|
ᠮᠠᠨ ᠤ ᠣᠷᠣᠨ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ | ᠪᠣᠳᠣᠯᠭ᠎ᠠ ᠶᠢᠨ ᠦᠷ᠎ᠡ ᠪᠦᠲᠦᠮᠵᠢ ᠨᠢ ᠮᠡᠳᠡᠭᠳᠡᠮ᠎ᠡ ᠰᠠᠶᠢᠨ ᠪᠠᠶᠢᠨ᠎ᠠ |
|
|
ᠨᠡᠶᠢᠲᠡᠯᠡᠭᠰᠡᠨ ᠴᠠᠭ᠄
2024/9/12
|
|
ᠡᠨᠡ ᠵᠢᠯ ᠠᠴᠠ ᠨᠠᠭᠠᠰᠢ᠂ ᠮᠠᠨ ᠤ ᠣᠷᠣᠨ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ 1% ᠬᠦᠷᠲᠡᠯ᠎ᠡ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠪᠠ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 32 ᠳ᠋ᠦᠩᠰᠢᠭᠤᠷ ᠲᠥᠭᠦᠷᠢᠭ ᠤᠨ ᠲᠥᠷᠥ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠪᠠ᠃ ᠡᠭᠦᠨ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠤᠭᠰᠠᠨ ᠨᠢ ᠬᠥᠮᠥᠨ ᠬᠡᠷᠡᠭᠯᠡᠬᠦ ᠨᠢᠭᠡᠴᠢ ᠶᠢᠨ ᠳᠠᠷᠤᠭᠠᠰᠤ ᠶᠢ 20.04 ᠳ᠋ᠦᠩᠰᠢᠭᠤᠷ ᠲᠥᠭᠦᠷᠢᠭ ᠬᠥᠩᠭᠡᠯᠡᠵᠦ᠂ 13.5 ᠲᠦᠮᠡᠨ ᠡᠷᠦᠬᠡ ᠬᠥᠮᠥᠨ ᠬᠡᠷᠡᠭᠯᠡᠬᠦ ᠨᠢᠭᠡᠴᠢ ᠳᠤ ᠠᠰᠢᠭ ᠬᠦᠷᠲᠡᠭᠡᠪᠡ︔ ᠤᠷ᠎ᠠ ᠮᠡᠷᠭᠡᠰᠢᠯ ᠢ ᠳᠡᠭᠡᠭᠰᠢᠯᠡᠭᠦᠯᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠨᠢ ᠪᠥᠬᠦ ᠣᠷᠣᠨ ᠤ 5.03 ᠲᠦᠮᠡᠨ ᠬᠥᠮᠥᠨ ᠤᠳᠠᠭ᠎ᠠ ᠳᠤ 0.79 ᠳ᠋ᠦᠩᠰᠢᠭᠤᠷ ᠲᠥᠭᠦᠷᠢᠭ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠨᠡᠮᠡᠭᠦᠷᠢ ᠣᠯᠭᠤᠪᠠ︔ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠥᠭᠬᠦ ᠲᠥᠷᠥ ᠶᠢᠨ ᠪᠣᠳᠣᠯᠭ᠎ᠠ ᠨᠢ 2.39 ᠲᠦᠮᠡᠨ ᠡᠷᠦᠬᠡ ᠠᠵᠤ ᠠᠬᠤᠶᠢᠯᠠᠯ ᠳᠤ 4.71 ᠳ᠋ᠦᠩᠰᠢᠭᠤᠷ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠥᠭᠬᠦ ᠪᠡᠯᠡ ᠮᠥᠩᠭᠦ ᠲᠠᠷᠬᠠᠭᠠᠵᠤ᠂ 107.3 ᠲᠦᠮᠡᠨ ᠠᠵᠢᠯᠲᠠᠨ ᠠᠵᠢᠯᠴᠢᠳ ᠲᠤ ᠠᠰᠢᠭ ᠬᠦᠷᠲᠡᠭᠡᠪᠡ︔ 6.19 ᠲᠦᠮᠡᠨ ᠠᠵᠢᠯ ᠠᠯᠳᠠᠭᠰᠠᠳ ᠲᠤ 5.19 ᠳ᠋ᠦᠩᠰᠢᠭᠤᠷ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠲᠠᠷᠬᠠᠭᠠᠪᠠ︔ 23.49 ᠲᠦᠮᠡᠨ ᠬᠥᠮᠥᠨ ᠤᠳᠠᠭ᠎ᠠ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠣᠭᠰᠠᠳ ᠤᠨ 1.27 ᠳ᠋ᠦᠩᠰᠢᠭᠤᠷ ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠪᠠ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|