ᠲᠦᠩᠯᠢᠶᠣᠤ ᠬᠤᠲᠠ ᠭᠤᠷᠪᠠᠨ ᠲᠣᠮᠣ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/11

      ᠨᠢᠭᠡ ᠳᠤ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠵᠦ ᠬᠤᠷᠢᠭᠯᠠᠬᠤ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ 1672 ᠲᠦᠮᠡᠨ ᠲᠥᠭᠦᠷᠢᠭ ᠤᠨ ᠪᠡᠯᠡ ᠣᠷᠣᠭᠤᠯᠤᠨ ᠡᠮᠦᠨ᠎ᠡ ᠤᠮᠠᠷ᠎ᠠ ᠳᠠᠬᠢ ᠠᠭᠤᠯᠠᠷᠬᠠᠭ ᠣᠷᠣᠨ ᠤ 4 ᠬᠤᠰᠢᠭᠤ ᠰᠢᠶᠠᠨ ᠬᠤᠲᠠ ᠲᠣᠭᠤᠷᠢᠭ ᠤᠨ ᠣᠯᠠᠨ ᠢᠶᠠᠷ ᠢᠶᠠᠨ ᠠᠵᠢᠭᠯᠠᠨ ᠰᠢᠨᠵᠢᠵᠦ ᠣᠯᠠᠨ ᠢᠶᠠᠷ ᠢᠶᠠᠨ ᠰᠡᠷᠭᠡᠶᠢᠯᠡᠵᠦ ᠬᠤᠷᠢᠭᠯᠠᠬᠤ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠲᠥᠯᠥᠪᠯᠡᠵᠦ ᠪᠣᠢ᠂ ᠣᠳᠣᠬᠠᠨ ᠳᠤ ᠨᠢᠭᠡᠨᠲᠡ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ 14 ᠲᠥᠷᠥᠯ ᠵᠦᠢᠯ ᠳᠤ ᠠᠵᠢᠯ ᠡᠬᠢᠯᠡᠭᠦᠯᠪᠡ︔ ᠰᠠᠪᠠ ᠭᠠᠵᠠᠷ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠵᠦ ᠬᠤᠷᠢᠭᠯᠠᠨ ᠳᠠᠯᠳᠠ ᠭᠡᠮ ᠤᠳ ᠢ ᠨᠢ ᠵᠢᠭᠰᠠᠭᠠᠨ ᠪᠠᠶᠢᠴᠠᠭᠠᠬᠤ ᠪᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠳ ᠢ ᠨᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ᠵᠢᠯ ᠤᠨ ᠳᠣᠲᠣᠷ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠢ 72 ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠷ ᠲᠥᠯᠥᠪᠯᠡᠵᠦ ᠪᠠᠶᠢᠭᠰᠠᠨ ᠢᠶᠠᠨ ᠣᠳᠣ ᠨᠢᠭᠡᠨᠲᠡ ᠪᠦᠬᠦᠨ ᠢ ᠳᠠᠭᠤᠰᠬᠠᠪᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠢᠨᠵᠧᠨᠧᠷᠢᠩ ᠳᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ᠵᠢᠯ ᠤᠨ ᠳᠣᠲᠣᠷ᠎ᠠ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠢᠨᠵᠧᠨᠧᠷᠢᠩ ᠤᠨ 247 ᠬᠡᠰᠡᠭ ᠭᠠᠵᠠᠷ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠷ ᠲᠥᠯᠥᠪᠯᠡᠵᠦ ᠪᠠᠶᠢᠭᠰᠠᠨ ᠢᠶᠠᠨ ᠣᠳᠣ ᠨᠢᠭᠡᠨᠲᠡ 120 ᠶᠢ ᠨᠢ ᠳᠠᠭᠤᠰᠬᠠᠪᠠ᠃ ᠬᠤᠶᠠᠷ ᠲᠤ ᠦᠶᠡᠷ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ ᠥᠨᠥ ᠵᠢᠯ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠨ ᠬᠡᠷᠡᠭᠵᠢᠭᠦᠯᠬᠦ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 20 ᠪᠠᠶᠢᠵᠤ᠂ 6.85 ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠨᠡᠮᠡᠵᠦ ᠲᠠᠷᠬᠠᠭᠠᠭᠰᠠᠨ ᠪᠥᠭᠡᠳ ᠣᠳᠣ ᠨᠢᠭᠡᠨᠲᠡ ᠲᠥᠷᠥᠯ ᠵᠦᠢᠯ ᠤᠨ 14 ᠶᠢ ᠨᠢ ᠠᠵᠢᠯ ᠡᠬᠢᠯᠡᠭᠦᠯᠪᠡ᠃ ᠭᠤᠷᠪᠠ ᠳᠤ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ ᠥᠨᠥ ᠵᠢᠯ᠂ 3 ᠬᠤᠰᠢᠭᠤ ᠰᠢᠶᠠᠨ ᠳᠤ ᠬᠤᠯᠪᠣᠭᠳᠠᠭᠰᠠᠨ ᠠᠮᠢ ᠠᠬᠤᠶ ᠶᠢᠨ ᠴᠡᠪᠡᠷᠬᠡᠨ ᠵᠢᠵᠢᠭ ᠰᠠᠪᠠ ᠭᠠᠵᠠᠷ ᠤᠨ ᠢᠨᠵᠧᠨᠧᠷᠢᠩ ᠢ 4 ᠬᠡᠷᠡᠭᠵᠢᠭᠦᠯᠦᠭᠡᠳ᠂ ᠬᠥᠷᠥᠰᠥ ᠰᠢᠷᠣᠶ ᠶᠢᠨ ᠢᠳᠡᠭᠳᠡᠯ ᠢ ᠨᠡᠶᠢᠲᠡ 80 ᠲᠡᠭᠰᠢ ᠳᠥᠷᠪᠡᠯᠵᠢᠨ ᠺᠢᠯᠣᠮᠧᠲᠷ ᠵᠠᠰᠠᠵᠤ᠂ 4000 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠣᠳᠣᠬᠠᠨ ᠳᠤ ᠨᠢᠭᠡᠨᠲᠡ 39.54 ᠲᠡᠭᠰᠢ ᠳᠥᠷᠪᠡᠯᠵᠢᠨ ᠺᠢᠯᠣᠮᠧᠲᠷ ᠤᠨ ᠲᠠᠯᠠᠪᠠᠢ ᠭᠠᠵᠠᠷ ᠢ ᠵᠠᠰᠠᠵᠤ ᠳᠠᠭᠤᠰᠬᠠᠭᠠᠳ 1594.78 ᠲᠦᠮᠡᠨ ᠲᠥᠭᠦᠷᠢᠭ ᠤᠨ ᠪᠠᠯᠠ ᠣᠷᠣᠭᠤᠯᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ