|
ᠬᠥᠬᠡᠬᠤᠲᠠ ᠶᠢᠨ ᠬᠢᠨ 12345 ᠰᠦᠯᠵᠢᠶᠡᠨ ᠳᠡᠭᠡᠷᠡᠬᠢ ᠭᠤᠶᠤᠴᠢᠯᠠᠯ ᠤᠨ ᠵᠦᠢᠯᠡᠰ ᠢ ᠰᠢᠮᠳᠠᠭᠤᠯᠤᠨ ᠭᠦᠢᠴᠡᠳᠭᠡᠬᠦ ᠲᠣᠭᠲᠠᠴᠠ ᠶᠢ ᠪᠠᠶᠢᠭᠤᠯᠪᠠ |
|
|
ᠨᠡᠶᠢᠲᠡᠯᠡᠭᠰᠡᠨ ᠴᠠᠭ᠄
2024/9/10
|
|
ᠬᠥᠬᠡᠬᠤᠲᠠ ᠶᠢᠨ ᠬᠢᠨ 12345 ᠰᠦᠯᠵᠢᠶᠡᠨ ᠳᠡᠭᠡᠷᠡᠬᠢ ᠭᠤᠶᠤᠴᠢᠯᠠᠯ ᠤᠨ ᠵᠦᠢᠯᠡᠰ ᠢ ᠰᠢᠮᠳᠠᠭᠤᠯᠤᠨ ᠭᠦᠢᠴᠡᠳᠭᠡᠬᠦ ᠲᠣᠭᠲᠠᠴᠠ ᠶᠢ ᠪᠠᠶᠢᠭᠤᠯᠪᠠ᠃ ᠨᠢᠭᠡ ᠳᠤ᠂ ᠰᠦᠯᠵᠢᠶᠡᠨ ᠤ ᠭᠤᠶᠤᠴᠢᠯᠠᠯ ᠢ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠬᠢᠨᠠᠨ ᠰᠢᠨᠵᠢᠬᠦ ᠵᠥᠭᠡᠯᠡᠨ ᠲᠣᠨᠤᠭ ᠢ ᠠᠰᠢᠭᠯᠠᠨ᠂ ᠰᠦᠯᠵᠢᠶᠡᠨ ᠬᠠᠭᠤᠳᠠᠰᠤ᠂ ᠵᠢᠵᠢᠭ ᠫᠷᠤᠭ᠍ᠷᠠᠮ ᠵᠡᠷᠭᠡ ᠲᠠᠪᠴᠠᠩ ᠳᠠᠬᠢ ᠵᠢᠷᠤᠭ᠂ ᠸᠢᠳᠢᠣ᠋ ᠶᠢ ᠵᠠᠢ ᠵᠠᠪᠰᠠᠷ ᠦᠯᠡᠳᠡᠭᠡᠯ ᠥᠬᠡᠶ ᠴᠤᠭᠯᠠᠭᠤᠯᠵᠤ᠂ 14 ᠬᠠᠮ ᠵᠠᠭᠤᠴᠢᠯᠠᠭᠤᠷ ᠤᠨ ᠰᠦᠯᠵᠢᠶᠡᠨ ᠳᠡᠭᠡᠷᠡᠬᠢ ᠭᠤᠶᠤᠴᠢᠯᠠᠯ ᠢ ᠣᠨᠣᠴᠠᠲᠠᠶ ᠪᠠᠷ ᠲᠥᠷᠥᠯ ᠠᠩᠭᠢᠯᠠᠨ ᠬᠠᠮᠤᠷᠴᠤ᠂ ᠠᠷᠠᠳ ᠤᠨ ᠰᠠᠨᠠᠭ᠎ᠠ ᠶᠢ ᠪᠥᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠥᠬᠡᠶ ᠪᠠᠷ ᠴᠤᠭᠯᠠᠭᠤᠯᠬᠤ ᠰᠦᠯᠵᠢᠶ᠎ᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠭᠤᠶᠤᠴᠢᠯᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ 7 ᠳ᠋ᠤᠭᠠᠷ ᠰᠠᠷ᠎ᠠ ᠳᠤ ᠰᠢᠮᠳᠠᠭᠤᠯᠤᠨ ᠰᠢᠢᠤᠡᠪᠤᠷᠢᠯᠡᠭᠦᠯᠬᠦ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡ 7334 ᠬᠤᠪᠢ ᠴᠤᠭᠯᠠᠭᠤᠯᠤᠨ ᠰᠢᠢᠳᠪᠦᠷᠢᠯᠡᠪᠡ᠃ ᠡᠭᠦᠨ ᠤ ᠬᠠᠮᠲᠤ᠂ 12345 ᠭᠤᠶᠤᠴᠢᠯᠠᠯ ᠢ ᠬᠦᠯᠢᠶᠡᠵᠦ ᠳᠠᠷᠤᠶᠢᠬᠠᠨ ᠰᠢᠢᠳᠪᠦᠷᠢᠯᠡᠬᠦ ᠲᠥᠪ ᠨᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠯᠦᠭᠡ ᠬᠠᠮᠲᠤ ᠪᠠᠷ ︽ᠰᠦᠯᠵᠢᠶᠡᠨ ᠳᠡᠭᠡᠷᠡᠬᠢ ᠭᠤᠶᠤᠴᠢᠯᠠᠯ ᠢ ᠬᠤᠯᠪᠣᠭᠠᠯᠠᠨ ᠬᠥᠳᠡᠯᠦᠯᠴᠡᠨ ᠰᠢᠢᠳᠪᠦᠷᠢᠯᠡᠬᠦ ᠪᠠ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ︾ ᠳᠤ ᠰᠠᠭᠤᠷᠢᠯᠠᠭᠰᠠᠨ ᠬᠠᠮᠲᠤᠷᠠᠯᠴᠠᠭᠠᠨ ᠤ ᠬᠡᠪ ᠵᠠᠭᠪᠤᠷ ᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠨ ᠣᠯᠵᠤ ᠮᠡᠳᠡᠭᠰᠡᠨ ᠰᠦᠯᠵᠢᠶᠡᠨ ᠳᠡᠭᠡᠷᠡᠬᠢ ᠭᠤᠶᠤᠴᠢᠯᠠᠯ ᠢ 12345 ᠭᠤᠶᠤᠴᠢᠯᠠᠯ ᠢ ᠬᠦᠯᠢᠶᠡᠵᠦ ᠳᠠᠷᠤᠶᠢᠬᠠᠨ ᠰᠢᠢᠳᠪᠦᠷᠢᠯᠡᠬᠦ ᠲᠥᠪ ᠲᠤ ᠴᠠᠭ ᠲᠤᠬᠠᠢ ᠳᠤ ᠨᠢ ᠮᠡᠳᠡᠭᠳᠡᠵᠦ ᠠᠵᠢᠯ ᠤᠨ ᠳᠠᠩᠰᠠ ᠭᠠᠷᠭᠠᠭᠰᠠᠨ ᠤ ᠳᠠᠷᠠᠭ᠎ᠠ ᠰᠢᠢᠳᠪᠦᠷᠢᠯᠡᠭᠦᠯᠦᠨ᠎ᠡ᠃ ᠣᠲᠣ ᠪᠣᠯᠲᠠᠯ᠎ᠠ᠂ ᠳᠠᠪᠲᠠᠮᠵᠢ ᠪᠠᠷ ᠥᠨᠳᠥᠷ ᠠᠩᠬᠠᠷᠤᠯ ᠪᠣᠯᠣᠭᠰᠠᠨ ᠵᠦᠢᠯᠡᠰ ᠢ ᠥᠨᠳᠥᠷ ᠪᠦᠲᠦᠮᠵᠢᠲᠡᠶ ᠪᠠᠷ 501 ᠬᠤᠪᠢ ᠰᠢᠢᠳᠪᠦᠷᠢᠯᠡᠭᠦᠯᠪᠡ᠃ ᠬᠤᠶᠠᠷ ᠲᠤ᠂ ︽ᠭᠤᠷᠪᠠ ᠶᠢ ᠭᠡᠷ ᠲᠤ ᠨᠢ ᠭᠦᠢᠴᠡᠳᠬᠡᠬᠦ︾ ᠠᠵᠢᠯ ᠤᠨ ᠲᠣᠭᠲᠠᠴᠠ ᠶᠢ ᠪᠠᠶᠢᠭᠤᠯᠪᠠ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢ 12345 ᠭᠤᠶᠤᠴᠢᠯᠠᠯ ᠢ ᠬᠦᠯᠢᠶᠡᠵᠦ ᠳᠠᠷᠤᠶᠢᠬᠠᠨ ᠰᠢᠢᠳᠪᠦᠷᠢᠯᠡᠬᠦ ᠲᠥᠪ ᠤᠨ ᠲᠣᠮᠢᠯᠠᠨ ᠲᠠᠷᠬᠠᠭᠠᠭᠰᠠᠨ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠶᠢᠨ ᠠᠵᠢᠯ ᠤᠨ ᠳᠠᠩᠰᠠ ᠶᠢ ᠬᠤᠷᠢᠶᠠᠭᠰᠠᠨ ᠬᠤᠶᠠᠷ ᠴᠠᠭ ᠳᠣᠲᠣᠷ᠎ᠠ ︽ᠭᠤᠷᠪᠠ ᠶᠢ ᠭᠡᠷ ᠲᠤ ᠨᠢ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ︵ᠵᠦᠶ ᠵᠣᠬᠢᠰᠲᠠᠶ ᠭᠤᠶᠤᠴᠢᠯᠠᠯ ᠢ ᠬᠡᠷ ᠲᠤ ᠨᠢ ᠬᠦᠷᠴᠦ ᠰᠢᠢᠳᠪᠦᠷᠢᠯᠡᠬᠦ᠂ ᠵᠦᠶ ᠵᠣᠬᠢᠰ ᠥᠬᠡᠶ ᠭᠤᠶᠤᠴᠢᠯᠠᠯ ᠢ ᠬᠡᠷ ᠲᠤ ᠨᠢ ᠬᠦᠷᠴᠦ ᠢᠳᠬᠠᠬᠤ᠂ ᠰᠠᠨᠠᠭᠤᠯᠭ᠎ᠠ ᠰᠠᠨᠠᠯ ᠢ ᠬᠡᠷ ᠲᠤ ᠨᠢ ᠬᠦᠷᠴᠦ ᠶᠠᠷᠢᠯᠴᠠᠬᠤ︶ ᠢ ᠲᠡᠷᠡ ᠳᠠᠷᠤᠶᠢᠬᠠᠨ ᠡᠬᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠴᠢ ᠯᠤᠭ᠎ᠠ ᠨᠢᠭᠤᠷᠲᠠᠨ ᠬᠠᠷᠢᠯᠴᠠᠵᠤ ᠪᠦᠲᠦᠮᠵᠢᠲᠡᠶ ᠬᠠᠷᠢᠯᠴᠠᠭ᠎ᠠ ᠪᠠᠶᠢᠭᠤᠯᠤᠨ᠎ᠠ᠃ ᠭᠤᠷᠪᠠ ᠳᠤ᠂ ᠤᠳᠤᠷᠢᠳᠤᠯᠭ᠎ᠠ ᠨᠠᠷ ᠤᠨ ᠱᠠᠲᠤ ᠬᠤᠪᠢᠶᠠᠨ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠪᠠ᠃ ᠡᠳᠦᠷ ᠪᠣᠯᠭᠠᠨ ᠬᠤᠷᠢᠶᠠᠵᠤ ᠴᠤᠭᠯᠠᠭᠤᠯᠤᠭᠰᠠᠨ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠪᠠ ᠰᠢᠢᠳᠪᠦᠷᠢᠯᠡᠵᠦ ᠳᠠᠭᠤᠰᠬᠠᠭᠠᠳᠤᠢ ᠪᠠᠶᠢᠳᠠᠯ ᠢᠶᠠᠨ ᠬᠠᠮᠢᠶ᠎ᠠ ᠪᠦᠬᠦᠢ ᠭᠠᠵᠠᠷ ᠣᠷᠣᠨ ᠤ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠤ ᠮᠡᠳᠡᠭᠳᠡᠵᠦ᠂ ᠮᠥᠷᠳᠡᠨ ᠪᠠᠶᠢᠴᠠᠭᠠᠵᠤ ᠭᠦᠢᠴᠡᠳᠬᠡᠯᠭᠡᠨ᠎ᠡ︔ ᠭᠠᠷᠠᠭ ᠪᠣᠯᠭᠠᠨ ᠳᠤ ᠪᠥᠬᠦ ᠬᠤᠲᠠ ᠶᠢᠨ ᠰᠢᠢᠳᠪᠦᠷᠢᠯᠡᠵᠦ ᠳᠠᠭᠤᠰᠬᠠᠭᠠᠳᠤᠶ ᠭᠤᠶᠤᠴᠢᠯᠠᠯ ᠢ ᠠᠵᠢᠯ ᠤᠨ ᠬᠤᠪᠢᠶᠠᠷᠢᠯᠠᠯ ᠶᠣᠰᠣᠭᠠᠷ ᠨᠠᠷᠢᠨ ᠳᠠᠩᠰᠠ ᠵᠣᠬᠢᠶᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠤᠳᠤᠷᠢᠳᠤᠯᠭ᠎ᠠ ᠳᠤ ᠮᠡᠳᠡᠭᠦᠯᠦᠭᠡᠳ ᠲᠣᠬᠢᠷᠠᠭᠤᠯᠤᠯᠲᠠ ᠬᠢᠵᠦ᠂ ᠰᠢᠢᠳᠪᠦᠷᠢᠯᠡᠭᠦᠯᠦᠨ᠎ᠡ︔ ᠬᠠᠭᠠᠰ ᠰᠠᠷ᠎ᠠ ᠪᠣᠯᠭᠠᠨ ᠭᠦᠢᠴᠡᠳᠬᠡᠵᠦ ᠳᠠᠭᠤᠰᠬᠠᠭᠠᠳᠤᠢ ᠭᠤᠶᠤᠴᠢᠯᠠᠯ ᠢ ᠨᠢ ᠬᠤᠷᠢᠶᠠᠩᠭᠤᠶᠢᠯᠠᠵᠤ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤ ᠮᠡᠳᠡᠭᠦᠯᠦᠭᠡᠳ ᠰᠤᠳᠤᠯᠤᠨ ᠮᠠᠭᠠᠳᠯᠠᠭᠤᠯᠤᠨᠠ︔ ᠰᠠᠷ᠎ᠠ ᠪᠣᠯᠭᠠᠨ ᠲᠤᠰ ᠰᠠᠷ᠎ᠠ ᠶᠢᠨ ᠢᠶᠠᠨ ᠭᠦᠢᠴᠡᠳᠬᠡᠵᠦ ᠳᠠᠭᠤᠰᠬᠠᠭᠠᠳᠤᠢ ᠠᠵᠢᠯ ᠤᠨ ᠳᠠᠩᠰᠠ ᠶᠢᠨ ᠪᠠᠶᠢᠳᠠᠯ ᠢᠶᠠᠨ ᠬᠤᠷᠢᠶᠠᠩᠭᠤᠶᠢᠯᠠᠭᠠᠳ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠮᠡᠳᠡᠭᠦᠯᠵᠦ᠂ ︽ᠱᠠᠲᠤ ᠱᠠᠲᠤ ᠪᠠᠷ ᠬᠠᠷᠢᠭᠤᠴᠠᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ︾ ᠠᠵᠢᠯ ᠤᠨ ᠲᠥᠯᠥᠪ ᠪᠠᠶᠢᠳᠠᠯ ᠢ ᠪᠤᠢ ᠪᠣᠯᠭᠠᠨ᠎ᠠ᠃ 7 ᠳ᠋ᠤᠭᠠᠷ ᠰᠠᠷ᠎ᠠ ᠳᠤ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠪᠦᠬᠦ ᠬᠤᠳᠠ ᠪᠠᠷ ᠢᠶᠠᠨ ᠡᠯ᠎ᠡ ᠲᠦᠷᠦᠯ ᠤᠨ ᠤᠳᠠᠭᠠᠰᠢᠷᠠᠭᠤᠯᠤᠭᠠᠳ ᠰᠢᠢᠳᠪᠦᠷᠢᠯᠡᠭᠡᠳᠦᠢ ᠦᠯᠡᠳᠡᠭᠳᠡᠯ ᠠᠰᠠᠭᠤᠳᠠᠯ ᠢ ᠨᠡᠶᠢᠲᠡ 650 ᠬᠤᠪᠢ ᠰᠢᠢᠳᠪᠦᠷᠢᠯᠡᠪᠡ᠃ ︵ᠬᠥᠬᠡᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|