|
9 ᠳ᠋ᠦ᠋ᠭᠡᠷ ᠰᠠᠷ᠎ᠠ ᠶᠢᠨ 11 ᠤ ᠡᠳᠦᠷ ᠮᠠᠨ ᠤ ᠣᠷᠣᠨ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ᠬᠠᠮᠲᠤ ᠪᠠᠷ ᠬᠡᠷᠡᠭᠵᠢᠭᠦᠯᠵᠦ ᠪᠠᠶᠢᠭ᠎ᠠ | ᠬᠠᠯᠠᠭᠳᠠᠭᠰᠠᠨ ᠰᠡᠩᠰᠡᠨ ᠤ ᠳᠡᠯᠪᠢ ᠶᠢ ᠥᠨᠳᠥᠷ ᠥᠷᠲᠡᠭ ᠲᠠᠢ ᠪᠠᠷ ᠬᠤᠷᠢᠶᠠᠨ ᠠᠪᠴᠤ ᠠᠰᠢᠭᠯᠠᠬᠤ ᠵᠠᠪᠰᠠᠷ ᠤᠨ ᠲᠤᠷᠰᠢᠯᠲᠠ ᠶᠢᠨ ᠲᠥᠷᠥᠯ ᠵᠦᠢᠯ ᠤᠨ | ᠦᠢᠯᠡᠳᠬᠦᠨ ᠢ ᠦᠢᠯᠡᠳᠪᠦᠷᠢᠯᠡᠬᠦ ᠪᠠᠨ ᠪᠣᠯᠢᠪᠠ |
|
|
ᠨᠡᠶᠢᠲᠡᠯᠡᠭᠰᠡᠨ ᠴᠠᠭ᠄
2024/9/13
|
|
ᠲᠣᠰ ᠲᠥᠷᠥᠯ ᠵᠦᠢᠯ ᠪᠣᠯ ᠤᠯᠤᠰ ᠤᠨ ᠳᠣᠲᠣᠭᠠᠳᠤ ᠳᠤ ᠡᠩ ᠲᠡᠷᠢᠭᠦᠨ ᠳᠤ ᠥᠷᠨᠢᠭᠦᠯᠵᠦ ᠪᠠᠶᠢᠭ᠎ᠠ ᠬᠠᠯᠠᠭᠳᠠᠭᠰᠠᠨ ᠰᠡᠩᠰᠡᠨ ᠤ ᠳᠡᠯᠪᠢ ᠶᠢ ᠥᠨᠳᠥᠷ ᠥᠷᠲᠡᠭ ᠲᠠᠢ ᠪᠠᠷ ᠬᠤᠷᠢᠶᠠᠨ ᠠᠪᠴᠤ ᠠᠰᠢᠭᠯᠠᠬᠤ ᠵᠠᠪᠰᠠᠷ ᠤᠨ ᠲᠤᠷᠰᠢᠯᠲᠠ ᠶᠢᠨ ᠠᠵᠤ ᠦᠢᠯᠡᠰᠵᠢᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 3000 ᠲᠦᠮᠡ ᠰᠢᠬᠠᠮ ᠲᠥᠭᠦᠷᠢᠭ ᠪᠣᠯᠪᠠ᠂ ᠲᠡᠷᠡ ᠨᠢ ︽ᠳᠤᠮᠳᠠ᠂ ᠳᠣᠤᠷ᠎ᠠ ᠳᠤᠯᠠᠭᠠᠴᠠ ᠳᠤ ᠡᠵᠡᠮᠳᠡᠬᠦᠶᠢᠴᠡ ᠵᠠᠳᠠᠷᠠᠯ︾ ᠤᠨ ᠮᠡᠷᠭᠡᠵᠢᠯ ᠤᠨ ᠱᠤᠭᠤᠮ ᠢ ᠬᠡᠷᠡᠭᠯᠡᠵᠦ᠂ ᠲᠠᠪᠠᠷᠬᠠᠢ ᠶᠢᠨ ᠰᠠᠭᠤᠷᠢ ᠪᠡᠶ᠎ᠡ ᠵᠠᠳᠠᠷᠠᠨ ᠰᠢᠲᠠᠮᠠᠬᠠᠢ ᠬᠡᠢ ᠪᠣᠯᠬᠤ ᠶᠢ ᠡᠵᠡᠮᠳᠡᠵᠦ᠂ ᠴᠡᠪᠡᠷ ᠡᠨᠧᠷᠭᠢ ᠪᠣᠯᠭᠠᠨ ᠬᠤᠪᠢᠷᠠᠭᠤᠯᠬᠤ ᠶᠢᠨ ᠬᠠᠮᠲᠤ᠂ ᠭᠠᠳᠠᠷᠭᠤ ᠳᠤ ᠨᠢ ᠦᠯᠡᠳᠡᠯ ᠨᠡᠭᠦᠷᠡᠰᠦ ᠴᠥᠭᠡᠨ᠂ ᠴᠡᠪᠡᠷᠬᠡᠨ᠂ ᠥᠨᠳᠥᠷ ᠴᠢᠳᠠᠮᠵᠢᠲᠤ ᠪᠠᠲᠤᠯᠠᠬᠤ ᠨᠣᠷᠮ᠎ᠠ ᠪᠦᠬᠦᠢ ᠳᠠᠬᠢᠨ ᠡᠭᠦᠰᠬᠦᠶᠢᠴᠡ ᠰᠢᠷᠬᠡᠭ ᠪᠣᠯᠭᠠᠵᠤ᠂ ᠡᠯ᠎ᠡ ᠲᠥᠷᠥᠯ ᠤᠨ ᠥᠨᠳᠥᠷ ᠥᠷᠲᠡᠭᠲᠦ ᠳᠠᠬᠢᠯᠲᠠ ᠪᠦᠲᠦᠭᠡᠭᠳᠡᠬᠦᠨ ᠳᠤ ᠬᠡᠷᠡᠭᠯᠡᠵᠦ᠂ ᠮᠠᠲ᠋ᠧᠷᠢᠶᠠᠯ ᠢ ᠣᠷᠴᠢᠯᠳᠤᠭᠤᠯᠤᠨ ᠠᠰᠢᠭᠯᠠᠬᠤ ᠶᠢ ᠪᠡᠶᠡᠯᠡᠭᠦᠯᠦᠨ᠎ᠡ᠃ ᠣᠳᠣᠬᠠᠨ ᠳᠤ᠂ ᠲᠣᠰ ᠲᠥᠷᠥᠯ ᠵᠦᠢᠯ ᠨᠢ ᠵᠢᠯ ᠳᠤ 2000 ᠲᠣᠨ ᠬᠠᠶᠠᠭᠳᠠᠮᠠᠯ ᠬᠠᠭᠤᠴᠢᠨ ᠰᠡᠩᠰᠡᠨ ᠤ ᠳᠡᠯᠪᠢ ᠶᠢ ᠬᠤᠷᠢᠶᠠᠨ ᠠᠪᠴᠤ ᠥᠨᠳᠥᠷ ᠥᠷᠲᠡᠭᠲᠦ ᠳᠠᠬᠢᠨᠲᠠ ᠠᠰᠢᠭᠯᠠᠳᠠᠭ ᠵᠢᠱᠢᠶᠡᠴᠢᠯᠡᠬᠦ ᠱᠤᠭᠤᠮ ᠢ ᠪᠠᠶᠢᠭᠤᠯᠵᠤ᠂ ᠡᠷᠬᠢᠨ ᠲᠣᠭᠤᠷᠢᠨ ᠤ 200 ᠺᠢᠯᠣᠮᠧᠲᠷ ᠤᠨ ᠣᠷᠣᠨ ᠪᠦᠰᠡ ᠳᠠᠬᠢ ᠰᠠᠯᠬᠢᠨ ᠤ ᠲᠠᠯᠠᠪᠠᠢ ᠶᠢᠨ ᠳᠡᠯᠪᠢ ᠶᠢᠨ ᠬᠠᠯᠠᠭᠳᠠᠬᠤ ᠪᠠ ︽ᠶᠡᠭᠡ ᠪᠠᠷ ᠪᠠᠭ᠎ᠠ ᠶᠢ ᠰᠣᠯᠢᠵᠤ︾ ᠲᠠᠰ ᠳᠡᠪᠰᠢᠭᠦᠯᠦᠨ ᠬᠥᠭᠵᠢᠭᠦᠯᠬᠦ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠣᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|