︽ᠰᠤᠷᠤᠯᠴᠠᠯᠭ᠎ᠠ ᠶᠢᠨ ᠴᠠᠭ ᠰᠣᠨᠢᠨ︾ ᠤ ᠲᠡᠷᠢᠭᠦᠨ ᠨᠢᠭᠤᠷ ᠤᠨ ᠲᠡᠷᠢᠭᠦᠨ ᠰᠡᠳᠦᠪ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠨᠡᠷ᠎ᠡ ᠬᠠᠳᠠᠭᠰᠠᠨ ᠵᠣᠬᠢᠶᠠᠯ ᠢ ᠨᠡᠶᠢᠲᠡᠯᠡᠪᠡ  ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/10

 


      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠵᠦ ᠪᠠᠲᠤᠯᠠᠭᠰᠠᠨ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠪᠢᠳᠡ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠵᠤ᠂ ᠡᠯ᠎ᠡ ᠲᠠᠯ᠎ᠠ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠬᠡ ᠤᠯᠤᠰ ᠤᠨ ᠤᠮᠠᠷᠠᠲᠤ ᠶᠢᠨ ᠨᠠᠩ ᠦᠵᠡᠰᠬᠦᠯᠡᠩᠲᠦ ᠰᠠᠶᠢᠬᠠᠨ ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠨᠢᠷ ᠰᠠᠶᠢᠬᠠᠨ ᠦᠵᠡᠮᠵᠢ ᠳᠤ ᠥᠩᠭᠡ ᠭᠠᠯᠪᠢᠷ ᠨᠡᠮᠡᠷᠢᠯᠡᠬᠦ ᠪᠣᠯᠣᠨ᠎ᠠ᠃

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠢᠭᠡᠳᠬᠡᠨ᠎ᠡ

      ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠴᠢᠭᠯᠡᠯ ᠢᠶᠠᠨ ᠲᠣᠳᠣᠷᠬᠠᠶᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠪᠡᠶ᠎ᠡ ᠪᠠᠷ ᠢᠶᠠᠨ ᠤᠳᠤᠷᠢᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠶᠠᠭᠤᠨ ᠳᠤ ᠥᠭᠡᠷᠡᠴᠢᠯᠡᠬᠦ᠂ ᠶᠠᠭᠤ ᠶᠢ ᠥᠭᠡᠷᠡᠴᠢᠯᠡᠬᠦ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠥᠲᠥᠯᠥᠨ ᠵᠢᠯᠤᠭᠤᠳᠴᠤ ᠪᠠᠶᠢᠭᠠᠳ ᠲᠡᠦᠬᠡᠲᠦ ᠴᠢᠨᠠᠷᠲᠠᠢ᠂ ᠬᠤᠪᠢᠰᠬᠠᠯᠲᠤ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠣᠯᠣᠭᠰᠠᠨ ᠢᠶᠠᠷ ᠪᠠᠷᠠᠬᠤ ᠦᠭᠡᠢ᠂ ᠪᠠᠰᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠬᠠᠩᠭᠠᠭᠰᠠᠨ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠭᠦᠨᠵᠡᠭᠡᠢ ᠦᠵᠡᠯ ᠰᠠᠨᠠᠭ᠎ᠠ ᠪᠣᠯᠣᠨ ᠠᠭᠤᠤ ᠶᠡᠭᠡ ᠦᠢᠯᠡᠳᠦᠯᠭᠡ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠨᠠᠩ ᠤᠬᠠᠮᠰᠠᠷ ᠠᠴᠠ ᠪᠠᠨ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠥᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠤᠨ᠎ᠠ᠃

      ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠬᠤ ᠳᠤᠮᠳᠠ ᠤᠬᠠᠮᠰᠠᠷ ᠢᠶᠠᠨ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠢᠷᠤᠭ ᠲᠥᠯᠥᠪᠯᠡᠭᠡ ᠶᠢ ᠶᠡᠷᠦᠩᠬᠡᠢ ᠳᠤᠨᠢ ᠵᠢᠷᠤᠭᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠠ ᠬᠤᠷᠠᠯ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠠᠶᠢᠷᠢᠯᠠᠭᠤᠯᠤᠭᠰᠠᠨ ᠤ ᠲᠠᠷᠠᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠬᠦ ᠪᠠ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠴᠢᠬᠤᠯᠠ ᠶᠡᠭᠡ ᠪᠠᠶᠢᠷᠢᠯᠠᠭᠤᠯᠤᠯᠲᠠ ᠨᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠣᠳᠣᠬᠢᠴᠢᠯᠠᠯᠲᠠ ᠶᠢᠨ ᠶᠡᠭᠡ ᠲᠠᠯ᠎ᠠ ᠶᠢ ᠪᠠᠶᠢᠷᠢᠯᠠᠭᠤᠯᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠰᠠᠭᠤᠷᠢ ᠶᠢ ᠴᠣᠭᠴᠠᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ᠂ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠠᠬᠢᠭᠤᠯᠬᠤ ᠨᠢ ᠯᠠᠪᠲᠠᠢ ᠶᠤᠮ᠃ ᠪᠢᠳᠡ ᠵᠠᠪᠠᠯ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠭᠦ ᠲᠠᠯ᠎ᠠ ᠶᠢᠨ ᠥᠨᠳᠥᠷᠴᠡ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ ᠡᠵᠡᠮᠰᠢᠨ᠂ ︽ᠲᠣᠭᠲᠠᠭᠠᠯ︾ ᠳᠤ ᠳᠤᠷᠠᠳᠤᠭᠰᠠᠨ ︽ᠵᠢᠷᠭᠤᠭᠠᠨ ᠵᠠᠶᠢᠯᠠᠰᠢ ᠦᠭᠡᠢ ᠱᠠᠭᠠᠷᠳᠠᠯᠭ᠎ᠠ︾ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ︽ᠳᠦᠷᠪᠡᠨ ᠲᠤᠯᠭᠠᠮ ᠱᠠᠭᠠᠷᠳᠠᠯᠭ᠎ᠠ︾ ᠶᠢ ᠭᠦᠨᠵᠡᠭᠡᠢ ᠣᠶᠢᠯᠠᠭᠠᠵᠤ᠂ ︽ᠶᠠᠭᠤᠨ ᠳᠤ ᠥᠭᠡᠷᠡᠴᠢᠯᠡᠯᠲᠡ ᠬᠢᠬᠦ︾ ᠲᠠᠯ᠎ᠠ ᠪᠠᠷ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃

      ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠰᠢᠬᠦ ᠳᠤᠮᠳᠠ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠲᠣᠭᠲᠠᠭᠠᠯ︾ ᠨᠢ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠳᠤᠷᠠᠳᠴᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠴᠢᠬᠤᠯᠠ ᠵᠢᠷᠤᠮᠯᠠᠯ ᠬᠠᠩᠭᠠᠪᠠ᠃ ︽ᠲᠣᠭᠲᠠᠭᠠᠯ︾ ᠳᠤ ᠳᠤᠷᠠᠳᠤᠭᠰᠠᠨ 300 ᠭᠠᠷᠤᠢ ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠣᠷᠭᠠᠨᠢᠭ ᠢᠶᠠᠷ ᠵᠣᠯᠭᠠᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠥᠨᠳᠥᠷ ᠪᠦᠲᠦᠮᠵᠢᠲᠡᠢ ᠠᠭᠤᠰᠤᠯᠴᠠᠭᠤᠯᠵᠤ᠂ ᠵᠠᠬ᠎ᠠ ᠳᠡᠯᠭᠡᠭᠦᠷ ᠪᠣᠯᠣᠨ ᠵᠠᠰᠠᠭ ᠤᠨ ᠣᠷᠳᠣᠨ ᠤ ︽ᠬᠤᠶᠠᠷ ᠭᠠᠷ︾ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷᠯᠠᠬᠤ ᠤᠨᠤᠯ︾ ᠪᠣᠯᠣᠨ ︽ᠭᠤᠣᠯᠳᠠᠯᠭᠠᠲᠤ ᠤᠨᠤᠯ︾ ᠤᠨ ᠬᠤᠪᠢᠰᠤᠩᠭᠤᠢ ᠨᠢᠭᠡᠳᠦᠯ ᠢ ᠢᠯᠡᠷᠡᠭᠦᠯᠵᠦ᠂ ᠴᠥᠮ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠵᠣᠬᠢᠴᠠᠩᠭᠤᠢ ᠴᠢᠨᠠᠷᠲᠠᠢ᠂ ᠤᠷᠢᠳᠴᠢᠯᠠᠬᠤ ᠴᠢᠨᠠᠷᠲᠠᠢ ᠥᠭᠡᠷᠡᠴᠢᠯᠡᠯᠲᠡ ᠪᠣᠯᠣᠨ᠎ᠠ᠂ ᠨᠠᠶᠢᠳᠠᠪᠤᠷᠢᠵᠢᠭᠤᠯᠤᠭᠰᠠᠨ ᠤ ᠲᠠᠷᠠᠭ᠎ᠠ ᠯᠠᠪᠲᠠᠢ ᠯᠤᠲᠤ ᠶᠡᠭᠡ ᠶᠡᠷᠦᠩᠬᠡᠶᠢᠯᠡᠭᠰᠡᠨ ᠦᠢᠯᠡᠳᠦᠯ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠬᠥᠲᠥᠯᠥᠨ ᠳᠠᠭᠠᠭᠤᠯᠵᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠪᠣᠯᠣᠨ᠎ᠠ᠃ ᠪᠢᠳᠡ ᠯᠠᠪᠲᠠᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠬᠠᠶᠢᠨ ᠰᠦᠪᠡᠭᠴᠢᠯᠡᠵᠦ︾᠂ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠬᠤ᠂ ᠰᠢᠨ᠎ᠡ ᠪᠠᠶᠢᠳᠠᠯ ᠢ ᠡᠭᠦᠳᠬᠦ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠨ᠎ᠡ᠃

      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ

      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠯ ᠥᠪᠥᠷ ᠮᠣᠩᠭᠤᠯ ᠤᠨ ᠭᠤᠣᠯ ᠡᠭᠦᠷᠭᠡ᠂ ᠮᠥᠨ ᠴᠦ ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ ᠪᠣᠯᠣᠨ᠎ᠠ᠃ ᠪᠢᠳᠡ ᠡᠨᠡ ᠬᠦ ᠭᠤᠣᠯ ᠡᠭᠦᠷᠭᠡ ᠪᠣᠯᠣᠨ ᠬᠠᠮᠤᠭ ᠤᠨ ᠶᠡᠭᠡ ᠪᠣᠳᠠᠲᠤ ᠪᠠᠶᠢᠳᠠᠯ ᠢ ᠴᠢᠩᠭ᠎ᠠ ᠡᠵᠡᠮᠳᠡᠵᠦ᠂ ᠪᠦᠭᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠲᠦᠭᠵᠢᠷᠡᠯ ᠢ ᠪᠦᠭᠦ ᠬᠦᠴᠦᠨ ᠢᠶᠠᠷ ᠢᠶᠠᠨ ᠨᠠᠪᠲᠠᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ ᠴᠢᠷᠮᠠᠶᠢᠨ᠎ᠠ᠃

      ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ︽ᠲᠣᠭᠲᠠᠭᠠᠯ︾ ᠳᠤ ᠴᠥᠮ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃ ᠪᠢᠳᠡ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠣᠭᠯᠠᠯ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠨᠡᠭᠦᠷᠡᠰᠦ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠡᠷᠴᠢᠮ ᠢᠶᠠᠨ ᠴᠢᠩᠭᠠᠷᠠᠭᠤᠯᠵᠤ᠂ ᠢᠷᠡᠭᠡᠳᠦᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠶᠢᠰᠢ ᠲᠥᠪᠯᠡᠷᠡᠬᠦ ᠶᠢ ᠠᠬᠢᠭᠤᠯᠤᠨ᠎ᠠ᠃ ᠡᠭᠦᠨ ᠤ ᠬᠠᠮᠲᠤ ᠡᠷᠴᠢᠮᠵᠢᠭᠦᠯᠬᠦ ᠲᠥᠪᠯᠡᠷᠡᠭᠦᠯᠬᠦ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠥᠮᠥᠨ ᠠᠮᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠬᠥᠳᠡᠭᠡ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠦᠨ ᠰᠢᠯᠢᠳᠡᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠭᠤᠣᠯᠳᠠᠯᠭ᠎ᠠ ᠲᠠᠢ ᠬᠦᠷᠢᠶ᠎ᠡ ᠲᠡᠶᠢᠰᠢ ᠨᠢᠭᠡᠳᠦᠯᠲᠡᠢ ᠲᠥᠯᠥᠪᠯᠡᠨ ᠨᠡᠶᠢᠳᠬᠡᠬᠦ ᠶᠢ ᠠᠬᠢᠭᠤᠯᠤᠨ᠎ᠠ᠃ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠲᠡᠯᠢᠢᠭᠦ ᠲᠠᠯᠪᠢᠬᠤ ᠨᠢ ᠵᠣᠬᠢᠰᠲᠠᠢ᠂ ᠣᠷᠴᠢᠯ ᠨᠢ ᠰᠠᠭᠠᠳ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠠᠷ ᠳᠠᠮᠵᠢᠭᠤᠯᠤᠨ ᠡᠯ᠎ᠡ ᠵᠦᠢᠯ ᠤᠨ ᠠᠵᠢᠯ ᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠡᠳᠦᠯᠲᠡᠢ ᠪᠠᠶᠢᠯᠭᠠᠬᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃

      ᠰᠢᠰᠲ᠋ᠧᠮ ᠤᠨ ᠦᠵᠡᠯᠲᠡ ᠪᠠᠷ ︽ᠲᠠᠪᠤᠨ ᠶᠡᠭᠡ ᠡᠭᠦᠷᠭᠡ︾ ᠶᠢᠨ ᠠᠵᠢᠯ ᠤᠨ ᠰᠢᠰᠲ᠋ᠧᠮ ᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠂ ᠪᠢᠳᠡ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠳᠤ ᠡᠷᠬᠡᠪᠰᠢ ᠡᠭᠦᠨ ᠢ ᠴᠢᠩᠭ᠎ᠠ ᠵᠢᠷᠤᠮᠯᠠᠨ ᠥᠷᠨᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠠᠬᠢᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠲᠠᠷᠢᠶᠠᠨ ᠭᠠᠵᠠᠷ ᠢ ᠬᠠᠮᠠᠭᠠᠯᠠᠵᠤ ᠬᠢᠨᠠᠨ ᠬᠠᠮᠢᠶᠠᠷᠬᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ᠂ ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠵᠡᠷᠭᠡ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠳᠦᠷᠢᠮ ᠤᠨ ᠪᠠᠲᠤᠯᠠᠭ᠎ᠠ ᠬᠠᠩᠭᠠᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ︽1 + 8︾ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠷᠢᠶᠡᠨ ᠳᠠᠬᠢ ᠳᠦᠷᠢᠮ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠦᠢᠯᠡᠳᠦᠯᠴᠡᠯ ᠢ ᠠᠬᠢᠭᠤᠯᠤᠨ᠎ᠠ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ᠂ ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ ᠨᠡᠭᠡᠭᠡᠨ ᠠᠰᠢᠭᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠪᠣᠷ ᠰᠢᠷᠣᠢ ᠶᠢ ᠰᠤᠳᠤᠯᠤᠨ ᠨᠡᠭᠡᠭᠡᠬᠦ ᠰᠢᠨ᠎ᠡ ᠮᠠᠶ᠋ᠢᠭ ᠤᠨ ᠲᠣᠭᠲᠠᠴᠠ ᠶᠢ ᠪᠦᠷᠢᠨᠰᠢᠭᠦᠯᠵᠦ᠂ ᠰᠤᠳᠤᠯᠭᠠᠨ ᠤ ᠬᠦᠷᠢᠶ᠎ᠡ ᠪᠠ ᠴᠢᠭᠯᠡᠯ ᠢ ᠥᠷᠭᠡᠳᠬᠡᠨ᠂ ᠬᠤᠪᠣᠷ ᠰᠢᠷᠣᠢ ᠶᠢᠨ ᠠᠵᠤ ᠦᠢᠯᠡᠰ ᠬᠢᠭᠡᠳ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠡᠪᠴᠡᠯᠳᠦᠨ ᠬᠥᠭᠵᠢᠬᠦ ᠶᠢ ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ᠂ ︽ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠲᠣᠭᠤᠷᠢᠨ ᠳᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠪᠲᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠡᠳ᠋ᠰᠢᠭᠦᠯᠦᠨ ᠪᠤᠯᠪᠠᠰᠤᠷᠠᠭᠤᠯᠬᠤ᠂ ᠭᠦᠢᠯᠭᠡᠭᠡ᠂ ᠦᠢᠯᠡᠴᠢᠯᠡᠭᠡ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠠᠯ᠎ᠠ ᠪᠠᠷ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠲᠦᠷᠭᠡᠳᠬᠡᠨ ᠡᠭᠦᠳᠦᠨ ᠪᠠᠶᠢᠭᠤᠯᠵᠤ᠂ ︽ᠪᠣᠭᠤᠮᠲᠠ + ᠳᠣᠲᠣᠷ᠎ᠠ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠬᠤ ᠳᠤ ᠨᠠᠩ ᠰᠠᠶᠢᠨ ᠦᠢᠯᠡᠴᠢᠯᠡᠨ᠎ᠡ᠃

      ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠬᠠᠷᠠᠯᠲᠠ ᠪᠠ ᠡᠭᠦᠷᠭᠡ ᠶᠢ ᠳᠤᠷᠠᠳᠪᠠ᠂ ᠪᠢᠳᠡ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ︽ᠵᠢᠱᠢᠶᠡᠴᠢ︾ ᠨᠢᠭᠡ ᠪᠦᠷᠢ ᠶᠢ ᠯᠠᠪᠳᠠᠭᠤᠨ ᠪᠠᠲᠤᠲᠠᠢ ᠪᠥᠭᠡᠳ ᠭᠦᠨᠵᠡᠭᠡᠢ ᠬᠢᠬᠦ ᠪᠠᠷ ᠴᠢᠷᠮᠠᠶᠢᠨ᠎ᠠ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾ ᠶᠢᠨ ᠲᠡᠦᠬᠡ ᠶᠢᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠢ ᠨᠠᠩ ᠴᠢᠩ ᠰᠡᠳᠬᠢᠯ ᠠᠴᠠ ᠪᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠪᠦᠭᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠭᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ᠂ ᠡᠮᠴᠢᠯᠡᠭᠡ᠂ ᠨᠢᠯᠬᠠᠰ ᠢ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠪᠦᠷᠢᠨᠰᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠥᠷᠭᠡᠨ ᠳᠡᠯᠭᠡᠷ ᠢᠶᠠᠷ ᠬᠠᠮᠲᠤ ᠪᠠᠷ ᠣᠷᠣᠰᠢᠨ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠤᠨ᠎ᠠ᠃ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠪᠠᠶᠢᠩᠭᠤ ᠴᠣᠭᠴᠠᠯᠠᠵᠤ ᠪᠠᠶᠢᠩᠭᠤ ᠪᠠᠬᠢᠵᠢᠭᠦᠯᠬᠦ ᠶᠢ ᠦᠨᠡᠨ ᠬᠦ ᠪᠠᠲᠤᠯᠠᠨ᠎ᠠ᠃ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠤᠯᠠᠮᠵᠢᠯᠠᠨ ᠳᠡᠯᠭᠡᠷᠡᠭᠦᠯᠵᠦ ᠬᠡᠷᠡᠭᠯᠡᠬᠦ᠂ ᠲᠤᠯᠭᠠᠭᠤᠷᠢᠯᠠᠵᠤ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢ ᠪᠠᠷ ᠵᠠᠰᠠᠬᠤ ᠪᠠᠶᠢᠭᠤᠯᠤᠯᠲᠠ ᠳᠤ ᠠᠭᠤᠰᠤᠯᠴᠠᠭᠤᠯᠬᠤ᠂ ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠬᠤ᠂ ᠨᠡᠶᠢᠭᠡᠮ ᠤᠨ ᠠᠮᠢᠳᠤᠷᠠᠯ ᠳᠤ ᠠᠭᠤᠰᠤᠯᠴᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠴᠣᠭᠴᠠᠯᠠᠨ᠎ᠠ᠃ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠤᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠤᠨ᠎ᠠ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ ᠪᠠ ᠰᠤᠯᠠ ᠵᠠᠳᠠᠭᠠᠢ ᠪᠠᠶᠢᠬᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃

      ᠵᠠᠬ᠎ᠠ ᠳᠡᠯᠭᠡᠭᠦᠷ ᠤᠨ ᠤᠬᠠᠮᠰᠠᠷ ᠢ ᠬᠦᠴᠦᠯᠡᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ

      ᠶᠡᠷᠦᠩᠬᠡᠢ ᠱᠦᠵᠢ ᠰᠢ ᠶᠢᠨ ᠫᠢᠩ᠂ ᠥᠭᠡᠷᠡᠴᠢᠯᠡᠯᠲᠡ ᠪᠣᠯ ᠠᠰᠠᠭᠤᠳᠠᠯ ᠤᠨ ᠭᠡᠳᠡᠷᠭᠦ ᠰᠢᠬᠠᠯᠲᠠ ᠠᠴᠠ ᠪᠤᠶ ᠪᠣᠯᠤᠭᠰᠠᠨ ᠮᠥᠷᠲᠡᠭᠡᠨ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠭᠦᠨᠵᠡᠭᠡᠶᠢᠷᠡᠳᠡᠭ ᠭᠡᠵᠦ ᠵᠢᠭᠠᠵᠤ ᠭᠠᠷᠭᠠᠪᠠ᠃ ᠥᠪᠥᠷ ᠮᠣᠩᠭᠤᠯ ᠳᠤ ᠠᠪᠴᠤ ᠬᠡᠯᠡᠪᠡᠯ᠂ ᠣᠳᠣᠬᠠᠨ ᠤ ᠬᠠᠮᠤᠭ ᠤᠨ ᠲᠤᠯᠭᠠᠮ ᠠᠰᠠᠭᠤᠳᠠᠯ ᠪᠣᠯ ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ︾ ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ︽ᠭᠤᠷᠪᠠᠨ ᠲᠦᠪᠰᠢᠨ︾ ᠢ ᠳᠡᠭᠡᠭᠰᠢᠯᠡᠭᠦᠯᠭᠦ ᠶᠠᠪᠤᠳᠠᠯ ᠪᠣᠯᠣᠨ᠎ᠠ᠃

      ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠲᠣᠭᠲᠠᠭᠠᠯ︾ ᠳᠤ᠂ ︽ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠬᠠᠮᠤᠭ ᠤᠨ ᠰᠢᠯᠢᠳᠡᠭᠵᠢᠭᠦᠯᠬᠦ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ ᠪᠢᠳᠡ ᠠᠵᠤ ᠠᠬᠤᠢ ᠶᠢᠨ ᠠᠵᠢᠯᠯᠠᠭ᠎ᠠ ᠥᠷᠨᠢᠭᠦᠯᠬᠦ ᠳᠤ ᠵᠠᠪᠠᠯ ᠦᠷ᠎ᠡ ᠠᠰᠢᠭ ᠢ ᠨᠠᠩ ᠴᠢᠬᠤᠯᠠᠴᠢᠯᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠠᠲᠤᠯᠠᠨ ᠦᠢᠯᠡᠴᠢᠯᠡᠬᠦ ᠤᠷᠢᠲᠠᠯ ᠳᠣᠣᠷ᠎ᠠ ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠲᠤ ᠢᠯᠡᠭᠦᠬᠡᠨ ᠠᠰᠢᠭ ᠬᠦᠷᠲᠡᠭᠡᠵᠦ᠂ ᠠᠷᠠᠳ ᠣᠯᠠᠨ ᠳᠤ ᠢᠯᠡᠭᠦᠬᠡᠨ ᠪᠤᠶᠠᠨ ᠦᠢᠯᠡᠳᠴᠦ᠂ ᠦᠷ᠎ᠡ ᠬᠤᠶᠢᠴᠢᠰ ᠲᠠᠭᠠᠨ ᠢᠯᠡᠭᠦᠬᠡᠨ ᠥᠪ ᠬᠥᠷᠥᠩᠭᠡ ᠬᠤᠷᠠᠮᠳᠤᠭᠤᠯᠵᠤ ᠥᠭᠬᠦ ᠬᠡᠷᠡᠭᠲᠡᠢ᠃ ᠨᠠᠷᠢᠨ ᠪᠤᠳᠤᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠡᠨᠧᠷᠭᠢ᠂ ᠴᠠᠭᠢᠯᠭᠠᠨ ᠬᠦᠴᠦ᠂ ᠭᠠᠵᠠᠷ ᠰᠢᠷᠣᠢ᠂ ᠳ᠋ᠠᠶᠢᠲ᠋ᠠ ᠵᠡᠷᠭᠡ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠢᠷᠡᠭᠰᠡᠨ ᠪᠥᠭᠡᠮ ᠲᠠᠸᠠᠷ ᠢ ᠬᠤᠷᠰᠢᠨ ᠡᠵᠡᠩᠨᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠪ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠲᠣᠭᠲᠠᠴᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠢ ᠶᠢᠨ ᠳᠣᠲᠣᠭᠠᠳᠤ ᠭᠠᠳᠠᠭᠠᠳᠤ ᠡᠷᠭᠢᠯᠲᠡ ᠶᠢ ᠰᠢᠯᠤᠭᠤᠳᠬᠠᠵᠤ᠂ ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠨ᠎ᠡ᠃

      ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠠ᠃ ᠲᠥᠪ ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠬᠤ︾ ᠴᠢᠬᠤᠯᠠᠲᠠᠢ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ︾ ᠴᠢᠬᠤᠯᠠᠲᠠᠢ ᠶᠤᠮ᠃ ᠪᠢᠳᠡ ︽ᠲᠣᠭᠲᠠᠭᠠᠯ︾ ᠳᠠᠬᠢ ︽ᠭᠤᠣᠯ ᠪᠤᠯᠬᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠪᠠᠷ ᠡᠯᠧᠮᠧᠨ᠋ᠲ ᠤᠨ ᠦᠨ᠎ᠡ ᠬᠠᠩᠰᠢ ᠶᠢᠨ ᠲᠣᠭᠲᠠᠴᠠ ᠶᠢ ᠲᠣᠭᠲᠠᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷ ᠤᠨ ᠨᠡᠶᠢᠭᠡᠮ ᠤᠨ ᠵᠠᠰᠠᠯᠲᠠ ᠳᠤᠮᠳᠠᠬᠢ ᠡᠯᠧᠮᠧᠨ᠋ᠲ ᠤᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠲᠤᠴᠢ ᠴᠢᠨᠠᠷᠲᠠᠢ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠷ ᠳᠠᠮᠵᠢᠭᠤᠯᠤᠨ ᠤᠯᠠᠨ ᠲᠦᠮᠡᠨ ᠤ ᠡᠬᠢ ᠪᠠᠶᠠᠯᠢᠭ ᠢ ᠠᠷᠪᠢᠯᠠᠬᠤ ᠶᠢ ᠱᠠᠯᠠᠪᠳᠠᠭᠤᠯᠵᠤ᠂ ᠬᠥᠮᠥᠰ ᠤᠨ ᠳᠦᠷᠢᠮ ᠰᠠᠬᠢᠯᠭ᠎ᠠ ᠶᠢ ᠵᠢᠷᠤᠮᠯᠠᠬᠤ ᠶᠢ ᠬᠥᠲᠥᠯᠥᠨ ᠵᠢᠯᠤᠭᠤᠳᠴᠤ᠂ ᠡᠭᠦᠨ ᠤ ᠤᠯᠠᠮ ᠢᠶᠠᠷ ᠨᠡᠶᠢᠭᠡᠮ ᠤᠨ ᠡᠮᠬᠢ ᠳᠢᠭᠯᠢᠮ ᠢ ᠰᠢᠯᠢᠳᠡᠭᠵᠢᠭᠦᠯᠦᠨ᠎ᠡ᠃

      ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠲᠦᠰᠢᠭᠯᠡᠨ ᠣᠯᠠᠨ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠠ᠃ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ ᠢ ᠴᠢᠩᠭᠠᠳᠬᠠᠬᠤ ᠪᠣᠯ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠬᠠᠷᠠᠯᠲᠠ ᠮᠥᠨ᠃ ᠪᠢᠳᠡ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠤᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠩ ᠤᠯᠠᠨ ᠡᠵᠡᠩᠨᠡᠯᠲᠡ ᠶᠢᠨ ᠭᠤᠣᠯ ᠴᠣᠭᠴᠠ ᠶᠢ ᠲᠠᠲᠠᠵᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠣᠶᠣᠯ ᠵᠡᠷᠭᠡ ᠤᠯᠠᠨ ᠨᠡᠶᠢᠲᠡ ᠶᠢᠨ ᠦᠢᠯᠡᠰ ᠲᠤ ᠪᠡᠯᠡ ᠣᠷᠣᠭᠤᠯᠵᠤ᠂ ᠤᠯᠠᠨ ᠲᠦᠮᠡᠨ ᠤ ᠤᠯᠠᠨ ᠶᠠᠩᠵᠤᠲᠤ ᠥᠪᠡᠷᠮᠢᠴᠡ᠂ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠳᠡᠭᠡᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠢᠯᠡᠭᠦᠬᠡᠨ ᠲᠦᠰᠢᠭᠯᠡᠵᠦ ᠣᠯᠠᠨ ᠲᠦᠮᠡᠨ ᠢ ᠬᠥᠲᠥᠯᠥᠨ ᠵᠢᠯᠤᠭᠤᠳᠴᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠣᠯᠠᠨ ᠢᠶᠠᠷ ᠢᠶᠠᠨ ᠬᠢᠬᠦ ᠶᠢᠨ ᠳᠤᠮᠳᠠ ᠡᠯ᠎ᠡ ᠲᠥᠷᠥᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃

      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠨᠢᠭᠡᠳᠦᠯᠲᠡᠢ ᠲᠥᠯᠥᠪᠯᠡᠬᠦ᠂ ᠪᠦᠬᠦᠯᠢ ᠴᠣᠭᠴᠠ ᠪᠠᠷ ᠲᠥᠯᠥᠪᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠠᠬᠢᠭᠤᠯᠵᠤ᠂ ᠬᠥᠭᠵᠢᠯᠲᠡ ᠶᠢ ᠠᠳᠬᠤᠵᠤ ᠥᠭᠡᠷᠡᠴᠢᠯᠡᠯᠲᠡ ᠶᠢ ᠠᠬᠢᠭᠤᠯᠬᠤ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠪᠠᠷ ᠴᠢᠷᠮᠠᠶᠢᠨ᠎ᠠ᠃

      ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠪᠣᠯ ᠠᠯᠢᠪᠠ ᠠᠵᠢᠯ ᠢ ᠬᠢᠬᠦ ᠶᠢᠨ ᠰᠠᠭᠤᠷᠢ ᠮᠥᠨ᠃ ᠪᠢᠳᠡ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠠᠶᠢᠲᠤᠷ ᠰᠤᠷᠤᠯᠴᠠᠨ ᠣᠶᠢᠯᠠᠭᠠᠵᠤ ᠨᠡᠪᠳᠡᠷᠡᠳᠡᠯ᠎ᠠ ᠡᠵᠡᠮᠰᠢᠵᠦ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠡᠭᠦᠨ ᠤ ᠳᠤᠮᠳᠠ ᠠᠴᠠ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠰᠡᠳᠬᠢᠮᠵᠢ ᠪᠠ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠨ᠎ᠡ᠃ ᠰᠢᠨ᠎ᠡ ᠴᠠᠭ ᠦᠶ᠎ᠡ ᠠᠴᠠ ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠥᠲᠥᠯᠥᠨ ᠠᠬᠢᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠬᠤ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠥᠷᠨᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠦᠨᠡᠨ ᠰᠡᠳᠬᠢᠯ ᠠᠴᠠ ᠪᠠᠨ ᠣᠶᠢᠯᠠᠭᠠᠵᠤ᠂ ᠨᠠᠮ ᠤᠨ ᠰᠠᠶᠢᠨ ᠢ ᠮᠡᠳᠡᠭᠦᠯᠦᠨ᠎ᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠳᠠᠢ ᠰᠠᠶᠢᠲᠤᠷ ᠠᠳᠬᠤᠵᠤ᠂ ᠢᠯᠵᠢᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠭᠢᠮᠯᠡᠭᠦ ᠡᠷᠴᠢᠮ ᠢ ᠴᠢᠩᠭᠠᠷᠠᠭᠤᠯᠵᠤ᠂ ︽ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠬᠤ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠪᠠᠶᠢᠴᠠᠭᠠᠵᠤ ᠵᠠᠰᠠᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠤᠯᠠᠮ ᠨᠢᠭᠡ ᠠᠯᠬᠤᠮ ᠪᠤᠶ ᠪᠣᠯᠭᠠᠨ᠎ᠠ᠃

      ᠵᠠᠰᠠᠯᠲᠠ ᠶᠢ ᠰᠢᠯᠢᠳᠡᠭᠵᠢᠭᠦᠯᠦᠨ᠎ᠡ᠃ ︽ᠲᠣᠭᠲᠠᠭᠠᠯ︾ ᠳᠤ᠂ ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ︾᠂ ︽ᠤᠯᠤᠰ ᠤᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠵᠣᠬᠢᠴᠠᠭᠤᠯᠬᠤ︾ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠵᠡᠷᠭᠡ ᠪᠠᠷ ᠨᠡᠶᠢᠭᠡᠮ ᠤᠨ ᠳᠠᠪᠬᠤᠷᠭ᠎ᠠ ᠶᠢᠨ ᠮᠠᠰᠢ ᠤᠯᠠᠨ ᠠᠷᠬᠠᠭ ᠭᠡᠮ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠤᠢ ᠰᠢᠭᠤᠢ ᠨᠤᠲᠤᠭ ᠪᠡᠯᠴᠢᠭᠡᠷ ᠢ ᠰᠦᠢᠳᠬᠡᠬᠦ ᠵᠡᠷᠭᠡ ᠬᠦᠷᠢᠶᠡᠨ ᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠬᠥᠮᠥᠨ ᠪᠣᠯᠣᠨ ᠬᠡᠷᠡᠭ ᠶᠠᠪᠤᠳᠠᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠴᠥᠭᠡᠨ ᠲᠣᠭᠠᠨ ᠤ ᠬᠥᠮᠥᠨ ᠢ ᠰᠢᠢᠳᠬᠡᠵᠦ᠂ ᠶᠡᠭᠡ ᠬᠡᠪᠴᠢᠶ᠎ᠡ ᠪᠠᠷ ᠰᠦᠷᠳᠡᠭᠦᠯᠵᠦ᠂ ᠪᠦᠭᠦ ᠨᠡᠶᠢᠭᠡᠮ ᠢ ᠬᠥᠮᠥᠵᠢᠭᠦᠯᠬᠦ︾ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠦᠨ᠎ᠡ᠃ ᠠᠰᠠᠭᠤᠳᠠᠯ ᠠᠮᠠᠷᠬᠠᠨ ᠡᠭᠦᠰᠬᠦ ᠤᠯᠠᠨ ᠡᠭᠦᠰᠬᠦ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ᠂ ᠪᠠᠶᠢᠭᠤᠯᠤᠯ ᠲᠣᠭᠲᠠᠴᠠ ᠠᠴᠠ ᠭᠠᠷᠳᠠᠵᠤ ᠠᠯᠳᠠᠭ᠎ᠠ ᠳᠤᠲᠠᠭᠳᠠᠯ ᠢ ᠵᠠᠯᠠᠷᠠᠭᠤᠯᠵᠤ᠂ ᠨᠡᠶᠢᠭᠡᠮ ᠤᠨ ᠵᠥᠷᠢᠴᠡᠯ ᠢ ᠠᠷᠢᠯᠭᠠᠬᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠵᠡᠷᠭᠡ ᠰᠠᠭᠤᠷᠢ ᠴᠢᠨᠠᠷᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠮᠥᠨ ᠪᠦᠭᠦᠨ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠪᠦᠭᠦᠨ ᠢ ᠳᠦᠷᠢᠮ ᠲᠣᠭᠲᠠᠭᠠᠯ ᠶᠣᠰᠣᠭᠠᠷ ᠰᠢᠢᠳᠪᠦᠷᠢᠯᠡᠬᠦ᠂ ᠨᠡᠶᠢᠭᠡᠮ ᠡᠮᠬᠢ ᠵᠢᠷᠤᠮ ᠲᠠᠢ ᠰᠠᠶᠢᠨ ᠰᠠᠶᠢᠬᠠᠨ ᠪᠠᠶᠢᠳᠠᠯ ᠲᠠᠢ ᠪᠤᠯᠬᠤ ᠶᠢ ᠠᠬᠢᠭᠤᠯᠤᠨ᠎ᠠ᠃

      ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠶᠡᠷᠦᠩᠬᠡᠢ ᠱᠦᠵᠢ ᠰᠢ ᠶᠢᠨ ᠫᠢᠩ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠬᠢᠨᠠᠨ ᠬᠠᠷᠭᠤᠭᠤᠯᠬᠤ᠂ ᠠᠶᠤᠯ ᠲᠦᠭᠰᠢᠭᠦᠷᠢ ᠶᠢ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ᠂ ᠭᠠᠵᠠᠷ ᠣᠷᠣᠨ ᠤ ᠬᠤᠭᠤᠷᠣᠨᠳᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠵᠦ᠂ ᠥᠷᠢ ᠥᠭᠴᠡᠭᠡᠨ ᠤ ᠮᠥᠩᠭᠦᠨ ᠭᠦᠢᠯᠭᠡᠭᠡ᠂ ᠭᠡᠷ ᠭᠠᠵᠠᠷ ᠤᠨ ᠬᠥᠷᠥᠩᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃

      ᠡᠷᠴᠢ ᠵᠣᠷᠢᠭ ᠢᠶᠠᠨ ᠬᠥᠪᠴᠢᠯᠡᠨ᠎ᠡ᠃ ︽ᠲᠣᠭᠲᠠᠭᠠᠯ︾ ᠳᠤ ︽︿ᠭᠤᠷᠪᠠ ᠶᠢ ᠢᠯᠭᠠᠬᠤ﹀ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠤᠨ᠎ᠠ︾ ᠭᠡᠵᠦ ᠳᠤᠷᠠᠳᠪᠠ᠃ ᠪᠢᠳᠡ ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠢ ᠪᠣᠶᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠬᠠᠭᠤᠴᠢᠨ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠠᠷᠢᠯᠭᠠᠵᠤ᠂ ᠥᠭᠡᠷᠡᠴᠢᠯᠡᠭᠴᠢ ᠳᠤ ᠬᠠᠷᠢᠭᠤᠴᠠᠬᠤ᠂ ᠰᠢᠨ᠎ᠡ ᠶᠢ ᠡᠭᠦᠳᠦᠭᠴᠢ ᠳᠤ ᠬᠠᠷᠢᠭᠤᠴᠠᠬᠤ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠠᠵᠢᠯ ᠶᠠᠪᠤᠳᠠᠯ ᠪᠦᠲᠦᠭᠡᠵᠦ ᠳᠡᠶᠢᠯᠭᠦ ᠬᠥᠮᠥᠰ ᠢ ᠵᠣᠷᠢᠭᠲᠠᠢ ᠳᠡᠪᠰᠢᠭᠦᠯᠵᠦ ᠴᠢᠬᠤᠯᠠᠴᠢᠯᠠᠨ ᠬᠡᠷᠡᠭᠯᠡᠵᠦ᠂ ᠬᠠᠶᠢᠨ ᠰᠦᠪᠡᠭᠴᠢᠯᠡᠯᠲᠡ ᠬᠢᠭᠰᠡᠨ ᠠᠴᠠ ᠪᠣᠯᠵᠤ ᠠᠯᠳᠠᠰᠢ ᠭᠠᠷᠤᠭᠰᠠᠨ ᠪᠠᠶᠢᠪᠠᠯ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠠᠯᠢ ᠴᠢᠳᠠᠬᠤ ᠪᠠᠷ ᠪᠠᠭᠲᠠᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ︽ᠺᠠᠳ᠋ᠷ ᠢ ᠵᠣᠷᠢᠭᠲᠠᠢ ᠬᠢᠯᠭᠡᠬᠦ᠂ ᠣᠷᠣᠨ ᠨᠤᠲᠤᠭ ᠢ ᠵᠣᠷᠢᠭᠲᠠᠢ ᠬᠢᠯᠭᠡᠬᠦ᠂ ᠠᠵᠤ ᠠᠬᠤᠶᠢᠯᠠᠯ ᠢ ᠵᠣᠷᠢᠭᠲᠠᠢ ᠬᠢᠯᠭᠡᠬᠦ᠂ ᠤᠯᠠᠨ ᠲᠦᠮᠡᠨ ᠤ ᠵᠣᠷᠢᠭᠲᠠᠢ ᠡᠭᠦᠳᠦᠨ ᠪᠦᠲᠦᠭᠡᠬᠦ ᠶᠢ ᠠᠬᠢᠭᠤᠯᠬᠤ ᠬᠡᠷᠡᠭᠲᠡᠢ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠡᠯ᠎ᠡ ᠲᠠᠯ᠎ᠠ ᠶᠢᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠦ᠂ ᠬᠥᠮᠥᠨ ᠪᠦᠭᠦᠨ ᠢ ᠵᠣᠷᠢᠭᠵᠢᠭᠤᠯᠵᠤ ᠠᠵᠢᠯ ᠬᠢᠬᠦ ᠳᠤᠷᠠᠲᠠᠢ᠂ ᠪᠤᠰᠤᠳ ᠢ ᠬᠠᠪᠰᠤᠷᠤᠨ ᠠᠵᠢᠯ ᠶᠠᠪᠤᠳᠠᠯ ᠪᠦᠲᠦᠭᠡᠬᠦ ᠳᠤᠷᠠᠲᠠᠢ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠢᠨ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠳᠣᠲᠣᠷ ᠲᠠᠮᠢᠷ ᠢᠶᠠᠨ ᠪᠤᠯᠪᠠᠰᠤᠷᠠᠭᠤᠯᠵᠤ᠂ ᠨᠡᠩ ᠶᠡᠭᠡ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠨᠢᠭᠡᠴᠢ ᠶᠢᠨ ᠬᠢᠨ ᠴᠢᠷᠮᠠᠶᠢᠨ ᠠᠵᠢᠯᠯᠠᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠯᠪᠢᠬᠤ ᠶᠣᠰᠣᠲᠠᠢ ᠠᠵᠢᠯ ᠤᠨ ᠡᠷᠬᠡ ᠪᠠᠨ ᠲᠠᠯᠪᠢᠵᠤ᠂ ᠬᠠᠩᠭᠠᠬᠤ ᠶᠣᠰᠣᠲᠠᠢ ᠦᠢᠯᠡᠴᠢᠯᠡᠭᠡ ᠶᠢ ᠰᠠᠶᠢᠲᠤᠷ ᠬᠠᠩᠭᠠᠬᠤ ᠶᠢ ᠠᠬᠢᠭᠤᠯᠵᠤ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠤᠨ ᠵᠣᠷᠢᠭᠲᠠᠢ ᠪᠠᠷ ᠠᠵᠢᠯ ᠶᠠᠪᠤᠳᠠᠯ ᠬᠢᠬᠦ ᠳᠤ ᠨᠥᠬᠦᠴᠡᠯ ᠪᠦᠷᠢᠯᠳᠦᠭᠦᠯᠦᠨ ᠳᠡᠮᠵᠢᠯᠭᠡ ᠦᠵᠡᠭᠦᠯᠵᠦ᠂ ᠪᠦᠭᠦ ᠣᠷᠣᠨ ᠳᠤ ᠠᠵᠢᠯ ᠶᠠᠪᠤᠳᠠᠯ ᠬᠢᠬᠦ ᠨᠢ ᠢᠷᠠᠭᠤ ᠠᠯᠳᠠᠷᠲᠠᠢ᠂ ᠠᠵᠢᠯ ᠶᠠᠪᠤᠳᠠᠯ ᠥᠯᠥ ᠬᠢᠬᠦ ᠨᠢ ᠢᠴᠢᠭᠦᠷᠢᠲᠡᠢ ᠪᠠᠶᠢᠬᠤ ᠠᠭᠤᠷ ᠠᠮᠢᠰᠬᠤᠯ ᠢ ᠪᠤᠶ ᠪᠤᠯᠭᠠᠵᠤ᠂ ᠬᠥᠮᠥᠨ ᠪᠦᠭᠦᠨ ᠠᠵᠢᠯ ᠬᠢᠵᠦ ᠦᠢᠯᠡᠰ ᠪᠣᠰᠬᠠᠬᠤ᠂ ᠭᠡᠷ ᠪᠦᠯᠢ ᠪᠣᠯᠭᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠣᠯᠠᠨ ᠢᠶᠠᠷ ᠢᠶᠠᠨ ᠬᠠᠮᠲᠤ ᠠᠵᠢᠯᠯᠠᠵᠤ ᠬᠠᠮᠲᠤ ᠬᠢᠵᠦ ᠬᠠᠮᠲᠤ ᠪᠠᠷ ᠠᠮᠵᠢᠯᠲᠠ ᠪᠦᠲᠦᠮᠵᠢ ᠶᠢ ᠡᠳ᠋ᠯᠡᠬᠦ ᠪᠠᠶᠢᠳᠠᠯ ᠢ ᠪᠦᠷᠢᠯᠳᠦᠭᠦᠯᠦᠨ᠎ᠡ᠃

      ︵ᠤᠭ ᠵᠣᠬᠢᠶᠠᠯ 2024 ᠣᠨ ᠤ 9 ᠰᠠᠷ᠎ᠠ ᠶᠢᠨ 9 ᠤ ᠡᠳᠦᠷ ᠤᠨ ︽ᠰᠤᠷᠤᠯᠴᠠᠯᠭ᠎ᠠ ᠶᠢᠨ ᠴᠠᠭ ᠰᠣᠨᠢᠨ︾ ᠳᠤ ᠨᠡᠶᠢᠲᠡᠯᠡᠭᠳᠡᠵᠡᠢ︶

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ