ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/16


      9 ᠰᠠᠷ᠎ᠠ ᠶᠢᠨ 14 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠬᠤ ᠂ ᠪᠠᠶᠢᠩᠭᠤ ᠠᠳᠬᠤᠬᠤ ᠶᠢ ᠪᠠᠷᠢᠮᠲᠠᠯᠠᠵᠤ ᠂ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠴᠡᠭᠡᠷᠯᠡᠯ ᠪᠤᠯᠭᠠᠵᠤ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠢ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠳᠣᠣᠷ᠎ᠠ ᠳᠤᠯᠠᠭᠠᠨ ᠂ ᠬᠢᠷᠠᠭᠤ ᠬᠥᠯᠳᠡᠭᠦᠦ ᠂ ᠪᠣᠷᠣᠭᠠᠨ ᠴᠠᠰᠤ ᠂ ᠦᠶᠡᠷ ᠤᠰᠤᠲᠤᠯ ᠢ ᠰᠡᠷᠭᠡᠶᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ︽ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ︾ ᠭᠡᠬᠦ ᠴᠢᠬᠤᠯᠠ ᠵᠣᠬᠢᠶᠠᠯ ᠪᠣᠯᠣᠨ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠲᠠᠢ ᠤᠶᠠᠯᠳᠤᠭᠤᠯᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠡᠳ᠋ ᠤᠨ ᠵᠠᠰᠠᠭ ᠤᠨ ᠲᠠᠯ᠎ᠠ ᠶᠢᠨ ᠬᠢᠨᠠᠨ ᠪᠣᠳᠣᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠢᠰᠲ᠋ᠧᠮ ᠤᠨ ᠴᠢᠨᠠᠷᠲᠠᠢ ᠪᠠᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠣᠷᠣᠭᠤᠯᠵᠤ ᠂ ︽ ᠠᠯᠳᠠᠭ᠎ᠠ ᠪᠤᠷᠤᠭᠤ ᠶᠢ ᠵᠠᠯᠠᠷᠠᠭᠤᠯᠬᠤ ︾ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢ ᠠᠬᠢᠭᠤᠯᠵᠤ ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠤᠯᠤᠰ ᠤᠨ ᠲᠤᠭ ᠤᠨ ᠬᠠᠮᠢᠶᠠᠷᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠨ ᠂ ᠤᠯᠤᠰ ᠤᠨ ᠲᠤᠭ ᠢ ᠵᠣᠬᠢᠶᠠᠬᠤ ᠂ ᠪᠣᠷᠣᠯᠠᠭᠤᠯᠬᠤ ᠂ ᠬᠡᠷᠡᠭᠯᠡᠬᠦ ᠂ ᠬᠤᠷᠢᠶᠠᠨ ᠠᠪᠬᠤ ᠡᠯ᠎ᠡ ᠭᠤᠭᠴᠤᠭ᠎ᠠ ᠶᠢ ᠴᠢᠩᠭ᠎ᠠ ᠵᠢᠷᠤᠮᠵᠢᠭᠤᠯᠵᠤ ᠂ ᠨᠡᠶᠢᠭᠡᠮ ᠳᠠᠶᠠᠭᠠᠷ ᠲᠤ ᠤᠯᠤᠰ ᠤᠨ ᠲᠤᠭ ᠢ ᠬᠦᠨᠳᠦᠳᠬᠡᠬᠦ ᠂ ᠤᠯᠤᠰ ᠤᠨ ᠲᠤᠭ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠲᠠᠮᠢᠷᠴᠢᠨ ᠳᠠᠰᠬᠠᠯᠵᠢᠭᠤᠯᠤᠭᠴᠢ ᠶᠢᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠵᠤ ᠣᠯᠣᠭᠰᠠᠨ ᠬᠢᠷᠢ ᠪᠦᠲᠦᠮᠵᠢ ᠶᠢ ᠱᠠᠩᠨᠠᠬᠤ ᠲᠤᠬᠠᠢ ᠠᠷᠭ᠎ᠠ ᠶᠢ ᠬᠢᠨᠠᠨ ᠵᠥᠪᠯᠡᠵᠦ ᠪᠠᠲᠤᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ