ᠮᠠᠨ ᠤ ᠣᠷᠣᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2024/9/11

 

      ᠮᠠᠨ ᠤ ᠣᠷᠣᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ᠂ ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ ᠪᠤᠢ ᠃ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠤᠨ ᠭᠦᠢᠯᠭᠡᠭᠡᠨ ᠢ ᠰᠠᠶᠢᠵᠢᠷᠠᠭᠤᠯᠬᠤ ᠪᠠᠷ ᠭᠤᠣᠯᠳᠠᠭᠤᠯᠤᠨ ᠣᠯᠠᠨ ᠲᠠᠯ᠎ᠠ ᠶᠢᠨ ᠭᠤᠣᠯ ᠴᠣᠭᠴᠠ ᠶᠢ ᠬᠦᠲᠦᠯᠦᠨ ᠵᠢᠯᠣᠭᠤᠳᠴᠤ ᠪᠠᠶᠢᠭᠠᠳ ᠣᠷᠣᠯᠴᠠᠭᠤᠯᠵᠤ ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠰᠢᠨᠡᠳᠬᠡᠬᠦ ᠂ ᠡᠭᠡᠭᠦᠯᠦᠨ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠪᠡᠯᠡ ᠮᠥᠩᠬᠦ ᠴᠤᠭᠯᠠᠭᠤᠯᠤᠨ ᠪᠦᠲᠦᠭᠡᠨ ᠪᠠᠶᠢᠭᠤᠯᠬᠤ ᠪᠣᠯᠣᠨ᠎ᠠ ᠃ ᠡᠨᠡ ᠵᠢᠯ ᠪᠥᠬᠦ ᠣᠷᠣᠨ ᠳᠤ 16933 ᠢᠵᠢ ︵ᠲᠠᠰᠤᠯᠭ᠎ᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 12311 ᠢᠵᠢ ᠣᠷᠣᠨ ᠰᠠᠭᠤᠴᠠ ᠶᠢ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ ᠨᠢ 72.7% ᠳᠤ ᠬᠦᠷᠴᠡᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ