ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/9/14

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

               ᠥᠪᠥᠷ ᠵᠠᠰᠠᠭ ᠠᠯᠪᠠᠨ ᠦᠰᠦᠭ 〔2024〕 43 ᠳ᠋ᠤᠭᠠᠷ ᠲᠣᠭᠠᠲᠤ

 

      ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄ 

      ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠳᠤ ᠦᠵᠡᠭᠦᠯᠬᠦ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠶᠢᠨ ᠰᠠᠭᠤᠷᠢᠯᠠᠬᠤ ᠴᠢᠨᠠᠷᠲᠠᠢ ᠂ ᠤᠳᠤᠷᠢᠳᠤᠮᠵᠢ ᠶᠢᠨ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠤᠨ ᠂ ᠲᠤᠶᠢᠯᠰᠢᠷᠠᠭᠰᠠᠨ ᠴᠠᠭ ᠠᠭᠤᠷ ᠢ ᠰᠡᠷᠭᠡᠶᠢᠯᠡᠵᠦ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ ᠃ 

      ᠨᠢᠭᠡ ᠂ ᠴᠠᠭ ᠠᠭᠤᠷ ᠢ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ 

      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠶᠢᠭᠡᠮ ᠤᠨ ᠬᠦᠴᠦᠨ ᠵᠡᠷᠭᠡ ᠡᠯ᠎ᠡ ᠬᠦᠷᠢᠶ᠎ᠡ ᠴᠠᠷᠠᠭᠠᠨ ᠳᠠᠬᠢ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠴᠠ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠨᠢᠭᠡᠴᠢ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠵᠦ ᠂ ᠳᠠᠬᠢᠵᠤ ᠪᠦᠬᠦ ᠨᠡᠶᠢᠭᠡᠮ ᠢᠶᠠᠷ ᠢᠶᠠᠨ ᠤᠷᠢᠶᠠᠯᠠᠨ ᠳᠠᠭᠠᠬᠤ ᠬᠦᠷᠲᠡᠯᠡᠬᠢ ᠲᠦᠷᠭᠡᠨ ᠤᠷᠢᠶᠠᠯᠠᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠲᠤᠶᠢᠯᠰᠢᠷᠠᠭᠰᠠᠨ ᠴᠠᠭ ᠠᠭᠤᠷ ᠢ ᠰᠡᠷᠭᠡᠶᠢᠯᠡᠨ ᠬᠤᠷᠢᠭᠯᠠᠬᠤ ᠪᠠ ᠪᠠᠴᠢᠮ ᠰᠢᠯᠵᠢᠭᠦᠯᠵᠦ ᠲᠦᠭᠰᠢᠭᠦᠷᠢ ᠠᠴᠠ ᠵᠠᠶᠢᠯᠠᠭᠤᠯᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠠᠯ᠎ᠠ ᠳᠠᠬᠢ ᠴᠠᠭ ᠠᠭᠤᠷ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠵᠠᠰᠠᠭ ᠤᠨ ᠣᠷᠳᠣᠨ ᠂ ᠰᠠᠯᠠᠭ᠎ᠠ ᠮᠥᠴᠢᠷ ᠨᠢᠭᠡᠴᠢ ᠪᠠ ᠨᠡᠶᠢᠭᠡᠮ ᠨᠡᠶᠢᠲᠡ ᠶᠢᠨ ᠬᠢᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠠᠷᠭᠠᠴᠠᠭᠠᠬᠤ ︽ᠳᠣᠬᠢᠶᠠᠨ ᠤ ᠫᠤᠤ ︾ ᠪᠣᠯᠭᠠᠵᠤ ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ 

      ᠬᠤᠶᠠᠷ ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ

      ︵ᠨᠢᠭᠡ︶ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠬᠦ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ

      ᠴᠠᠭ ᠠᠭᠤᠷ ᠤᠨ ᠰᠠᠯᠠᠭ᠎ᠠ ᠮᠥᠴᠢᠷ ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠨᠢᠭᠡᠳᠦᠯᠲᠡᠢ ᠨᠡᠶᠢᠲᠡᠯᠡᠨ᠎ᠡ ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠪᠣᠯᠬᠤ ᠦᠭᠡᠢ ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ ᠴᠠᠭ ᠠᠭᠤᠷ ᠤᠨ ᠭᠠᠮᠰᠢᠭ ᠤᠨ ᠲᠦᠷᠦᠯ ᠢᠯᠭᠠᠯ ᠂ ᠰᠡᠷᠡᠮᠵᠢᠯᠡᠭᠦᠯᠬᠦ ᠲᠡᠰ ᠢᠯᠭᠠᠯ ᠂ ᠡᠬᠢᠯᠡᠬᠦ ᠴᠠᠭ ᠂ ᠨᠥᠯᠥᠭᠡᠯᠡᠵᠦ ᠮᠡᠳᠡᠬᠦ ᠬᠡᠪᠴᠢᠶ᠎ᠡ ᠂ ᠰᠡᠷᠡᠮᠵᠢᠯᠡᠭᠦᠯᠬᠦ ᠵᠦᠢᠯᠡᠰ ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠨᠡᠶᠢᠲᠡᠯᠡᠭᠰᠡᠨ ᠪᠠᠶᠢᠭᠤᠯᠭ᠎ᠠ ᠵᠡᠷᠭᠡ ᠶᠢ ᠪᠠᠭᠲᠠᠭᠠᠵᠤ ᠂ ᠡᠩ ᠤᠨ ᠪᠠᠶᠢᠳᠠᠯ ᠳᠤ ᠲᠣᠭᠲᠠᠮᠠᠯ ᠬᠡᠯᠪᠡᠷᠢ ᠪᠠᠷ ᠨᠡᠶᠢᠲᠡᠯᠡᠨ᠎ᠡ ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠠᠷᠠᠭ᠎ᠠ ᠰᠡᠷᠡᠮᠵᠢᠯᠡᠭᠦᠯᠬᠦ ᠠᠭᠤᠯᠭ᠎ᠠ ᠶᠢ ᠨᠢ ᠬᠤᠪᠢᠷᠠᠭᠠᠬᠤ ᠴᠢᠬᠤᠯᠠᠲᠠᠢ ᠪᠠᠶᠢᠪᠠᠯ ᠂ ᠬᠤᠪᠢᠷᠠᠭᠠᠭᠰᠠᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ ᠃ 

      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠴᠠᠭ ᠠᠭᠤᠷ ᠤᠨ ᠰᠠᠯᠠᠭ᠎ᠠ ᠮᠥᠴᠢᠷ ᠄ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠵᠤ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠬᠠᠮᠵᠢᠯᠴᠠᠨ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠂ ᠭᠠᠮᠰᠢᠭ ᠲᠤ ᠬᠤᠯᠪᠣᠭᠳᠠᠭᠰᠠᠨ ᠭᠤᠣᠯ ᠪᠣᠯᠬᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠭᠤᠣᠯᠳᠠᠯᠭ᠎ᠠ ᠪᠣᠯᠬᠤ ᠨᠢᠭᠡᠴᠢ ᠳᠤ ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠤᠳᠠᠭ᠎ᠠ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ ᠲᠠᠢ ᠬᠥᠮᠥᠰ ᠢ ᠰᠢᠨ᠎ᠡ ᠪᠠᠷ ᠪᠦᠷᠢᠳᠬᠡᠨ ᠳᠠᠩᠰᠠᠯᠠᠬᠤ ᠠᠵᠢᠯ ᠢᠶᠠᠨ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ ᠂ ᠴᠠᠭ ᠠᠭᠤᠷ ᠤᠨ ᠰᠠᠯᠠᠭ᠎ᠠ ᠮᠥᠴᠢᠷ ᠠᠴᠠ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠳᠤ ᠲᠡᠮᠳᠡᠭᠯᠡᠵᠦ ᠣᠷᠣᠭᠤᠯᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠂ ᠭᠠᠮᠰᠢᠭ ᠲᠤ ᠬᠤᠯᠪᠣᠭᠳᠠᠬᠤ ᠭᠤᠣᠯ ᠪᠣᠯᠬᠤ ᠰᠠᠯᠠᠭ᠎ᠠ ᠮᠥᠴᠢᠷ ᠂ ᠭᠤᠣᠯᠳᠠᠯᠭ᠎ᠠ ᠪᠣᠯᠬᠤ ᠨᠢᠭᠡᠴᠢ ᠄ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ ᠲᠠᠢ ᠬᠥᠮᠥᠨ ᠨᠢ ᠰᠣᠯᠢᠭᠳᠠᠭᠰᠠᠨ ᠪᠠᠶᠢᠪᠠᠯ ᠂ ᠡᠯ᠎ᠡ ᠰᠠᠯᠠᠭ᠎ᠠ ᠮᠥᠴᠢᠷ ᠨᠢᠭᠡᠴᠢ ᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠴᠠᠭ ᠠᠭᠤᠷ ᠤᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤ ᠨᠢ ᠪᠦᠷᠢᠳᠬᠡᠨ ᠳᠠᠩᠰᠠᠯᠠᠭᠤᠯᠬᠤ ᠬᠡᠷᠡᠭᠲᠡᠢ ᠃ 

      ︵ᠬᠤᠶᠠᠷ︶ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠡᠶᠢᠲᠡᠯᠡᠬᠦ ᠬᠢᠭᠡᠳ ᠤᠯᠠᠮᠵᠢᠯᠠᠨ ᠳᠠᠮᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠪᠡᠯᠡᠳᠬᠡᠮᠵᠢ ᠶᠢᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠡᠯ᠎ᠡ ᠱᠠᠲᠤᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠪᠡᠶᠡᠯᠡᠭᠦᠯᠵᠦ ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠡᠶᠢᠲᠡᠯᠡᠬᠦ ᠪᠠ ᠠᠵᠢᠯᠯᠠᠭᠤᠯᠵᠤ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ ᠂ ᠥᠷᠭᠡᠨ ᠪᠦᠷᠬᠦᠭᠰᠡᠨ ᠂ ᠪᠣᠰᠤᠭ᠎ᠠ ᠴᠣᠭᠴᠠᠵᠢᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠠᠪᠴᠠᠯ ᠬᠢᠭᠡᠳ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠢᠭᠡᠳᠦᠯᠲᠡᠢ ᠨᠡᠶᠢᠲᠡᠯᠡᠬᠦ ᠪᠠ ᠨᠡᠶᠢᠭᠡᠮ ᠤᠨ ᠵᠠᠭᠤᠴᠢᠯᠠᠭᠤᠷ ᠢᠶᠠᠷ ᠥᠷᠭᠡᠨ ᠬᠡᠪᠴᠢᠶᠡᠨ ᠳᠤ ᠤᠯᠠᠮᠵᠢᠯᠠᠨ ᠳᠠᠮᠵᠢᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ︽ᠰᠠᠭᠠᠳ ᠦᠭᠡᠢ ᠨᠡᠪᠲᠡᠷᠡᠬᠦ ᠵᠠᠮ ︾ ᠢ ᠨᠠᠪᠲᠠᠷᠡᠭᠦᠯᠵᠦ ᠂ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠂ ᠴᠠᠭ ᠲᠤᠬᠠᠶᠢᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠃ 

      ᠴᠠᠭ ᠠᠭᠤᠷ ᠤᠨ ᠰᠠᠯᠠᠭ᠎ᠠ ᠮᠥᠴᠢᠷ ᠄ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠂ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ ᠲᠠᠢ ᠬᠥᠮᠥᠰ ᠲᠤ ᠬᠠᠨᠳᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ ᠃ 

      ᠷᠠᠳᠢᠣ᠋ ᠲᠧᠯᠸᠢᠰ ᠂ ᠰᠣᠶᠣᠯ ᠂ ᠰᠣᠨᠢᠨ ᠮᠡᠳᠡᠭᠡ ᠬᠡᠪᠯᠡᠯ ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠂ ᠠᠷᠠᠳ ᠤᠨ ᠶᠠᠪᠤᠳᠠᠯ ᠂ ᠲᠠᠷᠢᠶᠠᠯᠠᠩ ᠮᠠᠯ ᠠᠵᠤ ᠠᠬᠤᠢ ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠯᠤᠭ᠎ᠠ ᠬᠤᠯᠪᠣᠭᠳᠠᠭᠰᠠᠨ ᠠᠵᠢᠯ ᠤᠳ ᠢ ᠰᠠᠶᠢᠲᠤᠷ ᠬᠢᠨ᠎ᠠ ︔ ᠷᠠᠳᠢᠣ᠋ ᠨᠡᠪᠲᠡᠷᠡᠭᠦᠯᠭᠡ ᠂ ᠲᠧᠯᠸᠢᠰ ᠂ ᠰᠦᠯᠵᠢᠶ᠎ᠡ ᠵᠡᠷᠭᠡ ᠵᠠᠭᠤᠴᠢᠯᠠᠭᠤᠷ ᠵᠢᠴᠢ ᠴᠢᠮᠡᠭᠡ ᠬᠤᠯᠪᠣᠭ᠎ᠠ ᠶᠢᠨ ᠡᠵᠡᠩᠨᠡᠨ ᠠᠵᠢᠯᠯᠠᠭᠤᠯᠬᠤ ᠨᠢᠭᠡᠴᠢ ᠨᠢ ᠲᠤᠬᠠᠢ ᠶᠢᠨ ᠭᠠᠵᠠᠷ  ᠤᠨ ᠴᠠᠭ ᠠᠭᠤᠷ ᠤᠨ ᠥᠷᠲᠡᠭᠡᠨ ᠤ ᠨᠡᠶᠢᠲᠡᠯᠡᠭᠰᠡᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢ ᠭᠠᠮᠰᠢᠭ ᠲᠤ ᠨᠥᠯᠥᠭᠡᠯᠡᠭᠳᠡᠬᠦ ᠣᠷᠣᠨ ᠪᠦᠰᠡ ᠳᠤ ᠴᠠᠭ ᠲᠤᠬᠠᠢ ᠳᠤ ᠨᠢ ᠤᠯᠠᠮᠵᠢᠯᠠᠨ ᠳᠠᠮᠵᠢᠭᠤᠯᠬᠤ ᠶᠢ ᠬᠠᠷᠢᠭᠤᠴᠠᠨ᠎ᠠ ᠃ 

      ︵ᠭᠤᠷᠪᠠ︶ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠳᠤ ︽ᠪᠠᠴᠢᠮ ᠳᠠᠭᠤᠳᠠᠯᠲᠠ ︾ ᠶᠢᠨ ᠲᠣᠭᠲᠠᠴᠠ ᠶᠢ ᠴᠢᠩᠭᠠᠷᠠᠭᠤᠯᠬᠤ ᠬᠡᠷᠡᠭᠲᠡᠢ

      ᠴᠠᠭ ᠠᠭᠤᠷ ᠤᠨ ᠰᠠᠯᠠᠭ᠎ᠠ ᠮᠥᠴᠢᠷ ᠄ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ᠪᠠᠴᠢᠮ ᠳᠠᠭᠤᠳᠠᠯᠲᠠ ︾ ᠶᠢᠨ ᠦᠢᠯᠡᠴᠢᠯᠡᠭᠡᠨ ᠤ ᠪᠠᠷᠢᠮᠵᠢᠶ᠎ᠠ ᠪᠠ ᠠᠵᠢᠯ ᠤᠨ ᠴᠤᠪᠤᠷᠠᠯ ᠤᠨ ᠶᠣᠰᠣᠭᠠᠷ ᠂ ᠲᠣᠰ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠳᠤ ᠬᠠᠨᠳᠤᠭᠤᠯᠤᠭᠰᠠᠨ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ᠪᠠᠴᠢᠮ ᠳᠠᠭᠤᠳᠠᠯᠲᠠ ︾ ᠶᠢᠨ ᠠᠵᠢᠯ ᠢ ᠥᠷᠨᠢᠭᠦᠯᠬᠦ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠄ ᠴᠠᠭ ᠠᠭᠤᠷ ᠤᠨ ᠰᠠᠯᠠᠭ᠎ᠠ ᠮᠥᠴᠢᠷ ᠤᠨ ︽ᠪᠠᠴᠢᠮ ᠳᠠᠭᠤᠳᠠᠯᠲᠠ ︾ ᠶᠢᠨ ᠳᠣᠬᠢᠶ᠎ᠠ ᠶᠢ ᠣᠯᠣᠭᠰᠠᠨ ᠤ ᠲᠠᠷᠠᠭ᠎ᠠ ᠂ ᠴᠠᠭ ᠲᠤᠬᠠᠢ ᠳᠤ ᠨᠢ ᠵᠢᠯᠣᠭᠤᠳᠤᠨ ᠵᠣᠬᠢᠴᠠᠭᠤᠯᠵᠤ ᠂ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ ᠃ 

      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠄ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠵᠢᠭᠠᠪᠤᠷᠢ ᠪᠠ ᠲᠣᠬᠢᠷᠠᠭᠤᠯᠤᠯᠲᠠ ᠶᠢ ᠦᠨᠳᠦᠰᠦᠯᠡᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠳᠤ ︽ᠪᠠᠴᠢᠮ ᠳᠠᠭᠤᠳᠠᠯᠲᠠ ︾ ᠬᠢᠬᠦ ᠪᠠ ᠭᠠᠮᠰᠢᠭ ᠢ ᠰᠡᠷᠡᠮᠵᠢᠯᠡᠨ ᠰᠡᠷᠭᠡᠶᠢᠯᠡᠬᠦ ᠪᠠᠶᠢᠷᠢᠯᠠᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠬᠢᠬᠦ ᠬᠡᠷᠡᠭᠲᠡᠢ ᠃ 

      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠄ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ ᠂ ᠲᠣᠰ ᠠᠵᠢᠯ ᠲᠥᠷᠥᠯ ᠤᠨ ᠢᠶᠠᠨ ᠰᠡᠷᠭᠡᠶᠢᠯᠡᠵᠦ ᠠᠷᠭᠠᠴᠠᠭᠠᠬᠤ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ ᠃ 

      ︵ᠳᠥᠷᠪᠡ︶ ᠡᠯ᠎ᠡ ᠰᠠᠯᠠᠭ᠎ᠠ ᠮᠥᠴᠢᠷ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ

      ᠴᠠᠭ ᠠᠭᠤᠷ ᠤᠨ ᠰᠠᠯᠠᠭ᠎ᠠ ᠮᠥᠴᠢᠷ ᠠᠴᠠ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠡᠷᠠᠭ᠎ᠠ ᠂ ᠭᠠᠮᠰᠢᠭ ᠲᠤ ᠨᠥᠯᠥᠭᠡᠯᠡᠭᠳᠡᠬᠦ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠴᠢ ᠪᠠᠶᠢᠭᠤᠯᠤᠮᠵᠢ ᠨᠢ ᠲᠤᠰ ᠱᠠᠲᠤᠨ ᠤ ᠪᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠶᠣᠰᠣᠭᠠᠷ ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠣᠣᠷᠠᠬᠢ ᠠᠵᠢᠯ ᠤᠳ ᠢ ᠲᠡᠷᠡ ᠳᠠᠷᠤᠢ ᠳᠤ ᠨᠢ ᠥᠷᠨᠢᠭᠦᠯᠬᠦ ᠬᠡᠷᠡᠭᠲᠡᠢ ᠄ 

      1. ᠴᠠᠭ ᠠᠭᠤᠷ ᠤᠨ ᠭᠠᠮᠰᠢᠭ ᠤᠨ ᠨᠥᠯᠥᠭᠡ ᠵᠢᠴᠢ ᠲᠡᠭᠦᠨ ᠤ ᠬᠥᠭᠵᠢᠵᠦ ᠬᠤᠪᠢᠷᠠᠬᠤ ᠬᠠᠨᠳᠤᠰᠢ ᠳᠤ ᠵᠥᠪᠳᠡᠯᠴᠡᠵᠦ ᠰᠤᠳᠤᠯᠤᠨ ᠮᠠᠭᠠᠳᠯᠠᠬᠤ ᠠᠵᠢᠯ ᠢ ᠵᠣᠬᠢᠶᠠᠨ ᠪᠠᠶᠢᠭᠤᠯᠵᠤ ᠂ ᠪᠠᠶᠢᠳᠠᠯ ᠢ ᠨᠢ ᠠᠵᠢᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠤᠷᠢᠶᠠᠯᠠᠨ ᠳᠠᠭᠠᠬᠤ ᠠᠵᠢᠯ ᠢᠶᠠᠨ ᠡᠬᠢᠯᠡᠭᠦᠯᠦᠨ᠎ᠡ ᠃ 

      2. ᠬᠤᠷᠠᠯ ᠵᠣᠬᠢᠶᠠᠨ ᠪᠠᠶᠢᠭᠤᠯᠵᠤ ᠬᠤᠷᠠᠯᠳᠤᠭᠤᠯᠤᠨ ᠂ ᠠᠷᠭᠠᠴᠠᠭᠠᠬᠤ ᠠᠷᠭ᠎ᠠ ᠬᠡᠮᠵᠢᠶ᠎ᠡ ᠶᠢ ᠰᠤᠳᠤᠯᠵᠤ ᠂ ᠠᠵᠢᠯ ᠤᠨ ᠪᠠᠶᠢᠷᠢᠯᠠᠭᠤᠯᠤᠯᠲᠠ ᠬᠢᠨ᠎ᠡ ᠃ 

      3. ᠪᠠᠶᠢᠳᠠᠯ ᠢ ᠨᠢ ᠠᠵᠢᠵᠤ ᠪᠠᠶᠢᠭᠠᠳ ᠴᠠᠭ ᠠᠭᠤᠷ ᠤᠨ ᠭᠠᠮᠰᠢᠭ ᠲᠤ ᠨᠥᠯᠥᠭᠡᠯᠡᠭᠳᠡᠬᠦ ᠭᠤᠣᠯᠳᠠᠯᠭ᠎ᠠ ᠪᠣᠯᠬᠤ ᠣᠷᠣᠨ ᠪᠦᠰᠡ ᠲᠡᠶᠢᠰᠢ ᠠᠵᠢᠯᠯᠠᠬᠤ ᠳᠤᠭᠤᠶᠢᠯᠠᠩ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠤᠶᠤ ᠮᠡᠷᠭᠡᠵᠢᠯ ᠤᠨ ᠠᠵᠢᠯᠲᠠᠨ ᠲᠣᠮᠢᠯᠠᠵᠤ ᠂ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠢᠭᠠᠨ ᠵᠢᠯᠣᠭᠤᠳᠤᠭᠤᠯᠤᠨ᠎ᠠ ᠃ 

      4. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠂ ᠣᠨᠴᠠᠭᠠᠢ ᠡᠭᠦᠷᠭᠡ ᠬᠠᠷᠢᠭᠤᠴᠠᠯᠭ᠎ᠠ ᠲᠠᠢ ᠬᠥᠮᠥᠰ ᠢ ᠵᠢᠵᠢᠭᠦᠷᠯᠡᠨ ᠰᠠᠬᠢᠬᠤ ᠵᠠᠷᠯᠢᠭ ᠬᠦᠯᠢᠶᠡᠬᠦ ᠪᠠᠶᠢᠳᠠᠯ ᠳᠤ ᠪᠠᠶᠢᠯᠭᠠᠬᠤ ᠪᠠᠷ ᠵᠠᠷᠯᠢᠭᠳᠠᠬᠤ ᠶᠢᠨ ᠬᠠᠮᠲᠤ ᠂ ᠪᠡᠯᠡᠳᠬᠡᠯ ᠬᠥᠮᠥᠰ ᠲᠤ ᠳᠠᠶᠢᠴᠢᠯᠠᠯᠲᠠ ᠬᠢᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠨ ᠲᠣᠬᠢᠷᠠᠭᠤᠯᠬᠤ ᠠᠵᠢᠯ ᠳᠤ ᠣᠷᠣᠯᠴᠠᠬᠤ ᠪᠡᠯᠡᠳᠬᠡᠯ ᠢ ᠨᠢ ᠰᠠᠶᠢᠲᠤᠷ ᠬᠢᠯᠭᠡᠨ᠎ᠡ ᠃ 

      5. ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠳᠤ ᠬᠡᠷᠡᠭᠰᠡᠬᠦ ᠡᠳ᠋ ᠪᠠᠷᠠᠭ᠎ᠠ ᠂ ᠲᠥᠬᠦᠭᠡᠷᠦᠮᠵᠢ ᠂ ᠪᠠᠭᠠᠵᠢ ᠬᠡᠷᠡᠭᠰᠡᠯ ᠤᠳ ᠢ ᠲᠣᠬᠢᠷᠠᠭᠤᠯᠤᠨ ᠴᠤᠭᠯᠠᠭᠤᠯᠵᠤ ᠂ ᠭᠠᠮᠰᠢᠭ ᠲᠤ ᠨᠥᠯᠥᠭᠡᠯᠡᠭᠳᠡᠬᠦ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠮᠵᠢ ᠪᠠ ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠡᠬᠢᠯᠡᠨ ᠬᠡᠷᠡᠭᠯᠡᠬᠦ ᠪᠡᠯᠡᠳᠬᠡᠯ ᠢᠶᠠᠨ ᠰᠠᠶᠢᠲᠤᠷ ᠬᠢᠵᠦ ᠂ ᠲᠡᠳᠡᠭᠡᠷ ᠤᠨ ᠴᠢᠳᠠᠮᠵᠢ ᠰᠠᠶᠢᠲᠠᠢ ᠪᠦᠷᠢᠨ ᠲᠥᠬᠦᠷ ᠪᠠᠶᠢᠵᠤ ᠂ ᠴᠠᠭ ᠢᠮᠠᠭᠲᠠ ᠬᠡᠪ ᠤᠨ ᠶᠣᠰᠣᠭᠠᠷ ᠬᠡᠷᠡᠭᠯᠡᠵᠦ ᠪᠣᠯᠬᠤ ᠶᠢ ᠨᠢ ᠦᠨᠡᠨ ᠬᠦ ᠪᠠᠲᠤᠯᠠᠨ᠎ᠠ ᠃ 

       6. ᠢᠳᠡᠭᠡᠨ ᠤᠮᠳᠠᠭᠠᠨ ᠂ ᠤᠤᠭᠤᠬᠤ ᠤᠰᠤ ᠂ ᠬᠤᠪᠴᠠᠰᠤ ᠬᠤᠨᠠᠷ ᠬᠥᠨᠵᠢᠯᠡ ᠳᠡᠪᠢᠰᠬᠡᠷ ᠂ ᠮᠠᠶᠢᠬᠠᠨ ᠵᠡᠷᠭᠡ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠴᠤᠭᠯᠠᠭᠤᠯᠬᠤ ᠪᠠ ᠬᠡᠷᠡᠭᠯᠡᠬᠦ ᠪᠡᠯᠡᠳᠬᠡᠯ ᠢ ᠰᠠᠶᠢᠲᠤᠷ ᠬᠢᠵᠦ ᠂ ᠰᠢᠯᠵᠢᠭᠦᠯᠦᠨ ᠵᠠᠶᠢᠯᠠᠭᠰᠠᠳ ᠤᠨ ᠦᠨᠳᠦᠰᠦᠨ ᠠᠮᠢᠳᠤᠷᠠᠯ ᠢ ᠨᠢ ᠪᠠᠲᠤᠯᠠᠨ᠎ᠠ ᠃ 

      7. ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭ᠎ᠠ ᠂ ᠴᠢᠮᠡᠭᠡ ᠬᠤᠯᠪᠣᠭ᠎ᠠ ᠂ ᠤᠰᠤ ᠬᠠᠩᠭᠠᠬᠤ ᠂ ᠤᠰᠤ ᠵᠠᠯᠠᠬᠤ ᠂ ᠴᠠᠬᠢᠯᠭᠠᠨ ᠬᠠᠩᠭᠠᠬᠤ ᠂ ᠬᠡᠢ ᠬᠠᠩᠭᠠᠬᠤ ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢᠨ ᠠᠮᠤᠷ ᠲᠦᠪᠰᠢᠨ ᠪᠠ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠨ᠎ᠠ ᠃ 

      8. ᠣᠨᠴᠠᠭᠠᠢ ᠠᠷᠭ᠎ᠠ ᠬᠡᠮᠵᠢᠶ᠎ᠡ ᠠᠪᠴᠤ ᠬᠥᠨᠥᠭᠡᠯ ᠬᠤᠬᠢᠷᠠᠯ ᠠᠴᠠ ᠵᠠᠶᠢᠯᠠᠭᠤᠯᠬᠤ ᠪᠤᠶᠤ ᠬᠥᠨᠥᠭᠡᠯ ᠬᠤᠬᠢᠷᠠᠯ ᠢ ᠪᠠᠭᠠᠰᠬᠠᠬᠤ ᠲᠤᠬᠠᠢ ᠰᠠᠨᠠᠭᠤᠯᠭ᠎ᠠ ᠂ ᠢᠳᠬᠠᠯ ᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠨ᠎ᠡ ᠃ 

      9. ᠭᠤᠣᠯᠳᠠᠯᠭ᠎ᠠ ᠪᠣᠯᠬᠤ ᠨᠢᠭᠡᠴᠢ ᠂ ᠴᠢᠬᠤᠯᠠ ᠣᠷᠣᠨ ᠪᠠᠶᠢᠷᠢ ᠪᠠ ᠴᠢᠬᠤᠯᠠ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ ᠂ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠨ᠎ᠠ ᠃ 

      10. ᠰᠡᠷᠡᠮᠵᠢᠯᠡᠭᠦᠯᠬᠦ ᠮᠡᠳᠡᠭᠡ ᠵᠠᠩᠭᠢ ᠶᠢ ᠠᠶᠤᠯ ᠲᠠᠢ ᠣᠷᠣᠨ ᠪᠦᠰᠡ ᠳᠠᠬᠢ ᠬᠥᠮᠥᠰ ᠲᠤ ᠴᠠᠭ ᠲᠤᠬᠠᠢ ᠳᠤ ᠨᠢ ᠮᠡᠳᠡᠭᠳᠡᠵᠦ ᠂ ᠲᠣᠭᠲᠠᠭᠠᠯ ᠶᠣᠰᠣᠭᠠᠷ ᠬᠥᠮᠥᠰ ᠢ ᠵᠣᠬᠢᠶᠠᠨ ᠪᠠᠶᠢᠭᠤᠯᠵᠤ ᠰᠢᠯᠵᠢᠭᠦᠯᠦᠨ ᠵᠠᠶᠢᠯᠠᠭᠤᠯᠤᠨ᠎ᠠ ᠃ 

      11. ᠣᠯᠠᠨ ᠨᠡᠶᠢᠲᠡ ᠳᠤ ᠬᠤᠯᠪᠣᠭᠳᠠᠬᠤ ᠭᠠᠢ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠡᠳᠡᠭᠡᠯᠡᠯ ᠳᠤ ᠬᠠᠮᠢᠶᠠᠷᠤᠯᠲᠠ ᠪᠠᠨ ᠴᠢᠩᠭᠠᠳᠬᠠᠨ᠎ᠠ ᠃ 

      12. ᠴᠢᠬᠤᠯᠠ ᠲᠠᠢ ᠦᠶ᠎ᠡ ᠳᠤ ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠲᠤᠰᠠᠯᠠᠮᠵᠢ ᠭᠤᠶᠤᠴᠢᠯᠠᠵᠤ ᠂ ᠭᠠᠮᠰᠢᠭ ᠤᠨ ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ᠎ᠡ ︵ᠨᠡᠪᠲᠡᠷᠡᠭᠦᠯᠦᠨ ᠮᠡᠳᠡᠭᠡᠯᠡᠨ᠎ᠡ ︶ ᠃ 

      ︵ᠲᠠᠪᠤ︶ ᠬᠦᠨᠳᠦ ᠶᠡᠭᠡ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠬᠢᠴᠢᠶᠡᠯᠯᠡᠬᠦ ᠶᠢ ᠵᠣᠭᠰᠤᠭᠠᠬᠤ ᠂ ᠠᠵᠢᠯᠯᠠᠬᠤ ᠶᠢ ᠵᠣᠭᠰᠤᠭᠠᠬᠤ ᠂ ᠲᠡᠭᠡᠭᠡᠪᠦᠷᠢᠯᠡᠬᠦ ᠶᠢ ᠵᠣᠭᠰᠤᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ

      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠰ ᠵᠡᠷᠭᠡ ᠂ ᠨᠥᠯᠥᠭᠡᠯᠡᠬᠦ ᠣᠷᠣᠨ ᠪᠦᠰᠡ ᠵᠢᠴᠢ ᠴᠠᠭ ᠬᠤᠭᠤᠴᠠᠭ᠎ᠠ ᠶᠢ ᠦᠨᠳᠦᠰᠦᠯᠡᠨ ᠂ ᠶᠡᠷᠦᠩᠬᠡᠶᠢᠯᠡᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ ᠂ ᠴᠢᠬᠤᠯᠠ ᠲᠠᠢ ᠦᠶ᠎ᠡ ᠳᠤ ᠬᠢᠴᠢᠶᠡᠯᠯᠡᠬᠦ ᠶᠢ ᠵᠣᠭᠰᠤᠭᠠᠬᠤ ᠂ ᠠᠵᠢᠯᠯᠠᠬᠤ ᠶᠢ ᠵᠣᠭᠰᠤᠭᠠᠬᠤ ᠂ ᠲᠡᠭᠡᠭᠡᠪᠦᠷᠢᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠢ ᠠᠪᠬᠤ ᠬᠡᠷᠡᠭᠲᠡᠢ ᠃ 

      1. ᠬᠢᠴᠢᠶᠡᠯᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠃ 

      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠄ ᠲᠤᠬᠠᠢ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠰᠤᠷᠤᠭᠴᠢᠳ ᠤᠨ ᠰᠤᠷᠭᠠᠭᠤᠯᠢ ᠳᠤ ᠪᠠᠨ ᠣᠴᠢᠬᠤ ᠂ ᠰᠤᠷᠭᠠᠭᠤᠯᠢ ᠠᠴᠠ ᠪᠠᠨ ᠬᠠᠷᠢᠬᠤ ᠶᠢ ᠠᠮᠢᠳᠤᠯᠢᠭ ᠳᠣᠭᠢᠷᠠᠭᠤᠯᠤᠨ᠎ᠠ ︔ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠢᠴᠢᠶᠡᠯᠯᠡᠬᠦ ᠶᠢ ᠵᠣᠭᠰᠤᠭᠠᠬᠤ ᠠᠵᠢᠯ ᠤᠨ ᠵᠢᠯᠣᠭᠤᠳᠤᠮᠵᠢ ᠪᠠᠶᠢᠭᠤᠯᠬᠤ ᠶᠢᠨ ᠬᠠᠮᠲᠤ ᠂ ᠲᠣᠰ ᠠᠵᠢᠯ ᠲᠥᠷᠥᠯ ᠪᠤᠶᠤ ᠲᠣᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠣᠷᠣᠭᠤᠯᠬᠤ ᠬᠡᠷᠡᠭᠲᠡᠢ ᠃ 

      ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠄ ᠪᠠᠴᠢᠮ ᠪᠠᠶᠢᠳᠠᠯ ᠲᠠᠢ ᠦᠶ᠎ᠡ ᠳᠤ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠪᠠ ᠶᠡᠭᠡ ᠳᠡᠭᠡᠳᠦ ᠰᠤᠷᠭᠠᠭᠤᠯᠢ ᠳᠤ ᠬᠢᠴᠢᠶᠡᠯᠯᠡᠬᠦ ᠶᠢ ᠨᠢ ᠵᠣᠭᠰᠤᠭᠠᠬᠤ ᠠᠷᠭ᠎ᠠ ᠬᠡᠮᠵᠢᠶ᠎ᠡ ᠶᠢ ᠡᠬᠢᠯᠡᠭᠦᠯᠬᠦ ᠳᠤ ᠪᠠᠨ ᠂ ᠰᠠᠭᠠᠲᠠᠵᠤ ᠦᠯᠡᠳᠡᠭᠰᠡᠨ ᠬᠥᠮᠥᠰ ᠢᠶᠠᠨ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠬᠢᠴᠢᠶᠡᠯᠯᠡᠬᠦ ᠶᠢ ᠵᠣᠭᠰᠤᠭᠠᠬᠤ ᠠᠷᠭ᠎ᠠ ᠬᠡᠮᠵᠢᠶᠡᠨ ᠤ ᠪᠣᠳᠠᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ 

      2. ᠠᠵᠢᠯᠯᠠᠬᠤ ᠶᠢ ᠵᠣᠭᠰᠤᠭᠠᠬᠤ ᠠᠷᠭ᠎ᠠ ᠬᠡᠮᠵᠢᠶ᠎ᠡ ᠃ 

      ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄ ᠲᠤᠬᠠᠢ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠴᠠᠭ ᠠᠭᠤᠷ ᠤᠨ ᠭᠠᠮᠰᠢᠭ ᠤᠨ ᠲᠥᠷᠥᠯ ᠬᠡᠯᠪᠡᠷᠢ ᠶᠢ ᠦᠨᠳᠦᠰᠦᠯᠡᠨ ᠂ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠯᠪᠣᠭᠳᠠᠯ ᠪᠦᠬᠦᠢ ᠠᠵᠤ ᠠᠬᠤᠶᠢᠯᠠᠯ ᠤᠨ ᠳᠠᠷᠤᠶᠢᠬᠠᠨ ᠠᠵᠢᠯᠯᠠᠬᠤ ᠪᠠᠨ ᠵᠣᠭᠰᠤᠭᠠᠬᠤ ᠶᠢ ᠨᠢ ᠬᠢᠨᠠᠨ ᠵᠢᠯᠣᠭᠤᠳᠤᠨ᠎ᠠ ︔ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠵᠢᠯᠯᠠᠬᠤ ᠶᠢ ᠵᠣᠭᠰᠤᠭᠠᠬᠤ ᠠᠵᠢᠯ ᠤᠨ ᠵᠢᠯᠣᠭᠤᠳᠤᠮᠵᠢ ᠪᠠᠶᠢᠭᠤᠯᠬᠤ ᠶᠢᠨ ᠬᠠᠮᠲᠤ ᠂ ᠲᠣᠰ ᠠᠵᠢᠯ ᠲᠥᠷᠥᠯ ᠪᠤᠶᠤ ᠲᠣᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠣᠷᠣᠭᠤᠯᠬᠤ ᠬᠡᠷᠡᠭᠲᠡᠢ ᠃ 

      ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄ ᠪᠠᠴᠢᠮ ᠪᠠᠶᠢᠳᠠᠯ ᠲᠠᠢ ᠦᠶ᠎ᠡ ᠳᠤ ᠠᠵᠤ ᠠᠬᠤᠶᠢᠯᠠᠯ ᠳᠤ ᠠᠵᠢᠯᠯᠠᠬᠤ ᠶᠢ ᠨᠢ ᠵᠣᠭᠰᠤᠭᠠᠬᠤ ᠠᠷᠭ᠎ᠠ ᠬᠡᠮᠵᠢᠶ᠎ᠡ ᠶᠢ ᠡᠬᠢᠯᠡᠭᠦᠯᠬᠦ ᠳᠤ ᠪᠠᠨ ᠂ ᠰᠠᠭᠠᠲᠠᠵᠤ ᠦᠯᠡᠳᠡᠭᠰᠡᠨ ᠬᠥᠮᠥᠰ ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠠᠵᠢᠯᠯᠠᠬᠤ ᠶᠢ ᠵᠣᠭᠰᠤᠭᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ 

      3. ᠲᠡᠭᠡᠭᠡᠪᠦᠷᠢᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠃ 

      ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄ ᠲᠤᠬᠠᠢ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠲᠡᠮᠦᠷ ᠵᠠᠮ ᠂ ᠵᠠᠰᠠᠮᠠᠯ ᠵᠠᠮ ᠂ ᠠᠭᠠᠷ ᠠᠶᠠᠯᠠᠯ ᠵᠡᠷᠭᠡ ᠶᠢᠨ ᠲᠡᠭᠡᠭᠡᠪᠦᠷᠢᠯᠡᠬᠦ ᠶᠢ ᠨᠢ ᠵᠣᠭᠰᠤᠭᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ 

      ᠲᠡᠮᠦᠷ ᠵᠠᠮ ᠂ ᠠᠷᠠᠳ ᠤᠨ ᠠᠭᠠᠷ ᠤᠨ ᠲᠡᠭᠡᠭᠡᠪᠦᠷᠢ ᠂ ᠵᠠᠰᠠᠮᠠᠯ ᠵᠠᠮ ᠂ ᠤᠰᠤᠨ ᠵᠠᠮ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠄ ᠵᠠᠮ ᠬᠠᠷᠢᠯᠴᠠᠭ᠎ᠠ ᠲᠡᠭᠡᠭᠡᠪᠦᠷᠢ ᠶᠢ ᠵᠣᠭᠰᠤᠭᠠᠬᠤ ᠠᠵᠢᠯ ᠤᠨ ᠵᠢᠯᠣᠭᠤᠳᠤᠮᠵᠢ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠂ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠣᠷᠣᠭᠤᠯᠤᠨ᠎ᠠ ︔ ᠠᠭᠠᠷ ᠤᠨ ᠲᠡᠭᠡᠭᠡᠪᠦᠷᠢ ᠶᠢᠨ ᠲᠡᠭᠡᠭᠡᠪᠦᠷᠢᠯᠡᠬᠦ ᠶᠢ ᠵᠣᠭᠰᠤᠭᠠᠬᠤ ᠠᠵᠢᠯ ᠢ ᠪᠣᠯ ᠠᠷᠠᠳ ᠤᠨ ᠠᠭᠠᠷ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠢ ᠰᠢᠮᠳᠠᠭᠤᠯᠤᠨ ᠵᠣᠬᠢᠴᠠᠭᠤᠯᠵᠤ ᠪᠠᠶᠢᠭᠠᠳ ᠨᠠᠶᠢᠳᠠᠪᠤᠷᠢᠵᠢᠭᠤᠯᠬᠤ ᠶᠢ ᠨᠢ ᠬᠠᠷᠢᠭᠤᠴᠠᠨ᠎ᠠ ᠃ 

      ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄ ᠲᠡᠭᠡᠭᠡᠪᠦᠷᠢᠯᠡᠬᠦ ᠶᠢ ᠨᠢ ᠵᠣᠭᠰᠤᠭᠠᠬᠤ ᠠᠷᠭ᠎ᠠ ᠬᠡᠮᠵᠢᠶ᠎ᠡ ᠪᠠᠨ ᠡᠬᠢᠯᠡᠭᠦᠯᠬᠦ ᠳᠤ ᠪᠠᠨ ᠂ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠡᠯ᠎ᠡ ᠲᠥᠷᠥᠯ ᠤᠨ ᠭᠤᠣᠯ ᠴᠣᠭᠴᠠ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠴᠠᠭ ᠲᠤᠬᠠᠢ ᠳᠤ ᠨᠢ ᠨᠠᠶᠢᠳᠠᠪᠤᠷᠢᠵᠢᠭᠤᠯᠵᠤ ᠂ ᠰᠠᠭᠠᠲᠠᠵᠤ ᠦᠯᠡᠳᠡᠭᠰᠡᠨ ᠬᠥᠮᠥᠰ ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠲᠡᠭᠡᠭᠡᠪᠦᠷᠢᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ 

      ᠤᠰᠤ ᠬᠠᠩᠭᠠᠬᠤ ᠂ ᠴᠠᠬᠢᠯᠭᠠᠨ ᠬᠠᠩᠭᠠᠬᠤ ᠂ ᠬᠡᠢ ᠬᠠᠩᠭᠠᠬᠤ ᠂ ᠴᠢᠮᠡᠭᠡ ᠬᠤᠯᠪᠣᠭ᠎ᠠ ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠪᠠ ᠠᠶᠤᠯ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠬᠤ ᠨᠢᠭᠡᠴᠢ  ᠨᠦᠭᠦᠳ ᠨᠢ ᠬᠢᠴᠢᠶᠡᠯᠯᠡᠬᠦ ᠶᠢ ᠵᠣᠭᠰᠤᠭᠠᠬᠤ ᠂ ᠠᠵᠢᠯᠯᠠᠬᠤ ᠶᠢ ᠵᠣᠭᠰᠤᠭᠠᠬᠤ ᠂ ᠲᠡᠭᠡᠭᠡᠪᠦᠷᠢᠯᠡᠬᠦ ᠶᠢ ᠵᠣᠭᠰᠤᠭᠠᠬᠤ ᠬᠡᠪᠴᠢᠶᠡᠨ ᠳᠤ ᠪᠠᠭᠲᠠᠬᠤ ᠦᠭᠡᠢ ᠃ 

      ︵ᠵᠢᠷᠭᠤᠭ᠎ᠠ︶ ᠲᠤᠶᠢᠯ ᠤᠨ ᠳᠣᠭᠰᠢᠨ ᠠᠵᠢᠷᠭᠠᠨ ᠪᠣᠷᠣᠭᠠᠨ ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠷᠠᠭᠤᠯᠬᠤ ᠬᠡᠷᠡᠭᠲᠡᠢ

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠄ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ ᠂ ᠲᠤᠶᠢᠯ ᠤᠨ ᠳᠣᠭᠰᠢᠨ ᠠᠵᠢᠷᠭᠠᠨ ᠪᠣᠷᠣᠭᠠᠨ ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ ᠢ ᠠᠷᠭᠠᠴᠠᠭᠠᠬᠤ ᠳᠤ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠵᠢᠴᠢ ᠤᠷᠢᠶᠠᠯᠠᠨ ᠳᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠵᠣᠬᠢᠬᠤ ᠰᠡᠷᠭᠡᠶᠢᠯᠡᠵᠦ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠴᠢᠩᠭᠠᠳᠬᠠᠵᠤ ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠶᠢᠭᠡᠮ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠂ ᠥᠪᠡᠷ ᠢ ᠪᠠᠨ ᠠᠪᠤᠷᠠᠬᠤ ᠪᠠ ᠥᠷᠥᠭᠡᠯ ᠪᠤᠰᠤᠳ ᠤᠨ ᠬᠤᠭᠤᠷᠣᠨᠳᠤ ᠪᠠᠨ ᠲᠤᠰᠠᠯᠠᠨ ᠠᠪᠤᠷᠠᠬᠤ ᠵᠣᠬᠢᠴᠠᠩᠭᠤᠢ ᠠᠷᠭ᠎ᠠ ᠬᠡᠮᠵᠢᠶ᠎ᠡ ᠶᠢ ᠠᠪᠴᠤ ᠬᠡᠷᠡᠭᠯᠡᠬᠦ ᠬᠡᠷᠡᠭᠲᠡᠢ ᠃ 

      ᠴᠠᠭ ᠠᠭᠤᠷ ᠤᠨ ᠰᠠᠯᠠᠭ᠎ᠠ ᠮᠥᠴᠢᠷ ᠄ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠬᠢᠨ ᠳᠠᠪᠰᠢᠬᠤ ᠮᠠᠶ᠋ᠢᠭ ᠤᠨ ᠦᠢᠯᠡᠴᠢᠯᠡᠭᠡ ᠶᠢ ᠥᠷᠨᠢᠭᠦᠯᠵᠦ ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ ᠂ ᠤᠷᠢᠳᠴᠢᠯᠠᠭᠤᠯᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠴᠠᠭ ᠠᠭᠤᠷ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠨ ᠪᠠᠶᠢᠵᠤ ᠨᠡᠶᠢᠲᠡᠯᠡᠭᠰᠡᠨ ᠠᠵᠢᠷᠭᠠᠨ ᠪᠣᠷᠣᠭᠠᠨ ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ ᠢ ᠰᠡᠷᠡᠮᠵᠢᠯᠡᠭᠦᠯᠬᠦ ᠮᠡᠳᠡᠭᠡ ᠵᠠᠩᠭᠢ ᠳᠤ ᠪᠠᠨ ᠴᠠᠭ ᠲᠤᠬᠠᠢ ᠳᠤ ᠨᠢ ᠲᠣᠬᠢᠷᠠᠭᠤᠯᠤᠯᠲᠠ ᠬᠢᠵᠦ ᠂ ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ ᠃ 

      1. ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠬᠦ ᠪᠡᠯᠡᠳᠬᠡᠯ ᠱᠠᠲᠤ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠨᠢᠭᠡᠴᠢ ᠨᠦᠭᠦᠳ ᠴᠠᠭ ᠠᠭᠤᠷ  ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠤ ᠲᠠᠷᠠᠭ᠎ᠠ ᠂ ᠴᠠᠭ ᠠᠭᠤᠷ ᠤᠨ ᠭᠠᠮᠰᠢᠭ ᠲᠣᠬᠢᠶᠠᠯᠳᠤᠭᠰᠠᠨ ᠣᠷᠣᠨ ᠬᠢᠭᠡᠳ ᠭᠠᠮᠰᠢᠭ ᠤᠨ ᠬᠦᠴᠦᠯᠡᠴᠡ ᠶᠢ ᠦᠨᠳᠦᠰᠦᠯᠡᠨ ᠂ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ ᠬᠠᠮᠲᠤ ᠪᠠᠷ ᠰᠤᠳᠤᠯᠤᠨ ᠮᠠᠭᠠᠳᠯᠠᠵᠤ ᠂ ᠲᠠᠯᠳᠠ ᠭᠡᠮ ᠢ ᠨᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠦᠨ ᠂ ᠭᠠᠮᠰᠢᠭᠲᠤ ᠲᠦᠭᠰᠢᠭᠦᠷᠢᠲᠡᠢ ᠣᠷᠣᠨ ᠢ ᠴᠠᠭ ᠲᠤᠬᠠᠢ ᠳᠤ ᠨᠢ ᠬᠢᠨᠠᠨ ᠰᠢᠨᠵᠢᠬᠦ ᠪᠠᠨ ᠴᠢᠩᠭᠠᠳᠬᠠᠬᠤ ᠶᠢᠨ ᠬᠠᠮᠲᠤ ᠂ ᠴᠠᠭ ᠠᠭᠤᠷ ᠤᠨ ᠬᠤᠪᠢᠷᠠᠯᠲᠠ ᠪᠠ ᠬᠤᠷ᠎ᠠ ᠲᠤᠨᠤᠳᠠᠰᠤᠨ ᠤ ᠪᠠᠶᠢᠳᠠᠯ ᠢ ᠮᠥᠷᠳᠡᠨ ᠡᠵᠡᠮᠰᠢᠵᠦ ᠂ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠲᠠᠭᠠᠬᠤ ᠠᠵᠢᠯ ᠥᠷᠨᠢᠭᠦᠯᠬᠦ ᠪᠥᠬᠦ ᠲᠠᠯ᠎ᠠ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠃ 

      2. ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠬᠦ ᠱᠠᠲᠤ ᠃ ᠬᠤᠰᠢᠭᠤ ᠰᠢᠶᠠᠨ  ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠨᠢᠭᠡᠴᠢ ᠨᠢ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠠᠵᠢᠷᠭᠠᠨ ᠪᠣᠷᠣᠭᠠᠨ ᠪᠠ ᠬᠦᠴᠦᠲᠡᠢ ᠰᠣᠯᠢᠭ ᠤᠷᠤᠰᠬᠠᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠤ ᠲᠠᠷᠠᠭ᠎ᠠ ᠂ ᠰᠡᠷᠡᠮᠵᠢᠯᠡᠭᠦᠯᠦᠭᠰᠡᠨ ᠮᠡᠳᠡᠭᠡ ᠵᠠᠩᠭᠢ ᠪᠠᠷ ᠪᠠᠴᠢᠮ ᠪᠠᠶᠢᠳᠠᠯ ᠢ ᠠᠷᠭᠠᠴᠠᠭᠠᠵᠤ ᠤᠷᠢᠶᠠᠯᠠᠨ ᠲᠠᠭᠠᠬᠤ ᠶᠢ ᠡᠬᠢᠯᠡᠭᠦᠯᠬᠦ ᠨᠥᠬᠦᠴᠡᠯ ᠪᠣᠯᠭᠠᠵᠤ ᠂ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠵᠤ ᠂ ᠰᠤᠳᠤᠯᠤᠨ ᠮᠠᠭᠠᠳᠯᠠᠭᠰᠠᠨ ᠳ᠋ᠦᠩ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠲᠠᠭᠠᠬᠤ ᠪᠠᠶᠢᠳᠠᠯ ᠲᠠᠢ ᠪᠠᠶᠢᠬᠤ ᠡᠰᠡᠬᠦ  ᠪᠠᠨ ᠲᠣᠭᠲᠠᠭᠠᠬᠤ ᠬᠡᠷᠡᠭᠲᠡᠢ ᠃ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠦᠭᠰᠡᠨ ᠤ ᠳᠠᠷᠠᠭ᠎ᠠ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠ ᠨᠥᠯᠥᠭᠡᠯᠡᠭᠳᠡᠬᠦ ᠭᠠᠵᠠᠷ ᠣᠷᠣᠨ ᠢ ᠵᠢᠯᠣᠭᠤᠳᠤᠨ ᠲᠣᠬᠢᠷᠠᠭᠤᠯᠵᠤ ᠪᠠᠶᠢᠭᠠᠳ ᠰᠡᠷᠭᠡᠶᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠯᠭᠡᠨ᠎ᠡ ︔ ᠨᠥᠯᠥᠭᠡᠯᠡᠭᠳᠡᠬᠦ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠨᠢ ᠵᠢᠵᠢᠭᠦᠷᠯᠡᠵᠦ ᠰᠠᠬᠢᠬᠤ ᠠᠵᠢᠯ ᠢᠶᠠᠨ ᠴᠢᠩᠭᠠᠳᠬᠠᠬᠤ ᠬᠡᠷᠡᠭᠲᠡᠢ ᠃ 

      3. ᠪᠠᠴᠢᠮ ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠃ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠡᠷᠠᠭ᠎ᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠪᠠᠴᠢᠮ ᠪᠠᠶᠢᠳᠠᠯ ᠢ ᠠᠷᠭᠠᠴᠠᠭᠠᠨ ᠵᠢᠵᠢᠭᠦᠷᠯᠡᠵᠦ ᠰᠠᠬᠢᠬᠤ ᠠᠵᠢᠯ ᠢᠶᠠᠨ ᠴᠢᠩᠭᠠᠳᠬᠠᠵᠤ ᠂ ᠨᠢᠭᠲᠠ ᠵᠣᠬᠢᠴᠠᠭᠤᠯᠤᠨ ᠨᠡᠪᠲᠡᠷᠡᠯᠴᠡᠵᠦ ᠂ ᠭᠠᠢ ᠭᠠᠮᠰᠢᠭ ᠤᠨ ᠬᠥᠭᠵᠢᠵᠦ ᠬᠤᠪᠢᠷᠠᠬᠤ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ ᠂ ᠮᠡᠳᠡᠭᠡ ᠵᠠᠩᠭᠢ ᠶᠢ ᠬᠤᠷᠢᠶᠠᠩᠭᠤᠶᠢᠯᠠᠨ ᠮᠡᠳᠡᠭᠦᠯᠬᠦ ᠠᠵᠢᠯ ᠵᠢᠴᠢ ᠮᠡᠳᠡᠭᠡ ᠵᠠᠩᠭᠢ ᠨᠡᠶᠢᠲᠡᠯᠡᠬᠦ ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ ᠃ ᠭᠤᠣᠯᠳᠠᠯᠭ᠎ᠠ ᠪᠣᠯᠬᠤ ᠣᠷᠣᠨ ᠪᠦᠰᠡ ᠂ ᠠᠨᠠᠢ ᠪᠠᠶᠢᠭ᠎ᠠ ᠭᠤᠭᠴᠤᠭ᠎ᠠ ᠶᠢ ᠨᠢ ᠲᠣᠭᠤᠷᠢᠨ ᠪᠠᠶᠢᠴᠠᠭᠠᠵᠤ ᠰᠠᠬᠢᠨ ᠬᠠᠮᠠᠭᠠᠯᠠᠬᠤ ᠠᠵᠢᠯ ᠢ ᠰᠠᠶᠢᠲᠤᠷ ᠬᠢᠵᠦ ᠂ ᠭᠠᠮᠰᠢᠭ ᠠᠴᠠ ᠪᠣᠯᠵᠤ ᠰᠦᠢᠳᠬᠡᠭᠳᠡᠭᠰᠡᠨ ᠪᠠᠷᠢᠯᠭ᠎ᠠ ᠪᠡᠯᠡᠳᠬᠡᠮᠵᠢ ᠶᠢ ᠲᠦᠷᠭᠡᠨ ᠵᠠᠰᠠᠵᠤ ᠰᠡᠷᠭᠦᠭᠡᠨ᠎ᠡ ᠃ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠳᠣᠣᠷᠠᠬᠢ ᠠᠵᠢᠯ ᠤᠳ ᠢ ᠥᠷᠨᠢᠭᠦᠯᠬᠦ ᠬᠡᠷᠡᠭᠲᠡᠢ ᠄ 

      ᠴᠠᠭ ᠠᠭᠤᠷ ᠤᠨ ᠰᠠᠯᠠᠭ᠎ᠠ ᠮᠥᠴᠢᠷ ᠄ ᠪᠠᠴᠢᠮ ᠪᠠᠶᠢᠳᠠᠯ ᠢ ᠠᠷᠭᠠᠴᠠᠭᠠᠬᠤ ᠠᠵᠢᠭᠯᠠᠯᠲᠠ ᠰᠢᠨᠵᠢᠯᠲᠡ ᠶᠢ ᠴᠠᠭ ᠲᠤ ᠨᠢ ᠲᠣᠬᠢᠷᠠᠭᠤᠯᠤᠨ ᠡᠬᠢᠯᠡᠭᠦᠯᠵᠦ ᠂ ᠨᠠᠷᠢᠯᠢᠭᠵᠢᠭᠤᠯᠤᠭᠰᠠᠨ ᠬᠢᠨᠠᠨ ᠰᠢᠨᠵᠢᠯᠲᠡ ᠬᠢᠬᠦ ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠩᠭᠠᠨ᠎ᠠ ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠣᠷᠣᠭᠠᠨ ᠬᠤᠷ᠎ᠠ ᠶᠢᠨ ᠪᠣᠳᠠᠲᠤ ᠪᠠᠶᠢᠳᠠᠯ ᠵᠢᠴᠢ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤ ᠨᠢ ᠲᠠᠰᠤᠯᠳᠠᠯ ᠦᠭᠡᠢ ᠪᠠᠷ ᠮᠡᠳᠡᠭᠦᠯᠬᠦ ᠬᠡᠷᠡᠭᠲᠡᠶ ︔ ᠴᠠᠭ ᠠᠭᠤᠷ ᠤᠨ ᠨᠢᠭᠤᠴᠠᠯᠠᠭᠰᠠᠨ ᠵᠥᠪᠳᠡᠯᠴᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠴᠠᠭ ᠠᠭᠤᠷ ᠤᠨ ᠭᠠᠮᠰᠢᠭ ᠤᠨ ᠬᠥᠭᠵᠢᠵᠦ ᠬᠤᠪᠢᠷᠠᠬᠤ ᠬᠠᠨᠳᠤᠰᠢ ᠪᠠ ᠨᠥᠯᠥᠭᠡ ᠶᠢ ᠵᠠᠳᠠᠯᠤᠨ ᠰᠤᠳᠤᠯᠵᠤ ᠮᠠᠭᠠᠳᠯᠠᠨ ᠂ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠠᠮᠢᠶ᠎ᠠ ᠪᠦᠬᠦᠢ ᠵᠢᠯᠤᠭᠤᠳᠬᠤ ᠪᠠᠶᠢᠭᠤᠯᠤᠮᠵᠢ ᠳᠤ ᠰᠡᠷᠡᠮᠵᠢᠯᠡᠨ ᠰᠡᠷᠭᠡᠶᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ ᠃ 

      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠄ ᠬᠡᠦᠬᠡᠳ ᠤᠨ ᠴᠡᠴᠡᠷᠯᠢᠭ ᠂ ᠳᠤᠮᠳᠠᠳᠤ ᠪᠠᠭ᠎ᠠ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠵᠢᠭᠠᠨ ᠵᠢᠯᠤᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠯᠭᠡᠵᠦ ᠂ ᠴᠢᠬᠤᠯᠠ ᠲᠠᠢ ᠦᠶ᠎ᠡ ᠳᠤ ᠬᠢᠴᠢᠶᠡᠯᠯᠡᠬᠦ ᠶᠢ ᠵᠣᠭᠰᠤᠭᠠᠬᠤ ᠂ ᠬᠢᠴᠢᠶᠡᠯᠯᠡᠬᠦ ᠴᠠᠭ ᠢ ᠨᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠂ ᠬᠦᠨᠳᠦ ᠶᠡᠭᠡ ᠴᠠᠭ ᠠᠭᠤᠷ ᠤᠨ ᠭᠠᠮᠰᠢᠭ ᠠᠴᠠ ᠪᠣᠯᠬᠤ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠬᠡᠷᠡᠭᠲᠡᠢ ᠃ 

      ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠄ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠨᠢᠭᠡᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ ᠃

      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠄ ᠴᠠᠭᠳᠠᠭᠠᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ ᠂ ᠬᠤᠲᠠ ᠶᠢᠨ ᠭᠤᠣᠯ ᠪᠣᠯᠬᠤ ᠵᠠᠮ ᠬᠥᠭᠦᠷᠭᠡ ᠭᠤᠯᠳᠤᠩ ᠂ ᠲᠦᠷᠭᠡᠨ ᠤ ᠵᠠᠰᠠᠮᠠᠯ ᠵᠠᠮ ᠂ ᠤᠯᠤᠰ ᠮᠤᠵᠢ ᠶᠢᠨ ᠭᠤᠣᠯ ᠱᠤᠭᠤᠮ ᠂ ᠠᠳᠡᠯ ᠣᠯᠠᠨ ᠡᠭᠦᠰᠳᠡᠭ ᠵᠠᠮ ᠤᠨ ᠬᠡᠰᠡᠭ ᠵᠡᠷᠭᠡ ᠴᠠᠭ ᠠᠭᠤᠷ ᠤᠨ ᠭᠠᠮᠰᠢᠭ ᠪᠤᠶᠤ ᠡᠭᠦᠰᠦᠮᠡᠯ ᠭᠠᠮᠰᠢᠭ ᠂ ᠤᠯᠠᠷᠢᠨ ᠡᠭᠦᠰᠬᠦ ᠭᠠᠮᠰᠢᠭ ᠲᠤ ᠠᠮᠠᠷᠬᠠᠨ ᠨᠥᠯᠥᠭᠡᠯᠡᠭᠳᠡᠬᠦ ᠵᠠᠮ ᠤᠨ ᠬᠡᠰᠡᠭ ᠲᠤ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠤᠳᠠᠭ᠎ᠠ ᠳᠠᠷᠠᠭ᠎ᠠ ᠪᠠᠨ ᠨᠡᠮᠡᠭᠳᠡᠭᠦᠯᠦᠨ᠎ᠡ ︔ ᠵᠠᠮ ᠳᠡᠭᠡᠷᠡᠬᠢ ᠵᠠᠯᠠᠵᠤ ᠵᠢᠯᠤᠭᠤᠳᠬᠤ ᠠᠵᠢᠯ ᠢᠶᠠᠨ ᠴᠢᠩᠭᠠᠳᠬᠠᠵᠤ ᠂ ᠴᠢᠬᠤᠯᠠ ᠲᠠᠢ ᠦᠶ᠎ᠡ ᠳᠤ ᠵᠠᠮ ᠤᠨ ᠬᠡᠰᠡᠭ ᠬᠤᠪᠢᠶᠠᠨ ᠨᠡᠪᠲᠡᠷᠡᠭᠦᠯᠬᠦ ᠂ ᠵᠠᠮ ᠬᠠᠷᠢᠯᠴᠠᠭᠠᠨ ᠤ ᠵᠠᠯᠠᠵᠤ ᠰᠢᠯᠤᠭᠤᠳᠬᠠᠬᠤ ᠂ ᠱᠠᠲᠤᠴᠢ ᠴᠢᠨᠠᠷᠲᠠᠢ ᠪᠤᠶᠤ ᠣᠷᠣᠨ ᠪᠦᠰᠡ ᠶᠢᠨ ᠴᠢᠨᠠᠷᠲᠠᠢ ᠪᠠᠷ ᠵᠠᠮ ᠪᠢᠲᠡᠭᠦᠮᠵᠢᠯᠡᠬᠦ ᠵᠡᠷᠭᠡ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ ︔ ᠤᠰᠤ ᠲᠠᠢ ᠭᠠᠵᠠᠷ ᠢ ᠭᠠᠲᠤᠯᠤᠭᠠᠳ ᠤᠨᠲᠠᠷᠠᠭᠰᠠᠨ ᠮᠠᠰᠢᠨ ᠲᠡᠷᠭᠡᠨ ᠳᠠᠬᠢ ᠵᠢᠯᠣᠭᠤᠴᠢ ᠪᠠ ᠠᠶᠠᠨᠴᠢᠳ ᠢ ᠵᠣᠬᠢᠶᠠᠨ ᠪᠠᠶᠢᠭᠤᠯᠵᠤ ᠤᠰᠤ ᠬᠤᠷᠠᠭᠰᠠᠨ ᠭᠠᠵᠠᠷ ᠠᠴᠠ ᠦᠳᠲᠡᠷ ᠲᠦᠷᠭᠡᠨ ᠵᠠᠶᠢᠯᠠᠭᠤᠯᠬᠤ ᠬᠡᠷᠡᠭᠲᠡᠢ ᠃ 

      ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠄ ᠭᠠᠵᠠᠷ ᠬᠥᠷᠥᠰᠥᠨ ᠤ ᠭᠠᠢ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠᠨ ᠴᠢᠩᠭᠠᠳᠬᠠᠵᠤ ᠂ ᠭᠠᠵᠠᠷ ᠬᠥᠷᠥᠰᠥᠨ ᠤ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠶᠢᠲᠡᠯᠡᠵᠦ ᠂ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠭᠠᠵᠠᠷ ᠬᠥᠷᠥᠰᠥᠨ ᠤ ᠭᠠᠢ ᠭᠠᠮᠰᠢᠭ ᠢ ᠰᠡᠷᠭᠡᠶᠢᠯᠡᠵᠦ ᠠᠷᠭᠠᠴᠠᠭᠠᠬᠤ ᠰᠠᠨᠠᠭᠤᠯᠭ᠎ᠠ ᠳᠤᠷᠠᠳᠤᠨ᠎ᠠ ᠃ 

      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠄ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠪᠠᠷᠢᠬᠤ ᠨᠢᠭᠡᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠨᠦᠬᠡ ᠶᠢᠨ  ᠡᠷᠭᠢ ᠬᠦᠪᠡᠭᠡ ᠨᠤᠷᠠᠬᠤ ᠶᠢ ᠰᠡᠷᠭᠡᠶᠢᠯᠡᠬᠦ ᠪᠠ ᠰᠠᠭᠤᠷᠢ ᠶᠢᠨ ᠨᠦᠬᠡᠨ ᠤ ᠤᠰᠤ ᠲᠠᠲᠠᠷᠠᠭᠤᠯᠬᠤ ᠠᠵᠢᠯ ᠤᠨ ᠪᠡᠯᠡᠳᠬᠡᠯ ᠢ ᠰᠠᠶᠢᠲᠤᠷ ᠬᠢᠯᠭᠡᠨ᠎ᠡ ︔ ᠥᠨᠳᠥᠷ ᠳᠡᠭᠡᠷ᠎ᠡ ᠠᠵᠢᠯᠯᠠᠬᠤ ᠵᠡᠷᠭᠡ ᠭᠡᠷ ᠤᠨ ᠭᠠᠳᠠᠭᠤᠷᠬᠢ ᠪᠠᠷᠢᠯᠭ᠎ᠠ ᠶᠢᠨ ᠠᠵᠢᠯ ᠬᠢᠬᠦ ᠨᠢᠭᠡᠴᠢ ᠶᠢ ᠵᠢᠭᠠᠨ ᠵᠢᠯᠤᠭᠤᠳᠴᠤ ᠪᠠᠶᠢᠭᠠᠳ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠯᠭᠡᠵᠦ ᠂ ᠴᠢᠬᠤᠯᠠ ᠲᠠᠢ ᠦᠶ᠎ᠡ ᠳᠤ ᠠᠵᠢᠯᠯᠠᠬᠤ ᠶᠢ ᠵᠣᠭᠰᠤᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︔ ᠬᠤᠳᠠ ᠶᠢᠨ ᠤᠰᠤᠲᠤᠯ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠶᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠨ᠎ᠠ ︔ ᠬᠤᠲᠠ ᠶᠢᠨ ᠶᠠᠪᠤᠳᠠᠯ ᠂ ᠤᠰᠤ ᠬᠠᠩᠭᠠᠬᠤ ᠂ ᠢᠯᠴᠢ ᠬᠠᠩᠭᠠᠬᠤ ᠂ ᠬᠡᠢ ᠬᠠᠩᠭᠠᠬᠤ ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠂ ᠪᠣᠬᠢᠷ ᠤᠰᠤ ᠶᠢ ᠰᠢᠢᠳᠪᠦᠷᠢᠯᠡᠬᠦ ᠪᠠ ᠬᠤᠭ ᠨᠣᠪᠰᠢ ᠶᠢ ᠰᠢᠢᠳᠪᠦᠷᠢᠯᠡᠬᠦ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ᠢ ᠵᠢᠭᠠᠨ ᠵᠢᠯᠤᠭᠤᠳᠴᠤ ᠵᠣᠬᠢᠶᠠᠨ ᠪᠠᠶᠢᠭᠤᠯᠵᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠂ ᠬᠤᠲᠠ ᠶᠢᠨ ᠭᠤᠣᠯ ᠪᠣᠯᠬᠤ ᠵᠠᠮ ᠪᠠ ᠬᠥᠭᠦᠷᠭᠡ ᠶᠢᠨ ᠰᠠᠭᠠᠳ ᠦᠭᠡᠢ ᠨᠡᠪᠲᠡᠷᠡᠬᠦ ᠵᠢᠴᠢ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠪᠠ ᠰᠢᠮᠳᠠᠭᠤᠯᠤᠨ ᠵᠢᠯᠤᠭᠤᠳᠴᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠠᠬᠢ ᠤᠰᠤᠲᠤᠯ ᠢ ᠰᠠᠶᠢᠲᠤᠷ ᠠᠷᠢᠯᠭᠠᠵᠤ ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠂ ᠲᠡᠷᠭᠡ ᠬᠥᠰᠬᠡ ᠶᠢᠨ ᠬᠡᠪ ᠤᠨ ᠪᠠᠶᠢᠳᠠᠯ ᠢᠶᠠᠷ ᠣᠷᠣᠵᠤ ᠭᠠᠷᠬᠤ ᠶᠢ ᠪᠠᠲᠤᠯᠠᠬᠤ ᠬᠡᠷᠡᠭᠲᠡᠢ ᠃

      ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠄ ᠲᠦᠷᠭᠡᠨ ᠤ ᠵᠠᠰᠠᠮᠠᠯ ᠵᠠᠮ ᠢ ᠪᠢᠲᠡᠭᠦᠮᠵᠢᠯᠡᠭᠰᠡᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠮᠵᠢᠯᠴᠠᠨ ᠵᠠᠮ ᠬᠠᠷᠢᠯᠴᠠᠭᠠᠨ ᠤ ᠵᠠᠬᠢᠷᠤᠯᠲᠠ ᠶᠢ ᠬᠡᠷᠡᠭᠵᠢᠭᠦᠯᠦᠨ᠎ᠡ︔ ᠠᠶᠤᠯ ᠲᠦᠭᠰᠢᠭᠦᠷᠢ ᠶᠢᠨ ᠲᠠᠯᠳᠠ ᠭᠡᠮ ᠣᠷᠣᠰᠢᠵᠤ ᠪᠠᠶᠢᠭ᠎ᠠ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠳᠤ ᠲᠡᠭᠡᠭᠡᠪᠦᠷᠢᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠠᠪᠴᠤ ᠂ ᠠᠶᠠᠨᠴᠢᠳ ᠢ ᠪᠤᠰᠤᠳ ᠵᠠᠮ ᠬᠠᠷᠢᠯᠴᠠᠭᠠᠨ ᠤ ᠪᠠᠭᠠᠵᠢ ᠬᠡᠷᠡᠭᠯᠡᠭᠦᠷ ᠢᠶᠠᠷ ᠶᠠᠪᠤᠵᠤ ᠰᠠᠭᠤᠬᠤ ᠶᠢ ᠬᠥᠲᠥᠯᠥᠨ ᠵᠢᠯᠤᠭᠤᠳᠤᠨ᠎ᠠ ︔ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠢ ᠵᠢᠭᠠᠨ ᠵᠢᠯᠤᠭᠤᠳᠴᠤ ᠪᠠᠶᠢᠭᠠᠳ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠵᠦᠢ ᠵᠣᠬᠢᠰᠲᠠᠢ ᠲᠣᠬᠢᠷᠠᠭᠤᠯᠵᠤ ᠂ ᠲᠡᠷᠭᠡ ᠬᠥᠰᠬᠡ ᠶᠢᠨ ᠠᠵᠢᠯᠯᠠᠭᠠᠨ ᠤ ᠠᠮᠤᠷ ᠲᠦᠪᠰᠢᠨ ᠪᠠᠶᠢᠬᠤ ᠤᠷᠢᠲᠠᠯ ᠳᠣᠣᠷ᠎ᠠ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ︔ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠨ ᠠᠵᠢᠯᠯᠠᠭᠤᠯᠬᠤ ᠨᠢᠭᠡᠴᠢ ᠶᠢ ᠵᠢᠭᠠᠨ ᠵᠢᠯᠤᠭᠤᠳᠴᠤ ᠪᠠᠶᠢᠭᠠᠳ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠵᠢᠯᠯᠠᠭᠠᠨ ᠤ ᠠᠮᠤᠷ ᠲᠦᠪᠰᠢᠨ ᠢ ᠦᠨᠡᠯᠡᠨ ᠵᠢᠱᠢᠵᠦ ᠂ ᠦᠨᠡᠯᠡᠨ ᠵᠢᠱᠢᠭᠰᠡᠨ ᠳ᠋ᠦᠩ ᠢ ᠨᠢ ᠦᠨᠳᠦᠰᠦᠯᠡᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠤᠷᠢᠳᠴᠢᠯᠠᠨ ᠠᠪᠴᠤ ᠬᠡᠷᠡᠭᠯᠡᠨ᠎ᠡ ᠂ ᠴᠢᠬᠤᠯᠠ ᠲᠠᠢ ᠦᠶ᠎ᠡ ᠳᠤ ᠲᠡᠭᠡᠭᠡᠪᠦᠷᠢᠯᠡᠬᠦ ᠶᠢ ᠨᠢ ᠵᠣᠭᠰᠤᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ︔ ᠤᠰᠤᠨ ᠳᠡᠭᠡᠷ᠎ᠡ ᠂ ᠤᠰᠤᠨ ᠳᠤ ᠵᠡᠷᠭᠡ ᠭᠡᠷ ᠤᠨ ᠭᠠᠳᠠᠭᠤᠷ ᠠᠵᠢᠯᠯᠠᠬᠤ ᠨᠢᠭᠡᠴᠢ ᠳᠤ ᠮᠡᠳᠡᠭᠳᠡᠵᠦ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠯᠭᠡᠵᠦ ᠂ ᠴᠢᠬᠤᠯᠠ ᠲᠠᠢ ᠦᠶ᠎ᠡ ᠳᠤ ᠠᠵᠢᠯᠯᠠᠬᠤ ᠶᠢ ᠨᠢ ᠵᠣᠭᠰᠤᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ ᠃ 

      ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠄ ᠲᠠᠷᠢᠮᠠᠯ ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠵᠢᠭᠠᠨ ᠵᠢᠯᠤᠭᠤᠳᠴᠤ ᠪᠠᠶᠢᠭᠠᠳ ᠲᠠᠷᠢᠮᠠᠯ ᠂ ᠮᠠᠯ ᠠᠵᠤ ᠠᠬᠤᠢ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠲᠠᠢ ᠪᠣᠯᠭᠠᠨ᠎ᠠ ︔ ᠲᠠᠷᠢᠶᠠᠯᠠᠬᠤ ᠡᠷᠦᠬᠡ ᠮᠠᠯᠴᠢᠳ ᠢ ᠵᠣᠬᠢᠶᠠᠨ ᠪᠠᠶᠢᠭᠤᠯᠤᠨ ᠠᠶᠤᠯᠲᠠᠢ ᠣᠷᠣᠨ ᠪᠦᠰᠡ ᠳᠠᠬᠢ ᠮᠠᠯ ᠤᠨᠤᠭ᠎ᠠ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠪᠠᠨ ᠨᠡᠭᠦᠯᠭᠡᠨ ᠰᠢᠯᠵᠢᠭᠦᠯᠵᠦ ᠂ ᠪᠡᠯᠡᠳᠭᠡᠮᠵᠢᠲᠦ ᠬᠦᠯᠡᠮᠵᠢ ᠵᠢᠴᠢ ᠭᠤᠣᠯ ᠮᠥᠷᠡᠨ ᠂ ᠤᠰᠤᠨ ᠴᠥᠭᠦᠷᠥᠮ ᠵᠡᠷᠭᠡ ᠪᠠᠶᠢᠭᠠᠯᠢ ᠶᠢᠨ ᠤᠰᠤᠨ ᠴᠣᠭᠴᠠ ᠳᠤ ᠪᠠᠶᠢᠷᠢᠯᠠᠭᠤᠯᠤᠭᠰᠠᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠪᠠᠨ ᠪᠠᠬᠢᠵᠢᠭᠦᠯᠦᠨ᠎ᠡ ᠃ 

      ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠄ ᠤᠰᠤᠨ ᠤ ᠪᠠᠶᠢᠳᠠᠯ ᠢ ᠬᠢᠨᠠᠨ ᠬᠡᠮᠵᠢᠵᠦ ᠰᠢᠨᠵᠢᠭᠡᠳ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ ᠂ ᠴᠠᠭ ᠠᠭᠤᠷ ᠤᠨ ᠵᠡᠷᠭᠡ ᠰᠠᠯᠠᠭ᠎ᠠ ᠮᠥᠴᠢᠷ ᠯᠦᠭᠡ ᠬᠤᠯᠪᠤᠭᠠᠯᠠᠨ ᠠᠭᠤᠯᠠ ᠶᠢᠨ ᠦᠶᠡᠷ ᠤᠨ ᠭᠠᠮᠰᠢᠭ ᠭᠠᠷᠬᠤ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠪᠠ ᠳᠤᠮᠳᠠ ᠵᠢᠵᠢᠭ ᠭᠤᠣᠯ ᠮᠥᠷᠡᠨ ᠤ ᠦᠶᠡᠷ ᠤᠨ ᠭᠠᠮᠰᠢᠭ ᠭᠠᠷᠬᠤ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠨ᠎ᠡ︔ ᠤᠰᠤᠨ ᠠᠰᠢᠭᠯᠠᠯᠲᠠ ᠶᠢᠨ ᠪᠠᠷᠢᠯᠭ᠎ᠠ ᠳᠤ ᠲᠣᠬᠢᠷᠠᠭᠤᠯᠤᠯᠲᠠ ᠬᠢᠬᠦ ᠵᠢᠴᠢ ᠲᠣᠭᠤᠷᠢᠨ ᠬᠠᠮᠠᠭᠠᠯᠠᠬᠤ ᠂ ᠠᠶᠤᠯ ᠢ ᠪᠠᠶᠢᠴᠠᠭᠠᠬᠤ ᠂ ᠠᠶᠤᠯ ᠢ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠰᠢᠯᠭ᠎ᠠ ᠂ ᠤᠰᠤᠨ ᠴᠥᠭᠦᠷᠥᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ︔ ᠤᠰᠤᠨ ᠴᠥᠭᠦᠷᠥᠮ ᠤᠨ ᠦᠶᠡᠷ ᠢ ᠵᠠᠯᠠᠬᠤ ᠂ ᠭᠤᠣᠯ ᠤᠨ ᠵᠠᠮ ᠤᠨ ᠦᠶᠡᠷ ᠢ ᠰᠠᠯᠭᠠᠬᠤ ᠪᠠ ᠦᠶᠡᠷ ᠤᠨ ᠬᠤᠷᠢᠭᠳᠠᠨ ᠬᠤᠷᠠᠭᠰᠠᠨ ᠭᠠᠵᠠᠷ ᠢ ᠠᠰᠢᠭᠯᠠᠨ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠃ 

      ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠄ ᠰᠣᠶᠣᠯ ᠪᠠ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠶᠢ ᠵᠢᠭᠠᠨ ᠵᠢᠯᠤᠭᠤᠳᠴᠤ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠴᠢ ᠠᠮᠤᠷ ᠲᠦᠪᠰᠢᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠬᠢᠯᠭᠡᠵᠦ ᠂ ᠴᠢᠬᠤᠯᠠ ᠲᠠᠢ ᠦᠶ᠎ᠡ ᠳᠤ ᠦᠵᠡᠮᠵᠢ ᠶᠢᠨ ᠣᠷᠣᠨ ᠢ ᠪᠢᠲᠡᠭᠦᠮᠵᠢᠯᠡᠨ ᠬᠠᠭᠠᠬᠤ ᠂ ᠵᠢᠭᠤᠯᠴᠢᠯᠠᠭᠴᠢᠳ ᠢ ᠲᠠᠷᠬᠠᠭᠠᠵᠤ ᠬᠠᠷᠢᠭᠤᠯᠬᠤ ᠵᠡᠷᠭᠡ ᠪᠠᠴᠢᠮ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠠᠪᠴᠤ ᠬᠡᠷᠡᠭᠯᠡᠨ ᠂ ᠵᠢᠭᠤᠯᠴᠢᠯᠠᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ 

      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠄ ᠴᠠᠭ ᠠᠭᠤᠷ ᠤᠨ ᠭᠠᠮᠰᠢᠭ ᠤᠨ ᠬᠥᠭᠵᠢᠵᠦ ᠬᠤᠪᠢᠷᠠᠬᠤ ᠪᠠᠶᠢᠳᠠᠯ ᠢ ᠶᠡᠷᠦᠩᠬᠡᠶᠢᠯᠡᠨ ᠰᠤᠳᠤᠯᠵᠤ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠤᠨ᠎ᠠ︔ ᠪᠡᠯᠡᠳᠬᠡᠯ ᠲᠥᠰᠥᠯ ᠢ ᠦᠨᠳᠦᠰᠦᠯᠡᠨ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠡᠩᠨᠡᠭᠡ ᠶᠢ ᠵᠣᠬᠢᠴᠠᠭᠤᠯᠤᠨ ᠵᠢᠯᠤᠭᠤᠳᠴᠤ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠯᠤᠭ᠎ᠠ ᠵᠣᠯᠭᠠᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠵᠤ ᠠᠶᠤᠯ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠨᠢᠭᠡᠳᠦᠯᠲᠡᠢ ᠲᠣᠬᠢᠷᠠᠭᠤᠯᠤᠨ᠎ᠠ ︔ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠪᠠᠶᠢᠳᠠᠯ ᠢ ᠨᠢ ᠠᠵᠢᠵᠤ ᠪᠠᠶᠢᠭᠠᠳ ᠨᠡᠭᠦᠷᠡᠰᠦᠨ ᠤ ᠪᠤᠰᠤ ᠠᠭᠤᠷᠬᠠᠢ ᠂ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠵᠦ ᠡᠵᠡᠩᠨᠡᠵᠦ ᠬᠠᠳᠠᠭᠠᠯᠠᠬᠤ ᠵᠡᠷᠭᠡ ᠠᠵᠤ ᠠᠬᠤᠶᠢᠯᠠᠯ ᠵᠢᠴᠢ ᠲᠡᠮᠦᠷᠯᠢᠭ ᠬᠠᠶᠢᠯᠤᠭᠤᠯᠬᠤ ᠂ ᠥᠩᠭᠡᠲᠦ ᠲᠡᠮᠦᠷᠯᠢᠭ ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠳᠤ ᠮᠡᠳᠡᠭᠳᠡᠵᠦ ᠦᠢᠯᠡᠳᠪᠦᠷᠢᠯᠡᠯ ᠢ ᠨᠢ ᠵᠣᠭᠰᠤᠭᠠᠬᠤ ᠬᠡᠷᠡᠭᠲᠡᠢ ᠃ 

      ᠷᠠᠳᠢᠣ᠋ ᠲᠧᠯᠸᠢᠰ ᠤᠨ ᠰᠠᠯᠠᠭ᠎ᠠ ᠮᠥᠴᠢᠷ ᠄ ᠷᠠᠳᠢᠣ᠋ ᠨᠡᠪᠲᠡᠷᠡᠭᠦᠯᠭᠡ ᠂ ᠲᠧᠯᠸᠢᠰ ᠵᠡᠷᠭᠡ ᠵᠠᠭᠤᠴᠢᠯᠠᠭᠤᠷ ᠢᠶᠠᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠪᠲᠡᠷᠡᠭᠦᠯᠦᠨ ᠨᠡᠶᠢᠲᠡᠯᠡᠬᠦ ᠶᠢ ᠵᠣᠬᠢᠴᠠᠭᠤᠯᠤᠨ ᠵᠢᠯᠤᠭᠤᠳᠴᠤ ᠂ ᠨᠡᠪᠲᠡᠷᠡᠭᠦᠯᠭᠡ ᠬᠢᠬᠦ ᠤᠳᠠᠭ᠎ᠠ ᠳᠠᠷᠠᠭ᠎ᠠ ᠪᠠᠨ ᠨᠡᠮᠡᠭᠳᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠠᠰᠢᠭᠯᠠᠨ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠲᠤ ᠰᠡᠷᠡᠮᠵᠢᠯᠡᠭᠦᠯᠭᠡ ᠪᠠ ᠰᠠᠨᠠᠭᠤᠯᠤᠮᠵᠢ ᠥᠭᠬᠦ ᠬᠡᠷᠡᠭᠲᠡᠢ ᠃ 

      ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠲᠠᠰ ᠢᠯᠭᠠᠯ ᠢ ᠨᠢ ᠦᠨᠳᠦᠰᠦᠯᠡᠨ ᠂ ᠵᠣᠬᠢᠬᠤ ᠰᠡᠷᠭᠡᠶᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ 

      ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠄ ᠴᠠᠬᠢᠯᠭᠠᠨ ᠬᠤᠯᠪᠣᠭᠠᠨ ᠤ ᠡᠵᠡᠩᠨᠡᠨ ᠠᠵᠢᠯᠯᠠᠬᠤ ᠠᠵᠤ ᠠᠬᠤᠶᠢᠯᠠᠯ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠨᠡᠶᠢᠲᠡᠯᠡᠨ᠎ᠡ︔ ᠴᠠᠬᠢᠯᠭᠠᠨ ᠬᠤᠯᠪᠣᠭᠠᠨ ᠤ ᠡᠵᠡᠩᠨᠡᠨ ᠠᠵᠢᠯᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠪᠳᠡᠭᠳᠡᠭᠰᠡᠨ ᠴᠢᠮᠡᠭᠡ ᠬᠤᠯᠪᠣᠭᠠᠨ ᠤ ᠪᠡᠯᠡᠳᠬᠡᠮᠵᠢ ᠶᠢ ᠲᠦᠷᠭᠡᠬᠡᠨ ᠵᠠᠰᠠᠨ ᠠᠵᠢᠯᠯᠠᠭᠤᠯᠵᠤ ᠂ ᠡᠯ᠎ᠡ ᠵᠦᠢᠯ ᠤᠨ ᠴᠠᠭ ᠠᠭᠤᠷ ᠤᠨ ᠮᠡᠳᠡᠭᠡ ᠵᠠᠩᠭᠢ ᠶᠢ ᠳᠠᠮᠵᠢᠭᠤᠯᠬᠤ ᠂ ᠮᠡᠳᠡᠭᠦᠯᠦᠨ ᠬᠦᠷᠭᠡᠬᠦ ᠪᠠ ᠠᠶᠤᠯ ᠭᠠᠮᠰᠢᠭ ᠠᠴᠠ ᠠᠪᠤᠷᠠᠬᠤ ᠠᠵᠢᠯ ᠤᠨ ᠴᠢᠮᠡᠭᠡ ᠬᠤᠯᠪᠣᠭᠠᠨ ᠤ ᠱᠤᠭᠤᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠃ 

      ᠠᠷᠠᠳ ᠤᠨ ᠠᠭᠠᠷ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠄ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠤᠰᠤ ᠬᠠᠩᠭᠠᠬᠤ ᠂ ᠴᠠᠬᠢᠯᠭᠠᠨ ᠬᠠᠩᠭᠠᠬᠤ ᠂ ᠴᠢᠮᠡᠭᠡ ᠬᠤᠯᠪᠣᠭ᠎ᠠ ᠵᠡᠷᠭᠡ ᠴᠢᠬᠤᠯᠠ ᠪᠡᠯᠡᠳᠬᠡᠮᠵᠢ ᠲᠥᠬᠦᠭᠡᠷᠦᠮᠵᠢ ᠳᠤ ᠰᠡᠷᠭᠡᠶᠢᠯᠡᠨ ᠬᠠᠮᠠᠭᠠᠯᠠᠬᠤ ᠂ ᠪᠠᠬᠢᠵᠢᠭᠦᠯᠬᠦ ᠵᠡᠷᠭᠡ ᠠᠷᠭ᠎ᠠ ᠬᠡᠮᠵᠢᠶ᠎ᠡ ᠠᠪᠤᠭᠤᠯᠵᠤ ᠂ ᠠᠭᠠᠷ ᠤᠨ ᠲᠡᠭᠡᠭᠡᠪᠦᠷᠢ ᠶᠢᠨ ᠺᠣᠮᠫᠠᠨᠢ ᠂ ᠨᠢᠰᠬᠡᠯ ᠤᠨ ᠪᠠᠭᠤᠳᠠᠯ ᠢ ᠰᠢᠮᠳᠠᠭᠤᠯᠤᠨ ᠵᠣᠬᠢᠴᠠᠭᠤᠯᠵᠤ ᠪᠠᠶᠢᠭᠠᠳ ᠠᠭᠠᠷ ᠤᠨ ᠨᠢᠰᠦᠭᠦᠷ ᠢ ᠪᠤᠰᠤᠳ ᠲᠠᠯᠠᠪᠤᠷ ᠲᠤ ᠰᠢᠯᠵᠢᠭᠦᠯᠬᠦ ᠪᠠ ᠰᠠᠭᠠᠲᠠᠵᠤ ᠦᠯᠡᠳᠡᠭᠰᠡᠨ ᠠᠶᠠᠨᠴᠢᠳ ᠢ ᠲᠥᠪᠬᠢᠨᠡᠭᠦᠯᠬᠦ ᠂ ᠵᠢᠯᠤᠭᠤᠳᠴᠤ ᠰᠢᠯᠤᠭᠤᠳᠬᠠᠬᠤ ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠠᠵᠢᠯ ᠢ ᠰᠠᠶᠢᠲᠤᠷ ᠬᠢᠯᠭᠡᠨ᠎ᠡ ᠃ 

      ᠡᠨᠧᠷᠭᠢ ᠶᠢᠨ ᠰᠠᠯᠠᠭ᠎ᠠ ᠮᠥᠴᠢᠷ ᠄ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠴᠠᠬᠢᠯᠭᠠᠨ ᠬᠦᠴᠦᠨ ᠤ ᠪᠡᠯᠡᠳᠬᠡᠮᠵᠢ ᠶᠢ ᠪᠠᠶᠢᠴᠠᠭᠠᠬᠤ ᠪᠠ ᠴᠠᠬᠢᠯᠭᠠᠨ ᠬᠦᠴᠦᠨ ᠤ ᠲᠣᠣᠷ ᠤᠨ ᠠᠵᠢᠯᠯᠠᠭᠠᠨ ᠢ ᠬᠢᠨᠠᠨ ᠡᠵᠡᠮᠳᠡᠬᠦ ᠶᠢ ᠨᠢ ᠴᠢᠩᠭᠠᠳᠬᠠᠵᠤ ᠂ ᠳᠠᠯᠳᠠ ᠬᠡᠮ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ︔ ᠴᠠᠬᠢᠯᠭᠠᠨ ᠬᠠᠩᠭᠠᠬᠤ ᠠᠵᠤ ᠠᠬᠤᠶᠢᠯᠠᠯ ᠢ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠴᠠᠬᠢᠯᠭᠠᠨ ᠡᠭᠦᠰᠬᠡᠭᠴᠢ ᠶᠢ ᠲᠣᠬᠢᠷᠠᠭᠤᠯᠤᠨ ᠴᠤᠭᠯᠠᠭᠤᠯᠵᠤ ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠵᠦ ᠂ ᠴᠢᠬᠤᠯᠠ ᠬᠡᠷᠡᠭᠯᠡᠭᠴᠢᠳ ᠲᠤ ᠬᠠᠩᠭᠠᠬᠤ ᠴᠠᠬᠢᠯᠭᠠᠨ ᠢ ᠪᠠᠲᠤᠯᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ ᠃ 

      4. ᠪᠠᠴᠢᠮ ᠪᠠᠶᠢᠳᠠᠯ ᠢ ᠠᠷᠭᠠᠴᠠᠭᠠᠬᠤ ᠪᠠᠷ ᠰᠢᠯᠵᠢᠭᠦᠯᠵᠦ ᠨᠡᠭᠦᠯᠭᠡᠬᠦ ᠃ ᠴᠠᠭ ᠠᠭᠤᠷ ᠤᠨ ᠰᠠᠯᠠᠭ᠎ᠠ ᠮᠥᠴᠢᠷ ᠠᠵᠢᠷᠭᠠᠨ ᠪᠣᠷᠣᠭᠠᠨ ᠤ ᠰᠡᠷᠡᠮᠵᠢᠯᠡᠭᠦᠯᠬᠦ ᠮᠡᠳᠡᠭᠡ ᠵᠠᠩᠭᠢ  ᠶᠢ ᠨᠡᠶᠢᠲᠡᠯᠡᠭᠰᠡᠨ ᠤ ᠳᠠᠷᠠᠭ᠎ᠠ ᠵᠠᠳᠠᠯᠤᠯᠲᠠ ᠬᠢᠵᠦ ᠰᠤᠳᠤᠯᠤᠨ ᠮᠠᠭᠠᠳᠯᠠᠭᠠᠳ ᠬᠥᠮᠥᠨ ᠬᠠᠷ᠎ᠠ ᠠᠳᠡᠵᠦ ᠰᠢᠷᠬᠠᠲᠤᠵᠤ ᠮᠡᠳᠡᠬᠦ ᠪᠠᠶᠢᠳᠠᠯ ᠳᠣᠣᠷ᠎ᠠ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢᠭᠡᠳᠦᠯᠲᠡᠢ ᠵᠢᠯᠤᠭᠤᠳᠴᠤ ᠂ ᠡᠯ᠎ᠡ ᠲᠠᠯ᠎ᠠ ᠶᠢᠨ ᠲᠤᠰᠬᠠᠢ ᠬᠦᠴᠦᠨ ᠢ ᠳᠠᠶᠢᠴᠢᠯᠠᠨ ᠲᠥᠪᠯᠡᠷᠡᠭᠦᠯᠵᠦ ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠂ ᠠᠶᠤᠯ ᠠᠴᠠ ᠪᠠᠴᠢᠮ ᠵᠠᠶᠢᠯᠠᠭᠤᠯᠬᠤ ᠪᠠ ᠰᠢᠢᠳᠪᠦᠷᠢᠯᠡᠬᠦ ᠠᠵᠢᠯ ᠢ ᠬᠠᠮᠵᠢᠯᠴᠠᠨ ᠡᠮᠬᠢ ᠵᠢᠷᠤᠮ ᠲᠠᠢ ᠥᠷᠨᠢᠭᠦᠯᠵᠦ ᠂ ᠳᠠᠭᠠᠭᠠᠴᠢᠯᠠᠨ ᠬᠤᠪᠢᠶᠠᠭᠰᠠᠨ ᠳᠤᠭᠤᠶᠢᠯᠠᠩ ᠬᠡᠰᠡᠭ ᠲᠤ ᠪᠠᠨ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ ᠂ ︽ᠠᠯᠢ ᠶᠢ ᠨᠢ ᠨᠡᠭᠦᠯᠭᠡᠨ ᠰᠢᠯᠵᠢᠭᠦᠯᠬᠦ ᠂ ᠬᠡᠨ ᠨᠢ ᠵᠣᠬᠢᠶᠠᠨ ᠪᠠᠶᠢᠭᠤᠯᠬᠤ ᠂ ᠬᠡᠵᠢᠶ᠎ᠡ ᠨᠡᠭᠦᠯᠭᠡᠨ ᠰᠢᠯᠵᠢᠭᠦᠯᠬᠦ ᠂ ᠬᠠᠮᠢᠭᠠᠰᠢ ᠪᠠᠨ ᠨᠡᠭᠦᠯᠭᠡᠨ ᠰᠢᠯᠵᠢᠭᠦᠯᠬᠦ ᠂ ᠶᠠᠭᠠᠬᠢᠵᠤ ᠬᠠᠮᠢᠶᠠᠷᠬᠤ ︾ 5 ᠵᠠᠩᠭᠢᠯᠠᠭ᠎ᠠ ᠶᠢᠨ ᠭᠤᠭᠴᠤᠭ᠎ᠠ ᠪᠣᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠷᠭᠠᠨ ᠪᠣᠷᠣᠭᠠᠨ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠥᠯᠥᠭᠡᠯᠡᠬᠦ ᠣᠷᠣᠨ ᠪᠦᠰᠡ ᠪᠠ ᠪᠣᠷᠣᠭᠠᠨ ᠬᠤᠷ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ ᠂ ᠠᠶᠤᠯ ᠲᠠᠢ ᠣᠷᠣᠨ ᠪᠠ ᠲᠠᠯᠳᠠ ᠭᠡᠮ ᠲᠠᠢ ᠭᠠᠵᠠᠷ ᠤᠨ ᠬᠥᠮᠥᠰ ᠢ ︽ᠭᠤᠷᠪᠠᠨ ᠪᠠᠶᠢᠳᠠᠯ ᠳᠤ ᠪᠠᠴᠢᠮ ᠵᠠᠶᠢᠯᠠᠭᠤᠯᠬᠤ ︾ ︵ ᠠᠶᠤᠯ ᠲᠦᠭᠰᠢᠭᠦᠷᠢ ᠶᠢᠨ ᠲᠠᠯᠳᠠ ᠭᠡᠮ ᠲᠠᠢ ᠭᠠᠵᠠᠷ ᠲᠤ ᠳᠣᠭᠰᠢᠨ ᠪᠣᠷᠣᠭᠠᠨ ᠣᠷᠣᠪᠠᠯ ᠳᠠᠷᠤᠶᠢᠬᠠᠨ ᠪᠠᠴᠢᠮ ᠵᠠᠶᠢᠯᠠᠭᠤᠯᠬᠤ ᠂ ᠲᠠᠯᠳᠠ ᠭᠡᠮ ᠲᠠᠢ ᠭᠠᠵᠠᠷ ᠲᠤ ᠶᠡᠷᠦ ᠪᠤᠰᠤ ᠶᠢᠨ ᠠᠶᠤᠯ ᠲᠥᠭᠰᠢᠭᠦᠷᠢᠲᠦ ᠪᠠᠶᠢᠳᠠᠯ ᠭᠠᠷᠪᠠᠯ ᠳᠠᠷᠤᠶᠢᠬᠠᠨ ᠪᠠᠴᠢᠮ ᠵᠠᠶᠢᠯᠠᠭᠤᠯᠬᠤ ᠂ ᠲᠠᠯᠳᠠ ᠭᠡᠮ ᠲᠠᠢ ᠭᠠᠵᠠᠷ ᠤᠨ ᠠᠶᠤᠯ ᠲᠥᠭᠰᠢᠭᠦᠷᠢᠲᠦ ᠪᠠᠶᠢᠳᠠᠯ ᠢ ᠨᠢ ᠣᠨᠣᠪᠴᠢᠲᠠᠶ ᠮᠠᠭᠠᠳᠯᠠᠵᠤ ᠳᠡᠶᠢᠯᠬᠦ ᠦᠭᠡᠢ ᠦᠶ᠎ᠡ ᠳᠤ ᠳᠠᠷᠤᠶᠢᠬᠠᠨ ᠪᠠᠴᠢᠮ ᠵᠠᠶᠢᠯᠠᠭᠤᠯᠬᠤ ︶ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠥᠷᠨᠢᠭᠦᠯᠦᠨ ᠂ ᠡᠷᠡᠰ ᠰᠢᠭᠤᠷᠬᠠᠢ ᠠᠵᠢᠯᠯᠠᠬᠤ ᠂ ᠨᠡᠭᠦᠯᠭᠡᠨ ᠰᠢᠯᠵᠢᠭᠦᠯᠪᠡᠰᠦ ᠵᠣᠬᠢᠬᠤ ᠶᠢ ᠨᠢ ᠴᠥᠮ ᠨᠡᠭᠦᠯᠭᠡᠨ ᠰᠢᠯᠵᠢᠭᠦᠯᠬᠦ ᠂ ᠨᠡᠭᠦᠯᠭᠡᠨ ᠰᠢᠯᠵᠢᠭᠦᠯᠪᠡᠰᠦ ᠵᠣᠬᠢᠬᠤ ᠶᠢ ᠨᠢ ᠡᠷᠲᠡ ᠠᠴᠠ ᠨᠡᠭᠦᠯᠭᠡᠨ ᠰᠢᠯᠵᠢᠭᠦᠯᠬᠦ ᠶᠢ ᠪᠡᠶᠡᠯᠡᠭᠦᠯᠵᠦ ᠂ ᠠᠷᠪᠠ ᠤᠳᠠᠭ᠎ᠠ ᠰᠡᠷᠭᠡᠶᠢᠯᠡᠭᠡᠳ ᠶᠢᠰᠦ ᠨᠢ ᠲᠠᠯᠠᠭᠠᠷ ᠪᠣᠯᠤᠭᠰᠠᠨ ᠴᠦ ᠂ ᠰᠡᠷᠭᠡᠶᠢᠯᠡᠯᠲᠡ ᠶᠢ ᠣᠮᠲᠣᠭᠠᠶᠢᠯᠠᠭᠰᠠᠨ ᠠᠴᠠ ᠠᠯᠳᠠᠰᠢ ᠭᠠᠷᠭᠠᠵᠤ ᠣᠭᠲᠣᠬᠠᠨ ᠴᠦ ᠪᠣᠯᠬᠤ ᠦᠭᠡᠢ ︔ ᠨᠡᠭᠦᠯᠭᠡᠨ ᠰᠢᠯᠵᠢᠭᠦᠯᠦᠭᠰᠡᠨ ᠬᠥᠮᠥᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠂ ᠭᠠᠢ ᠭᠠᠮᠰᠢᠭ ᠤᠨ ᠲᠦᠭᠰᠢᠭᠦᠷᠢ ᠠᠷᠢᠯᠬᠤ ᠠᠴᠠ ᠤᠷᠢᠳ ᠬᠥᠮᠥᠰ ᠤᠨ ᠳᠤᠷ᠎ᠠ ᠪᠠᠷ ᠢᠶᠠᠨ ᠪᠤᠴᠠᠵᠤ ᠬᠠᠷᠢᠭᠠᠳ ᠠᠳᠡᠵᠦ ᠰᠢᠷᠬᠠᠲᠤᠬᠤ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ 

      ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ 

      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠨᠢ ︽ᠨᠠᠮ ᠤᠨ ᠬᠤᠷᠢᠶ᠎ᠠ ᠤᠳᠤᠷᠢᠳᠤᠭᠰᠠᠨ ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ ᠂ ᠨᠡᠶᠢᠭᠡᠮ ᠤᠨ ᠬᠢᠨ ᠤ ᠣᠷᠤᠯᠴᠠᠭᠰᠠᠨ ︾ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠭᠦᠯᠵᠦ ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢᠶᠠᠨ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠤᠨ ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠶᠢᠭᠤᠯᠤᠯᠲᠠ ᠶᠢᠨ ᠲᠤᠰᠬᠠᠢ ᠲᠥᠰᠥᠯ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢᠶᠠᠨ ᠢᠳᠡᠪᠬᠢᠲᠡᠢ ᠪᠠᠷ ᠲᠥᠯᠥᠪᠯᠡᠨ ᠪᠠᠶᠢᠷᠢᠯᠠᠭᠤᠯᠬᠤ ᠪᠠ ᠠᠬᠢᠭᠤᠯᠵᠤ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠴᠢᠩᠭᠠᠷᠠᠭᠤᠯᠵᠤ ᠂ ᠡᠯ᠎ᠡ ᠠᠵᠢᠯ ᠲᠥᠷᠥᠯ ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠲᠠᠨᠢᠨ ᠮᠡᠳᠡᠬᠦ ᠬᠢᠷᠢ ᠬᠡᠮᠵᠢᠶ᠎ᠡ ᠪᠠ ᠨᠡᠶᠢᠭᠡᠮ ᠨᠡᠶᠢᠲᠡ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠲᠦᠭᠰᠢᠭᠦᠷᠢ ᠠᠴᠠ ᠵᠠᠶᠢᠯᠠᠬᠤ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃ 

      ︵ᠬᠤᠶᠠᠷ︶ ᠳᠡᠮᠵᠢᠵᠦ ᠪᠠᠲᠤᠯᠠᠬᠤ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠳᠡᠮᠵᠢᠯᠭᠡ ᠦᠵᠡᠭᠦᠯᠬᠦ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠠᠬᠢ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ ᠃ 

      ︵ᠭᠤᠷᠪᠠ︶ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠯᠤᠭ᠎ᠠ ᠵᠡᠷᠭᠡ ᠳᠤ ᠨᠢ ᠪᠠᠶᠢᠷᠢᠯᠠᠭᠤᠯᠵᠤ ᠂ ᠵᠡᠷᠭᠡ ᠳᠤ ᠨᠢ ᠪᠠᠶᠢᠴᠠᠭᠠᠨ ᠰᠤᠳᠤᠯᠵᠤ ᠂ ᠵᠡᠷᠭᠡ ᠳᠤ ᠨᠢ ᠬᠢᠨᠠᠯᠲᠠ ᠲᠠᠯᠪᠢᠵᠤ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ 

       

       

2024 ᠣᠨ ᠤ 8 ᠳ᠋ᠤᠭᠠᠷ ᠰᠠᠷ᠎ᠠ ᠶᠢᠨ 13 ᠤ ᠡᠳᠦᠷ

      

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ