤᠳᠠᠯ ᠢ ᠰᠠᠶᠢᠲᠤᠷ ᠬᠢᠵᠦ ᠳᠡᠶᠢᠯᠬᠦ ᠡᠰᠡᠬᠦ ᠶᠢᠨ ᠬᠠᠮᠤᠭ ᠤᠨ ᠵᠠᠩᠭᠢᠯᠠᠭ᠎ᠠ ᠨᠢ ᠴᠢᠭᠯᠡᠯ ᠵᠥᠪ ᠪᠠᠶᠢᠬᠤ ᠡᠰᠡᠬᠦ᠂ ᠤᠯᠤᠰ ᠲᠦᠷᠦ ᠶᠢᠨ ᠪᠠᠲᠤᠯᠠᠭ᠎ᠠ ᠴᠢᠩᠭ᠎ᠠ ᠬᠦᠴᠦᠲᠡᠢ ᠪᠠᠶᠢᠬᠤ ᠡᠰᠡᠬᠦ ᠳᠤ ᠪᠤᠢ ᠃ ᠢᠮᠠᠭᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠵᠥᠪ ᠴᠢᠭᠯᠡᠯ ᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢᠵᠢᠯ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠲᠣᠭᠲᠠᠭᠤᠨ ᠪᠦᠭᠡᠳ ᠤᠳᠠᠭᠠᠨ ᠬᠥᠭᠵᠢᠬᠦ ᠶᠢ ᠦᠨᠡᠨ ᠬᠦ ᠪᠠᠲᠤᠯᠠᠨ᠎ᠠ ᠃
︵ᠨᠢᠭᠡ︶ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠤᠳᠤᠷᠢᠳᠤᠯᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠬᠠᠤᠯᠢᠵᠢᠯ ᠤᠨ ᠰᠦᠭ ᠰᠦᠨᠡᠰᠦ ᠮᠥᠨ᠂ ᠮᠠᠨ ᠤ ᠤᠯᠤᠰ ᠤᠨ ᠬᠠᠤᠯᠢᠵᠢᠯ ᠬᠢᠭᠡᠳ ᠥᠷᠥᠨᠡᠳᠠᠬᠢᠨ ᠤ ᠬᠥᠷᠥᠩᠭᠡᠲᠦ ᠤᠯᠤᠰ ᠤᠨ ᠬᠠᠤᠯᠢᠵᠢᠯ ᠤᠨ ᠬᠠᠮᠤᠭ ᠤᠨ ᠶᠡᠭᠡ ᠢᠯᠭᠠᠭ᠎ᠠ ᠪᠣᠯᠣᠨ᠎ᠠ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠠᠷᠠᠳ ᠲᠦᠮᠡᠨ ᠢ ᠤᠳᠤᠷᠢᠳᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠲᠡᠦᠬᠡᠲᠦ ᠡᠭᠦᠷᠭᠡ ᠪᠠ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠴᠢᠳᠠᠨ᠎ᠠ᠂ ᠭᠠᠭᠴᠠ ᠬᠦ ᠨᠠᠮ ᠤᠨ ᠤᠳᠤᠷᠢᠳᠤᠯᠭ᠎ᠠ ᠳᠣᠣᠷ᠎ᠠ ᠬᠠᠤᠯᠢ ᠶᠣᠰᠣᠭᠠᠷ ᠤᠯᠤᠰ ᠢᠶᠠᠨ ᠵᠠᠰᠠᠵᠤ᠂ ᠬᠠᠤᠯᠢᠵᠢᠯ ᠢ ᠴᠢᠩᠭ᠎ᠠ ᠬᠡᠷᠡᠭᠵᠢᠭᠦᠯᠪᠡᠯ ᠰᠠᠶ᠋ᠢ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠭᠦᠢᠴᠡᠳ ᠪᠡᠶᠡᠯᠡᠭᠦᠯᠦᠨ᠂ ᠤᠯᠤᠰ ᠭᠦᠷᠦᠨ ᠪᠠ ᠨᠡᠶᠢᠭᠡᠮ ᠤᠨ ᠠᠮᠢᠳᠤᠷᠠᠯ ᠤᠨ ᠬᠠᠤᠯᠢᠵᠢᠯᠲᠠ ᠶᠢ ᠰᠠᠶ᠋ᠢ ᠡᠮᠬᠢ ᠵᠢᠷᠤᠮ ᠲᠠᠢ ᠪᠠᠷ ᠠᠬᠢᠭᠤᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠃ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠬᠠᠮᠤᠭ ᠤᠨ ᠴᠢᠬᠤᠯᠠ ᠨᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠵᠣᠷᠢᠯᠲᠠ ᠶᠢ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ ᠴᠢᠳᠠᠨ᠎ᠠ ᠃
︵ᠬᠤᠶᠠᠷ︶ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠲᠣᠭᠲᠠᠯ ᠴᠢᠨᠠᠷ ᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢᠵᠢᠯ ᠤᠨ ᠲᠣᠭᠲᠠᠯᠴᠠᠭ᠎ᠠ ᠪᠣᠯ ᠳᠤᠮᠳᠠᠳᠤ ᠤᠯᠤᠰ ᠤᠨ ᠰᠣᠶᠣᠯ ᠳᠤ ᠦᠨᠳᠦᠰᠦᠯᠡᠵᠦ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠬᠦ ᠬᠠᠤᠯᠢᠵᠢᠯ ᠤᠨ ᠲᠣᠭᠲᠠᠯᠴᠠᠭ᠎ᠠ ᠪᠣᠯᠣᠨ᠎ᠠ᠂ ᠮᠠᠨ ᠤ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠬᠠᠤᠯᠢᠵᠢᠯ ᠤᠨ ᠬᠦᠷᠢᠶᠡᠨ ᠳᠤ ᠶᠠᠪᠤᠭᠤᠯᠤᠭᠰᠠᠨ ᠠᠭᠤᠤ ᠶᠡᠭᠡ ᠲᠡᠦᠬᠡᠨ ᠦᠢᠯᠡᠳᠦᠯᠭᠡ ᠪᠣᠯᠣᠨ᠎ᠠ ᠂ ᠨᠡᠶᠢᠭᠡᠮ ᠵᠢᠷᠤᠮ ᠤᠨ ᠪᠠᠶᠢᠵᠤ ᠪᠣᠯᠬᠤ ᠠᠴᠠ ᠪᠢᠰᠢ ᠬᠠᠷᠢᠨ ᠥᠭᠡᠷ᠎ᠡ ᠬᠠᠤᠯᠢᠵᠢᠯ ᠤᠨ ᠲᠣᠭᠲᠠᠯᠴᠠᠭ᠎ᠠ ᠪᠠᠶᠢᠵᠤ ᠪᠣᠯᠬᠤ ᠦᠭᠡᠢ ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠲᠣᠭᠲᠠᠯ ᠴᠢᠨᠠᠷ ᠢ ᠪᠠᠲᠤ ᠡᠵᠡᠮᠳᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢᠵᠢᠯ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ ᠂ ᠥᠷᠥᠨᠡᠳᠠᠬᠢᠨ ᠤ ᠪᠤᠷᠤᠭᠤ ᠦᠵᠡᠯ ᠰᠠᠨᠠᠭᠠᠨ ᠤ ᠤᠷᠤᠰᠬᠠᠯ ᠳᠤ ᠪᠤᠷᠤᠭᠤ ᠪᠠᠷ ᠬᠥᠲᠥᠯᠥᠭᠳᠡᠵᠦ ᠶᠠᠭᠠᠬᠢᠭᠰᠠᠨ ᠴᠤ ᠪᠣᠯᠬᠤ ᠦᠭᠡᠢ᠂ ᠪᠤᠰᠤᠳ ᠤᠯᠤᠰ ᠤᠨ ᠬᠡᠪ ᠵᠠᠭᠪᠤᠷ ᠪᠠ ᠠᠷᠭ᠎ᠠ ᠬᠢᠳᠡᠯ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠶᠠᠭᠠᠬᠢᠭᠰᠠᠨ ᠴᠤ ᠪᠣᠯᠬᠤ ᠦᠭᠡᠢ᠂ ᠥᠷᠥᠨᠡᠳᠠᠬᠢᠨ ᠤ ︽ᠦᠨᠳᠦᠰᠦᠨ ᠬᠠᠤᠯᠢᠲᠤ ᠵᠠᠰᠠᠭ︾᠂ ︽ᠭᠤᠷᠪᠠᠨ ᠡᠷᠬᠡ ᠶᠢ ᠲᠤᠰᠠᠭᠠᠷᠯᠠᠭᠤᠯᠬᠤ︾᠂ ︽ ᠪᠡᠶ᠎ᠡ ᠪᠠᠨ ᠳᠠᠭᠠᠭᠠᠨ ᠬᠠᠤᠯᠢ ᠪᠠᠷᠢᠬᠤ ︾ ᠵᠠᠮ ᠢᠶᠠᠷ ᠶᠠᠭᠠᠬᠢᠭᠰᠠᠨ ᠴᠤ ᠶᠠᠪᠤᠵᠤ ᠪᠣᠯᠬᠤ ᠦᠭᠡᠢ ᠶᠤᠮ᠃
︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠮᠠᠨ ᠤ ᠤᠯᠤᠰ ᠤᠨ ᠨᠡᠶᠢᠭᠡᠮ ᠵᠢᠷᠤᠮᠲᠤ ᠬᠠᠤᠯᠢᠵᠢᠯ ᠪᠣᠯ ᠠᠷᠠᠳ ᠲᠦᠮᠡᠨ ᠤ ᠬᠠᠤᠯᠢᠵᠢᠯ ᠪᠣᠯᠣᠨ᠎ᠠ᠂ ᠥᠷᠥᠨᠡᠳᠠᠬᠢᠨ ᠤ ᠬᠥᠷᠥᠩᠭᠡᠲᠦ ᠶᠣᠰᠣᠨ ᠤ ᠬᠠᠤᠯᠢᠵᠢᠯ ᠪᠣᠯ ᠬᠥᠷᠥᠩᠭᠡ ᠶᠢᠨ ᠬᠠᠤᠯᠢᠵᠢᠯ ᠪᠣᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠬᠠᠤᠯᠢᠵᠢᠯ ᠢ ᠬᠥᠷᠥᠩᠭᠡᠲᠦ ᠶᠣᠰᠣᠨ ᠤ ᠬᠠᠤᠯᠢᠵᠢᠯ ᠠᠴᠠ ᠢᠯᠭᠠᠭ᠎ᠠ ᠲᠠᠢ ᠪᠠᠶᠢᠯᠭᠠᠬᠤ ᠶᠢᠨ ᠦᠨᠳᠦᠰᠦ ᠰᠠᠭᠤᠷᠢ ᠪᠣᠯᠣᠨ᠎ᠠ ᠃ ᠬᠠᠤᠯᠢᠵᠢᠯ ᠤᠨ ᠪᠠᠶᠢᠭᠤᠯᠤᠯᠲᠠ ᠪᠠᠨ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ ᠤᠯᠠᠨ ᠨᠡᠶᠢᠲᠡ ᠶᠢᠨ ᠠᠮᠤᠷ ᠲᠦᠪᠰᠢᠨ ᠤ ᠠᠰᠠᠭᠤᠳᠠᠯ᠂ ᠬᠠᠮᠤᠭ ᠠᠴᠠ ᠰᠠᠨᠠᠭᠠᠰᠢᠷᠠᠵᠤ ᠪᠠᠶᠢᠭ᠎ᠠ ᠡᠷᠬᠡ ᠠᠰᠢᠭ ᠤᠨ ᠪᠠᠲᠤᠯᠠᠭ᠎ᠠ ᠶᠢᠨ ᠠᠰᠠᠭᠤᠳᠠᠯ᠂ ᠬᠠᠮᠤᠭ ᠠᠴᠠ ᠠᠩᠬᠠᠷᠴᠤ ᠪᠠᠶᠢᠭ᠎ᠠ ᠲᠥᠪ ᠭᠤᠣᠯᠴᠢ ᠰᠢᠳᠤᠷᠭᠤ ᠶᠣᠰᠣᠨ ᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠠᠤᠯᠢᠵᠢᠯ ᠢᠶᠠᠷ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠠᠲᠤᠯᠠᠨ᠎ᠠ ᠃ ᠬᠠᠤᠯᠢᠵᠢᠯ ᠤᠨ ᠪᠠᠶᠢᠭᠤᠯᠤᠯᠲᠠ ᠳᠤ ᠪᠠᠨ ᠠᠷᠠᠳ ᠲᠦᠮᠡᠨ ᠳᠤ ᠲᠦᠰᠢᠭᠯᠡᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠨ᠂ ᠠᠷᠠᠳ ᠤᠯᠠᠨ ᠤ ᠣᠷᠣᠯᠴᠠᠬᠤ᠂ ᠢᠯᠡᠳᠬᠡᠬᠦ᠂ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠬᠠᠤᠯᠢᠵᠢᠯ ᠤᠨ ᠪᠠᠶᠢᠭᠤᠯᠤᠯᠲᠠ ᠶᠢ ᠠᠷᠠᠳ ᠲᠦᠮᠡᠨ ᠤ ᠪᠦᠲᠦᠭᠡᠯᠴᠢ ᠦᠢᠯᠡᠳᠦᠯᠭᠡ ᠳᠤ ᠭᠦᠨ ᠦᠨᠳᠦᠰᠦᠯᠡᠭᠦᠯᠦᠨ᠎ᠡ ᠃