ᠯᠢᠦ ᠭᠦᠸᠧ ᠵᠦᠩ ᠦᠪᠦᠷ ᠮᠣᠩᠭᠤᠯ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ
ᠨᠡᠶᠢᠲᠡᠯᠡᠭᠰᠡᠨ ᠴᠠᠭ᠄
2024/9/12

 

      ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 9 ᠰᠠᠷ᠎ᠠ ᠶᠢᠨ 11 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠥᠩ 10 ᠠᠴᠠ 11 ᠤ ᠡᠳᠦᠷ ᠪᠤᠯᠲᠠᠯ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠮᠤᠷ ᠤᠨ ᠠᠮᠤ ᠪᠤᠳᠠᠭ᠎ᠠ ᠵᠡᠷᠭᠡ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠵᠤ᠂ ᠠᠵᠤ ᠦᠢᠯᠡᠰ ᠪᠣᠯᠣᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠯᠢᠦ ᠭᠦᠸᠧ ᠵᠦᠩ ᠤᠷᠢᠳ ᠬᠤᠵᠢᠳ ᠭᠦᠭᠡᠬᠤᠲᠠ ᠶᠢᠨ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ᠂ ᠰᠠᠶᠢᠬᠠᠨ ᠲᠣᠭᠤᠷᠢᠭ ᠲᠤ ᠬᠦᠷᠴᠦ᠂ ᠡᠷᠳᠡᠨᠢ ᠰᠢᠰᠢ ᠵᠡᠷᠭᠡ ᠨᠠᠮᠤᠷ ᠤᠨ ᠠᠮᠤ ᠪᠤᠳᠠᠭᠠᠨ ᠤ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠤᠳᠤ ᠪᠦᠭᠦ ᠤᠯᠤᠰ ᠤᠨ ᠥᠷᠭᠡᠨ ᠬᠡᠪᠴᠢᠶᠡᠨ ᠤ ᠨᠠᠮᠤᠷ ᠤᠨ ᠬᠤᠷᠢᠶᠠᠯᠲᠠ ᠪᠤᠯᠲᠠᠯ᠎ᠠ ᠠᠷᠠᠢ ᠨᠢᠭᠡ ᠰᠠᠷ᠎ᠠ ᠶᠢᠨ ᠬᠤᠭᠤᠴᠠᠭ᠎ᠠ ᠦᠭᠡᠢ ᠪᠠᠶᠢᠨ᠎ᠠ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠤᠨᠠᠯᠳᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠰᠡᠷᠭᠡᠶᠢᠯᠡᠨ ᠠᠷᠭᠠᠴᠠᠭᠠᠬᠤ ᠪᠠᠨ ᠴᠢᠩᠭᠠᠳᠬᠠᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠶᠢ ᠪᠠᠲᠤᠯᠠᠬᠤ ᠬᠡᠷᠡᠭᠲᠡᠢ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠲᠤᠬᠠᠢ ᠵᠠᠳᠠᠯᠤᠯᠲᠠ ᠶᠢ ᠴᠢᠩᠭᠠᠳᠬᠠᠵᠤ᠂ ᠬᠤᠳᠠᠯᠳᠤᠨ ᠠᠪᠴᠤ ᠨᠥᠭᠡᠴᠡᠯᠡᠬᠦ ᠲᠦᠷᠦ ᠶᠢᠨ ᠪᠣᠳᠣᠯᠭ᠎ᠠ ᠲᠥᠰᠥᠯ ᠢ ᠡᠷᠲᠡᠬᠡᠨ ᠰᠤᠳᠤᠯᠤᠨ ᠲᠣᠭᠲᠠᠭᠠᠵᠤ᠂ ᠤᠨᠠᠯᠳᠠ ᠶᠢ ᠨᠡᠮᠡᠭᠳᠡᠭᠦᠯᠬᠦ ᠮᠥᠷᠲᠡᠭᠡᠨ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠦᠷ᠎ᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠠᠵᠢᠯᠯᠠᠭᠠᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠵᠡᠷᠭᠡ ᠲᠡᠷᠢᠭᠦᠨ ᠤ ᠠᠷᠭ᠎ᠠ ᠪᠠᠷᠢᠯ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠪᠣᠷᠳᠣᠭᠤᠷ ᠠᠷᠪᠢᠯᠠᠬᠤ ᠪᠠ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠣᠨ᠎ᠠ᠃ ᠯᠢᠦ ᠭᠦᠸᠧ ᠵᠦᠩ ᠣᠶᠤᠨᠴᠢ ᠮᠠᠯᠵᠢᠯ ᠤᠨ ᠲᠠᠯᠠᠪᠠᠢ᠂ ᠢᠳᠡᠰᠢᠨ ᠨᠣᠭᠤᠭ᠎ᠠ᠂ ᠲᠥᠮᠥᠰᠥ ᠪᠣᠯᠣᠨ ᠬᠢᠲᠠᠳ ᠡᠪᠡᠰᠦᠨ ᠡᠮ ᠲᠠᠷᠢᠬᠤ ᠰᠠᠭᠤᠷᠢᠨ ᠵᠢᠴᠢ ᠡᠳ᠋ᠰᠢᠭᠦᠯᠬᠦ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠳᠤ ᠬᠦᠷᠴᠦ᠂ ᠰᠦ ᠶᠢᠨ ᠦᠢᠯᠡᠰ᠂ ᠢᠳᠡᠰᠢᠨ ᠨᠣᠭᠤᠭ᠎ᠠ᠂ ᠲᠡᠵᠢᠭᠡᠯ ᠡᠪᠡᠰᠦ᠂ ᠬᠢᠲᠠᠳ ᠡᠪᠡᠰᠦᠨ ᠡᠮ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠃ ᠰᠠᠭᠠᠯᠢ ᠶᠢᠨ ᠦᠨᠢᠶ᠎ᠡ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠳᠤ ᠴᠢᠭᠯᠡᠭᠦᠯᠦᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷᠳᠡᠯ ᠢ ᠰᠢᠢᠳᠪᠦᠷᠢᠯᠡᠬᠦ ᠳᠡᠮᠵᠢᠯᠭᠡ ᠪᠠᠨ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠡᠷᠦᠭᠡ ᠶᠢ ᠬᠠᠪᠰᠤᠷᠤᠨ ᠬᠦᠴᠢᠷ ᠢ ᠳᠤᠭᠤᠯᠤᠭᠤᠯᠬᠤ ᠪᠠᠷ ᠴᠢᠷᠮᠠᠶᠢᠬᠤ ᠬᠡᠷᠡᠭᠲᠡᠢ᠃ ᠰᠦ ᠶᠢᠨ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠴᠠᠭᠠᠨ ᠢᠳᠡᠭᠡᠨ ᠤ ᠶᠠᠰᠤ ᠴᠢᠨᠠᠷ ᠪᠣᠯᠣᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠪᠡᠰᠦᠨ ᠦᠷ᠎ᠡ ᠶᠢ ᠰᠤᠳᠤᠯᠤᠨ ᠨᠡᠭᠡᠭᠡᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠤᠰ ᠤᠨ ᠪᠠᠶᠢᠳᠠᠯ ᠪᠠ ᠭᠠᠵᠠᠷ ᠣᠷᠣᠨ ᠤ ᠪᠠᠶᠢᠳᠠᠯ ᠳᠤ ᠨᠡᠶᠢᠴᠡᠬᠦ ᠨᠡᠩ ᠤᠯᠠᠨ ᠰᠢᠯᠢᠳᠡᠭ ᠡᠭᠦᠯᠳᠡᠷ ᠢ ᠪᠣᠶᠢᠵᠢᠭᠤᠯᠬᠤ ᠬᠡᠷᠡᠭᠲᠡᠢ᠃ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠵᠣᠬᠢᠴᠠᠭᠤᠯᠤᠨ᠂ ᠣᠨᠴᠠᠯᠢᠭ ᠲᠠᠢ ᠤᠶᠠᠯᠳᠤᠭᠤᠯᠤᠨ ᠠᠷᠭ᠎ᠠ ᠤᠬᠠᠭᠠᠨ ᠭᠠᠷᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠢᠳᠡᠪᠬᠢᠲᠡᠢ ᠪᠠᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠪᠣᠯᠣᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ ᠬᠥᠮᠥᠨ ᠠᠮᠠ ᠶᠢ ᠪᠦᠷᠬᠦᠭᠰᠡᠨ ᠲᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠦᠭᠡᠢ ᠪᠠᠶᠢᠬᠤ ᠪᠠ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ