︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/9/2

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

ᠥᠪᠥᠷ ᠵᠠᠰᠠᠭ ᠲᠠᠷᠬᠠᠭᠠᠭᠰᠠᠨ 〔2024〕 21 ᠳ᠋ᠦ᠋ᠭᠡᠷ ᠲᠣᠭᠠᠲᠤ

      

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ 

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ 

 

      

      2024 ᠣᠨ ᠤ 7 ᠳ᠋ᠤᠭᠠᠷ ᠰᠠᠷ᠎ᠠ ᠶᠢᠨ 16 ᠤ ᠡᠳᠦᠷ

︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ

ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ 

 

      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ 〔2024〕 2 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃

      ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠮᠴᠢᠯᠡᠭᠴᠢ ᠶᠢᠨ ᠬᠤᠪᠢ ᠪᠠᠷ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠠᠤᠯᠢ ᠶᠣᠰᠣᠭᠠᠷ ᠣᠯᠬᠤ ᠶᠢᠨ ᠬᠠᠮᠲᠤ᠂ ᠣᠯᠣᠭᠰᠠᠨ ᠠᠰᠢᠭ  ᠣᠷᠣᠯᠭ᠎ᠠ ᠶᠢ ᠬᠤᠪᠢᠶᠠᠷᠢᠯᠠᠬᠤ ᠠᠴᠠ ᠪᠣᠯᠤᠭᠰᠠᠨ ᠡᠯ᠎ᠡ ᠵᠦᠢᠯ ᠤᠨ ᠣᠷᠣᠯᠭ᠎ᠠ ᠵᠠᠷᠤᠯᠭ᠎ᠠ ᠶᠢᠨ ᠲᠥᠰᠥᠪ ᠢ ᠵᠢᠭᠠᠵᠤ ᠪᠤᠢ᠃ 

      ᠭᠤᠷᠪᠠᠳᠤᠭᠠᠷ ᠵᠦᠢᠯ   ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠨᠢᠭᠡᠴᠢ ︵ᠳᠣᠷᠣᠭᠰᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠭᠡᠵᠦ ᠲᠣᠪᠴᠢᠯᠠᠨ᠎ᠠ︶ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠠᠵᠤ ᠠᠬᠤᠶᠢᠯᠠᠯ ︵ᠳᠣᠷᠣᠭᠰᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠭᠡᠵᠦ ᠲᠣᠪᠴᠢᠯᠠᠨ᠎ᠠ︶ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠥᠪ ᠤᠨ ᠭᠦᠢᠴᠡᠳᠬᠡᠯ ᠬᠢᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ ᠵᠦᠢᠯᠡᠰ ᠲᠤ ᠲᠣᠬᠢᠷᠠᠭᠤᠯᠤᠨ ᠬᠡᠷᠡᠭᠯᠡᠨ᠎ᠡ᠃ 

      ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠡᠷᠬᠡ ᠪᠠᠷ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ᠂ ᠰᠠᠯᠠᠭ᠎ᠠ ᠮᠥᠴᠢᠷ ᠨᠢᠭᠡᠴᠢ ᠵᠢᠴᠢ ᠪᠡᠯᠡ ᠭᠠᠷᠭᠠᠵᠤ ᠠᠵᠤ ᠠᠬᠤᠶᠢᠯᠠᠯ ᠪᠠᠶᠢᠭᠤᠯᠤᠭᠰᠠᠨ ᠨᠠᠮ ᠵᠠᠰᠠᠭ ᠤᠨ  ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢ ᠵᠢᠭᠠᠵᠤ ᠪᠣᠶ᠃ 

      ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ ᠬᠡᠪᠴᠢᠶᠡᠨ ᠳᠤ ᠣᠷᠣᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠨᠢᠭᠡᠳᠦᠭᠡᠷ ᠳᠡᠰ ᠤᠨ ᠠᠵᠤ ᠠᠬᠤᠶᠢᠯᠠᠯ ᠢ ᠵᠢᠭᠠᠵᠤ ᠪᠣᠶ᠂ ᠡᠭᠦᠨ ᠳᠤ ᠤᠯᠤᠰ ᠤᠨ ᠥᠮᠴᠢᠯᠡᠯᠲᠦ ᠲᠤᠰᠠᠭᠠᠷ ᠪᠡᠯᠡᠲᠦ ᠠᠵᠤ ᠠᠬᠤᠶᠢᠯᠠᠯ ︵ᠺᠣᠮᠫᠠᠨᠢ︶᠂ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠬᠤᠪᠢ  ᠣᠷᠣᠭᠰᠠᠨ ᠠᠵᠤ ᠠᠬᠤᠶᠢᠯᠠᠯ ᠪᠠᠭᠲᠠᠨ᠎ᠠ᠃ 

      ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠠᠴᠠ ᠰᠢᠭᠤᠳ ᠪᠡᠯᠡ ᠭᠠᠷᠭᠠᠭᠰᠠᠨ ᠵᠢᠴᠢ ᠪᠤᠰᠤᠳ ᠰᠠᠯᠠᠭ᠎ᠠ ᠮᠥᠴᠢᠷ ᠨᠢᠭᠡᠴᠢ ᠳᠤ ᠡᠷᠬᠡ ᠣᠯᠭᠤᠵᠤ ᠣᠷᠣᠯᠠᠭᠤᠯᠤᠨ ᠪᠡᠯᠡ ᠭᠠᠷᠭᠠᠭᠰᠠᠨ ᠪᠤᠶᠤ ᠬᠤᠪᠢᠴᠠᠭ᠎ᠠ ᠡᠵᠡᠮᠰᠢᠭᠰᠡᠨ ᠠᠵᠤ ᠠᠬᠤᠶᠢᠯᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠬᠡᠷᠡᠭᠲᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ  ᠤ ᠲᠤᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠠᠵᠤ  ᠠᠬᠤᠶᠢᠯᠠᠯᠴᠢᠯᠠᠨ ᠬᠠᠮᠢᠶᠠᠷᠴᠤ ᠪᠦᠬᠦᠢ ᠠᠵᠢᠯ ᠦᠢᠯᠡᠰ ᠤᠨ ᠨᠢᠭᠡᠴᠢ ᠪᠠᠭᠲᠠᠨ᠎ᠠ᠃ 

      ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠡᠯᠡ ᠭᠠᠷᠭᠠᠵᠤ ᠪᠠᠶᠢᠭᠤᠯᠤᠭᠰᠠᠨ ᠪᠣᠯᠪᠠᠴᠤ ᠲᠡᠳᠡᠭᠡᠷ ︵ᠪᠦᠯᠦᠭᠯᠡᠯ︶ ᠤᠨ ᠣᠨ ᠤ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠤᠨ ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠠᠳᠤᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠪᠠ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠢ ᠨᠢᠭᠡᠳᠦᠭᠡᠷ ᠳᠡᠰ ᠤᠨ ᠠᠵᠤ ᠠᠬᠤᠶᠢᠯᠠᠯ ᠢᠶᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ 

      ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠳᠤ ᠪᠥᠬᠦ ᠲᠠᠯ᠎ᠠ ᠶᠢ ᠬᠠᠮᠤᠷᠬᠤ᠂ ᠪᠡᠶ᠎ᠡ ᠪᠠᠨ ᠳᠠᠭᠠᠭᠠᠭᠰᠠᠨ ᠪᠥᠭᠡᠳ ᠪᠦᠷᠢᠨ ᠪᠦᠲᠦᠨ ᠪᠠᠶᠢᠯᠭᠠᠬᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠡᠩ ᠤᠨ ᠣᠯᠠᠨ ᠨᠡᠶᠢᠲᠡ ᠶᠢᠨ ᠲᠥᠰᠥᠪ ᠯᠦᠭᠡ ᠵᠣᠯᠭᠠᠭᠤᠯᠬᠤ ᠶᠢ ᠴᠢᠩᠭᠠᠳᠬᠠᠵᠤ᠂ ᠡᠩ ᠤᠨ ᠣᠯᠠᠨ ᠨᠡᠶᠢᠲᠡ ᠶᠢᠨ ᠲᠥᠰᠥᠪ ᠲᠡᠶᠢᠰᠢ ᠰᠢᠯᠵᠢᠭᠦᠯᠦᠨ ᠭᠠᠷᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ 

      ᠬᠤᠶᠠᠳᠤᠭᠠᠷ ᠪᠦᠯᠦᠭ   ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ

      ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠠᠮᠲᠤ ᠪᠠᠷ ᠬᠠᠷᠢᠭᠤᠴᠠᠬᠤ ᠬᠡᠷᠡᠭᠲᠡᠢ᠃ 

      ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ᠄ 

      ︵ᠨᠢᠭᠡ︶ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠬᠤᠷᠢᠶᠠᠩᠭᠤᠶᠢᠯᠠᠵᠤ ᠭᠠᠷᠭᠠᠨ᠎ᠠ ︔

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠨ᠎ᠠ ︔ 

      ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ ᠵᠣᠬᠢᠶᠠᠨ ᠪᠠᠶᠢᠭᠤᠯᠤᠨ᠎ᠠ ︔ 

      ︵ᠳᠥᠷᠪᠡ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠬᠠᠨᠳᠤᠰᠢ ᠪᠠ ᠭᠤᠣᠯᠳᠠᠯᠭ᠎ᠠ ᠶᠢ ᠲᠤᠭᠤᠷᠪᠢᠨ ᠲᠣᠭᠲᠠᠭᠠᠨ᠎ᠠ ︔ 

      ︵ᠲᠠᠪᠤ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ᠂ ᠲᠥᠰᠥᠪ ᠤᠨ ᠲᠣᠬᠢᠷᠠᠭᠤᠯᠤᠯᠲᠠ ᠪᠠ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠬᠢᠨᠠᠨ ᠬᠠᠷᠭᠤᠭᠤᠯᠬᠤ ᠪᠠ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠦᠪᠯᠡᠭᠦᠯᠦᠨ᠎ᠡ ︔ 

      ︵ᠵᠢᠷᠭᠤᠭ᠎ᠠ︶ ᠣᠨ ᠤ ᠲᠥᠰᠥᠪ ᠤᠨ ᠪᠣᠳᠠᠲᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠰᠥᠪ ᠤᠨ ᠲᠣᠬᠢᠷᠠᠭᠤᠯᠤᠯᠲᠠ ᠶᠢᠨ ᠵᠢᠷᠤᠮ ᠢ ᠭᠦᠢᠴᠡᠳᠬᠡᠨ᠎ᠡ ︔ 

      ︵ᠲᠤᠯᠤᠭ᠎ᠠ︶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠪ ᠤᠨ ᠭᠦᠢᠴᠡᠳᠬᠡᠯ︶ ᠲᠤ ᠬᠠᠷᠢᠭᠤ ᠴᠣᠬᠤᠯᠠᠪᠤᠷᠢ ᠥᠭᠭᠦᠨ᠎ᠡ ︔ 

      ︵ᠨᠠᠢᠮᠠ︶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠢ ᠵᠢᠭᠠᠨ ᠵᠢᠯᠤᠭᠤᠳᠴᠤ ᠪᠠᠶᠢᠭᠠᠳ ᠪᠦᠬᠦ ᠶᠠᠪᠤᠴᠠ ᠳᠤ ᠨᠢ ᠠᠮᠵᠢᠯᠲᠠ ᠪᠦᠲᠦᠮᠵᠢ ᠶᠢᠨ  ᠬᠠᠮᠢᠶᠠᠷᠤᠯᠲᠠ ᠶᠢ ᠬᠡᠷᠡᠭᠵᠢᠭᠦᠯᠦᠨ᠎ᠡ ︔

      ︵ᠶᠢᠰᠦ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃ 

      ᠶᠢᠰᠦᠳᠦᠭᠡᠷ ᠵᠦᠢᠯ   ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠄ 

      ︵ᠨᠢᠭᠡ︶ ᠪᠡᠯᠡ ᠭᠠᠷᠭᠠᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠡᠳ᠋ ᠬᠥᠷᠥᠩᠭᠡ ᠶᠢᠨ ᠡᠷᠬᠡ ᠠᠰᠢᠭ᠂ ᠣᠯᠵᠠᠪᠤᠷᠢ ᠠᠯᠳᠠᠪᠤᠷᠢ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠵᠦ᠂ ᠪᠡᠯᠡ ᠭᠠᠷᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠶᠢᠨ ᠬᠠᠮᠲᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠪᠯᠡᠷᠡᠩᠭᠦᠢ ᠪᠥᠭᠡᠳ ᠨᠢᠭᠡᠳᠦᠯᠲᠡᠢ ᠬᠢᠨᠠᠯᠲᠠ ᠬᠠᠮᠢᠶᠠᠷᠤᠯᠲᠠ ᠲᠠᠢ ᠨᠢ ᠤᠶᠠᠯᠳᠤᠭᠤᠯᠤᠨ ᠬᠥᠳᠡᠯᠦᠩᠭᠦᠢ ᠰᠢᠨᠡᠳᠬᠡᠨ᠎ᠡ᠂ ᠨᠡᠷᠡᠰ ᠤᠨ ᠵᠢᠭᠰᠠᠭᠠᠯᠲᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠪᠠᠯ᠂ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠶ ︔ 

      ︵ᠬᠤᠶᠠᠷ︶ ᠬᠢᠨᠠᠨ ᠬᠠᠮᠢᠶᠠᠷᠴᠤ ᠪᠦᠬᠦᠢ︵ᠬᠠᠷᠢᠶ᠎ᠠ︶ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠬᠢᠨᠠᠨ ᠬᠠᠷᠭᠤᠭᠤᠯᠵᠤ᠂ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠢ ᠳᠤᠷᠠᠳᠤᠨ ᠭᠠᠷᠭᠠᠯᠭᠠᠨ᠎ᠠ ︔ 

      ︵ᠭᠤᠷᠪᠠ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠮᠡᠳᠡᠭᠦᠯᠦᠨ ᠬᠦᠷᠭᠡᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠤᠰ ᠰᠠᠯᠠᠭ᠎ᠠ ᠮᠥᠴᠢᠷ ᠨᠢᠭᠡᠴᠢ᠂ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ  ᠢ ᠭᠦᠢᠴᠡᠳᠬᠡᠬᠦ ᠠᠵᠢᠯ ᠢ ᠨᠢ ᠵᠣᠬᠢᠶᠠᠨ ᠪᠠᠶᠢᠭᠤᠯᠤᠨ᠎ᠠ ︔ 

      ︵ᠳᠥᠷᠪᠡ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠲᠥᠰᠥᠪ ᠭᠦᠢᠴᠡᠳᠬᠡᠭᠰᠡᠨ ᠪᠠᠶᠢᠳᠠᠯ ᠪᠠ ᠪᠣᠳᠠᠲᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ ᠦᠨᠳᠦᠰᠦᠯᠡᠨ᠂ ᠲᠥᠰᠥᠪ ᠤᠨ ᠲᠣᠬᠢᠷᠠᠭᠤᠯᠤᠯᠲᠠ ᠬᠢᠬᠦ ᠪᠠᠷ ᠳᠡᠪᠰᠢᠭᠦᠯᠦᠨ ᠮᠡᠳᠡᠭᠦᠯᠬᠦ ᠵᠢᠷᠤᠮ ᠢ ᠭᠦᠢᠴᠡᠳᠭᠡᠨ᠎ᠡ ︔ 

      ︵ᠲᠠᠪᠤ︶ ᠲᠤᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠨ᠎ᠠ ︔ 

      ︵ᠵᠢᠷᠭᠤᠭ᠎ᠠ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠪ ᠤᠨ ᠭᠦᠢᠴᠡᠳᠬᠡᠯ︶ ᠲᠤ  ᠨᠢ ᠬᠠᠷᠢᠭᠤ ᠴᠣᠬᠤᠯᠠᠪᠤᠷᠢ ᠥᠭᠭᠦᠨ᠎ᠡ ︔ 

      ︵ᠳᠣᠯᠤᠭ᠎ᠠ︶ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠠᠬᠢ ᠪᠥᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ ︔ 

      ︵ᠨᠠᠢᠮᠠ︶ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃ 

      ᠠᠷᠪᠠᠳᠤᠭᠠᠷ ᠵᠦᠢᠯ   ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ᠄

      ︵ᠨᠢᠭᠡ︶ ᠲᠥᠰᠥᠪ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠦᠨᠳᠦᠰᠦᠯᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠳᠤᠷᠠᠳᠤᠨ ᠭᠠᠷᠭᠠᠨ᠎ᠠ ︔

      ︵ᠬᠤᠶᠠᠷ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢ ᠲᠣᠭᠲᠠᠭᠠᠯ ᠶᠣᠰᠣᠭᠠᠷ ᠮᠡᠳᠡᠭᠦᠯᠵᠦ᠂ ᠳᠡᠭᠡᠭᠰᠢ ᠲᠤᠰᠢᠶᠠᠨ᠎ᠠ ︔

      ︵ᠭᠤᠷᠪᠠ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠤᠬᠠᠢ ᠴᠣᠬᠤᠯᠠᠪᠤᠷᠢ ᠶᠢ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠭᠡᠯᠲᠡ᠂ ᠲᠥᠰᠥᠪ ᠤᠨ ᠭᠦᠢᠴᠡᠳᠬᠡᠯ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠪᠠᠶᠢᠳᠠᠯ ᠢᠶᠠᠨ ᠮᠡᠳᠡᠭᠦᠯᠵᠦ᠂ ᠬᠠᠤᠯᠢ ᠶᠣᠰᠣᠭᠠᠷ ᠬᠢᠨᠠᠯᠲᠠ ᠲᠠᠯᠪᠢᠯᠲᠠ ᠶᠢ ᠬᠦᠯᠢᠶᠡᠨ᠎ᠡ ︔ 

      ︵ᠳᠥᠷᠪᠡ︶ ᠠᠵᠤ ᠠᠬᠤᠶᠢᠯᠠᠯ ᠤᠨ ᠳᠣᠲᠣᠭᠠᠳᠤᠬᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠪᠠ ᠬᠢᠨᠠᠨ ᠪᠤᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠡᠯᠡ ᠮᠥᠩᠭᠦᠨ ᠤ ᠲᠣᠭᠠᠴᠠᠭ᠎ᠠ ᠬᠢᠬᠦ ᠶᠢ ᠵᠢᠷᠤᠮᠵᠢᠭᠤᠯᠤᠨ᠂ ᠪᠡᠯᠡ ᠮᠥᠩᠭᠦ ᠶᠢ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃ 

      ᠭᠤᠷᠪᠠᠳᠤᠭᠠᠷ ᠪᠦᠯᠦᠭ   ᠣᠷᠣᠯᠭ᠎ᠠ ᠵᠠᠷᠤᠯᠭ᠎ᠠ ᠶᠢᠨ ᠬᠡᠪᠴᠢᠶ᠎ᠡ

      ᠠᠷᠪᠠᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠪᠣᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠮᠥᠷᠲᠡᠭᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠳᠤ ᠣᠷᠣᠭᠤᠯᠤᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠪᠣᠯᠣᠨ᠎ᠠ᠂ ᠡᠭᠦᠨ ᠳᠤ ᠪᠠᠭᠲᠠᠭᠳᠠᠬᠤ ᠨᠢ ᠭᠤᠣᠯᠳᠠᠭᠤ᠄ 

      ︵ᠨᠢᠭᠡ︶ ᠲᠤᠰᠢᠶᠠᠬᠤ ᠶᠣᠰᠣᠲᠠᠢ ᠠᠰᠢᠭ ᠣᠯᠵᠠᠪᠤᠷᠢ ᠶᠢᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠲᠤᠰᠢᠶᠠᠪᠠᠰᠤ ᠵᠣᠬᠢᠬᠤ ᠠᠰᠢᠭ ᠢ ᠬᠢᠨᠠᠨ ᠪᠤᠳᠤᠭᠰᠠᠨ ᠣᠨ ᠤ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠳᠤ ᠨᠡᠶᠢᠯᠡᠭᠦᠯᠵᠦ ᠲᠤᠰᠬᠠᠭᠰᠠᠨ ᠡᠬᠡ ᠺᠣᠮᠫᠠᠨᠢ ᠶᠢᠨ ᠥᠮᠴᠢᠯᠡᠭᠴᠢ ᠳᠤ ᠬᠠᠷᠢᠶᠠᠯᠠᠭᠳᠠᠬᠤ ᠴᠡᠪᠡᠷ ᠠᠰᠢᠭ ᠣᠯᠵᠠᠪᠤᠷᠢ ᠪᠠᠷ ᠰᠠᠭᠤᠷᠢ ᠪᠣᠯᠭᠠᠵᠤ᠂ ᠥᠩᠭᠡᠷᠡᠭᠰᠡᠨ ᠵᠢᠯ ᠤᠳ ᠤᠨ ᠨᠥᠬᠦᠪᠦᠷᠢᠯᠡᠭᠡᠳᠦᠢ ᠠᠯᠳᠠᠪᠤᠷᠢ᠂ ᠭᠠᠷᠭᠠᠨ ᠠᠪᠤᠭᠰᠠᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠠᠤᠯᠢ ᠶᠣᠰᠣᠭᠠᠷ ᠰᠠᠭᠤᠯᠭᠠᠨ ᠠᠪᠤᠭᠰᠠᠨ ᠤ ᠳᠠᠷᠠᠭ᠎ᠠ᠂ ᠵᠣᠬᠢᠬᠤ ᠬᠠᠷᠢᠴᠠᠯ ᠢᠶᠠᠷ ᠳᠡᠭᠡᠭᠰᠢ ᠲᠤᠰᠢᠶᠠᠨ᠎ᠠ᠃ 

      ︵ᠬᠤᠶᠠᠷ︶ ᠬᠤᠪᠢᠴᠠᠭᠠᠨ ᠤ ᠠᠰᠢᠭ᠂ ᠬᠤᠪᠢᠴᠠᠭᠠᠨ ᠤ ᠬᠦᠦ ᠮᠥᠩᠭᠦ ᠶᠢᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠲᠤᠰᠢᠶᠠᠪᠠᠰᠤ ᠵᠣᠬᠢᠬᠤ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢᠨ ᠬᠤᠪᠢᠴᠠᠭᠠᠨ ᠤ ᠬᠦᠦ ᠮᠥᠩᠭᠦ ᠶᠢᠨ ᠴᠡᠪᠡᠷ ᠠᠰᠢᠭ ᠢ ᠬᠤᠪᠢ ᠣᠷᠣᠭᠤᠯᠤᠭᠴᠢᠳ ᠤᠨ ︵ᠶᠡᠭᠡ︶ ᠬᠤᠷᠠᠯ ︵ᠬᠤᠪᠢ ᠣᠷᠣᠭᠤᠯᠤᠭᠴᠢᠳ ᠤᠨ ᠵᠥᠪᠯᠡᠯ ᠪᠤᠶᠤ ᠬᠤᠪᠢ ᠣᠷᠣᠭᠤᠯᠤᠭᠴᠢᠳ ᠤᠨ ᠶᠡᠭᠡ ᠬᠤᠷᠠᠯ ᠪᠠᠶᠢᠭᠤᠯᠤᠭᠰᠠᠨ ᠦᠭᠡᠢ ᠨᠢ ᠬᠡᠷᠡᠭ ᠮᠡᠳᠡᠭᠴᠢᠳ ᠤᠨ ᠬᠤᠷᠠᠯ ᠪᠣᠯᠣᠨ᠎ᠠ᠂ ᠳᠣᠷᠣᠭᠰᠢ ᠠᠳᠠᠯᠢ︶ ᠤᠨ ᠰᠢᠢᠳᠪᠦᠷᠢ ᠪᠠᠷ ᠪᠠᠲᠤᠯᠠᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠶᠣᠰᠣᠭᠠᠷ᠂ ᠪᠦᠬᠦᠨ ᠢ  ᠳᠡᠭᠡᠭᠰᠢ ᠲᠤᠰᠢᠶᠠᠨ᠎ᠠ᠃ 

      ︵ᠭᠤᠷᠪᠠ︶ ᠥᠮᠴᠢᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠥᠮᠴᠢᠯᠡᠬᠦ ᠡᠷᠬᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢ ᠰᠢᠯᠵᠢᠭᠦᠯᠦᠨ ᠥᠭᠭᠦᠭᠰᠡᠨ ᠴᠡᠪᠡᠷ ᠣᠷᠣᠯᠭ᠎ᠠ ᠪᠠᠨ ᠪᠦᠬᠦᠨ ᠢ ᠳᠡᠭᠡᠭᠰᠢ ᠲᠤᠰᠢᠶᠠᠨ᠎ᠠ᠃ 

      ︵ᠳᠥᠷᠪᠡ︶ ᠢᠯᠭᠠᠷᠠᠭᠤᠯᠤᠨ ᠪᠤᠳᠤᠭᠰᠠᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠢᠯᠭᠠᠷᠠᠭᠤᠯᠤᠨ ᠪᠤᠳᠤᠭᠰᠠᠨ ᠣᠷᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ᠬᠤᠪᠢᠴᠠᠭ᠎ᠠ︶ ᠶᠢᠨ ᠬᠦᠷᠲᠡᠵᠦ ᠪᠠᠶᠢᠭ᠎ᠠ ᠢᠯᠭᠠᠷᠠᠭᠤᠯᠤᠨ ᠪᠤᠳᠤᠭᠰᠠᠨ ᠣᠷᠣᠯᠭ᠎ᠠ ᠠᠴᠠ ᠢᠯᠭᠠᠷᠠᠭᠤᠯᠤᠨ ᠪᠤᠳᠤᠭᠰᠠᠨ ᠵᠠᠷᠤᠳᠠᠯ ᠢ ᠨᠢ ᠬᠠᠰᠤᠵᠤ ᠭᠠᠷᠭᠠᠭᠰᠠᠨ ᠤ ᠳᠠᠷᠠᠭᠠᠬᠢ ᠬᠡᠰᠡᠭ ᠢᠶᠠᠨ ᠪᠦᠬᠦᠨ ᠢ ᠳᠡᠭᠡᠭᠰᠢ ᠲᠤᠰᠢᠶᠠᠨ᠎ᠠ᠃ 

      ︵ᠲᠠᠪᠤ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃ ᠳᠡᠭᠡᠷ᠎ᠡ ᠳᠤᠷᠠᠳᠤᠭᠰᠠᠨ ᠣᠷᠣᠯᠭ᠎ᠠ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠡᠭᠡᠭᠰᠢ ᠲᠤᠰᠢᠶᠠᠬᠤ ᠪᠠᠷ ᠪᠣᠯᠤᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃ 

      ᠠᠷᠪᠠᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠠᠰᠢᠭ ᠣᠯᠵᠠᠪᠤᠷᠢ ᠶᠢᠨ ᠣᠷᠣᠯᠭ᠎ᠠ ᠶᠢᠨ ᠳᠡᠭᠡᠭᠰᠢ ᠲᠤᠰᠢᠶᠠᠬᠤ ᠬᠠᠷᠢᠴᠠᠯ ᠢ ᠲᠥᠷᠥᠯ ᠪᠠ ᠲᠠᠰ ᠬᠤᠪᠢᠶᠠᠬᠤ ᠳᠦᠷᠢᠮ ᠢᠶᠠᠷ ᠲᠣᠭᠲᠠᠭᠠᠵᠤ᠂ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ ᠳᠡᠭᠡᠭᠰᠢ ᠲᠤᠰᠢᠶᠠᠬᠤ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠯᠦᠭᠡ ᠬᠠᠮᠲᠤᠷᠠᠨ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠬᠡᠷᠡᠭᠯᠡᠭᠳᠡᠬᠦ ᠳᠡᠭᠡᠭᠰᠢ ᠲᠤᠰᠢᠶᠠᠬᠤ ᠠᠰᠢᠭ ᠣᠷᠣᠯᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠯᠦᠭᠡ ᠬᠠᠮᠲᠤᠷᠠᠵᠤ ᠨᠤᠲᠠᠯᠠᠨ ᠲᠣᠭᠲᠠᠭᠠᠨ᠎ᠠ᠃ 

      ᠠᠷᠪᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠨᠢ ᠣᠨ ᠤ ᠴᠡᠪᠡᠷ ᠠᠰᠢᠭ ᠣᠯᠵᠠᠪᠤᠷᠢ ᠪᠠᠨ ᠬᠠᠤᠯᠢ ᠲᠣᠭᠲᠠᠭᠠᠯ ᠶᠣᠰᠣᠭᠠᠷ ᠬᠤᠪᠢᠶᠠᠷᠢᠯᠠᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠠᠤᠯᠢ ᠲᠣᠭᠲᠠᠭᠠᠯ ᠶᠣᠰᠣᠭᠠᠷ ᠬᠤᠪᠢ ᠣᠷᠣᠭᠤᠯᠤᠭᠴᠢᠳ ᠤᠨ ︵ᠶᠡᠭᠡ︶ ᠬᠤᠷᠠᠯ ᠳᠤ ᠰᠠᠨᠠᠯ ᠢᠶᠠᠨ ᠢᠯᠡᠳᠬᠡᠬᠦ ᠶᠢᠨ ᠬᠠᠮᠲᠤ ᠪᠠᠲᠤᠯᠠᠬᠤ ᠡᠷᠬᠡ ᠪᠠᠨ ᠬᠡᠷᠡᠭᠵᠢᠭᠦᠯᠵᠦ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠰᠠᠨᠠᠯ ᠢ ᠰᠤᠳᠤᠯᠤᠨ ᠳᠤᠷᠠᠳᠬᠤ ᠳᠤ ᠪᠠᠨ᠂ ᠳᠤᠷᠠᠳᠤᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠪᠠᠨ ᠠᠳᠠᠯᠢ ᠲᠦᠷᠦᠯ ᠤᠨ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ᠺᠣᠮᠫᠠᠨᠢ︶ ᠤᠨ ᠠᠰᠢᠭ ᠣᠷᠣᠯᠭ᠎ᠠ ᠶᠢᠨ ᠳᠡᠭᠡᠭᠰᠢ ᠲᠤᠰᠢᠶᠠᠬᠤ ᠲᠦᠪᠰᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︔ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢᠶᠠᠨ ᠬᠠᠤᠯᠢ ᠶᠣᠰᠣᠭᠠᠷ ᠴᠠᠭ ᠲᠤᠬᠠᠢ ᠳᠤ ᠨᠢ ᠲᠣᠭᠲᠠᠭᠠᠯᠭᠠᠬᠤ ᠬᠡᠷᠡᠭᠲᠡᠢ᠂ ᠬᠤᠪᠢ ᠣᠷᠣᠭᠤᠯᠤᠭᠴᠢᠳ ᠤᠨ ︵ᠶᠡᠭᠡ︶ ᠬᠤᠷᠠᠯ ᠢᠶᠠᠷ ᠳᠡᠭᠡᠷ᠎ᠡ ᠵᠢᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠥᠯ ᠢ ᠬᠢᠨᠠᠨ ᠵᠥᠪᠯᠡᠵᠦ ᠲᠣᠭᠲᠠᠭᠠᠬᠤ ᠴᠠᠭ ᠢ ᠨᠢ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠬᠤᠶᠢᠰᠢ ᠪᠠᠶᠢᠯᠭᠠᠵᠤ ᠪᠣᠯᠬᠤ ᠦᠭᠡᠢ᠃ 

      ᠠᠷᠪᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠠᠬᠢ ᠵᠠᠷᠤᠯᠭ᠎ᠠ ᠶᠢᠨ ᠬᠠᠨᠳᠤᠰᠢ ᠪᠠ ᠭᠤᠣᠯᠳᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠦᠨᠳᠦᠰᠦᠯᠡᠨ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠂ ᠲᠥᠰᠥᠪ ᠢ ᠲᠣᠬᠢᠷᠠᠭᠤᠯᠬᠤ ᠳᠤ ᠵᠠᠩᠭᠢᠯᠠᠭ᠎ᠠ ᠪᠣᠯᠬᠤ ᠬᠦᠷᠢᠶ᠎ᠡ ᠪᠠ ᠠᠨᠠᠢ ᠪᠠᠶᠢᠭ᠎ᠠ ᠭᠤᠭᠴᠤᠭ᠎ᠠ ᠳᠤ ᠬᠠᠨᠳᠤᠭᠤᠯᠤᠨ ᠲᠥᠪᠯᠡᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠳᠤ ᠬᠥᠷᠥᠩᠭᠡ ᠶᠢᠨ ᠴᠢᠨᠠᠷᠲᠠᠢ ᠵᠠᠷᠤᠯᠭ᠎ᠠ᠂ ᠵᠠᠷᠤᠳᠠᠯ ᠤᠨ ᠴᠢᠨᠠᠷᠲᠠᠢ ᠵᠠᠷᠤᠯᠭ᠎ᠠ ᠪᠠ ᠪᠤᠰᠤᠳ ᠵᠠᠷᠤᠯᠭ᠎ᠠ ᠶᠢ ᠪᠠᠭᠲᠠᠭᠠᠵᠤ᠂ ᠡᠩ ᠤᠨ ᠣᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠣᠭᠤᠯᠬᠤ ᠠᠴᠠ ᠭᠠᠳᠠᠨ᠎ᠠ᠂ ᠭᠤᠣᠯᠳᠠᠭᠤ ᠳᠣᠣᠷᠠᠬᠢ ᠬᠡᠷᠡᠭᠴᠡᠭᠡ ᠳᠤ ᠬᠡᠷᠡᠭᠯᠡᠨ᠎ᠡ᠄ 

      ︵ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠳᠤ  ᠬᠥᠷᠥᠩᠭᠡ ᠶᠢᠨ ᠮᠥᠩᠭᠦᠨ ᠤ ᠣᠷᠣᠭᠤᠯᠤᠯᠲᠠ ᠬᠢᠬᠦ ︔ 

      ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠢᠴᠢ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠥᠪᠡᠷ ᠤᠨ ᠦᠷᠲᠡᠭ ᠪᠦᠬᠦᠢ ᠵᠠᠷᠤᠯᠭ᠎ᠠ ᠪᠠᠷ ᠵᠠᠷᠤᠴᠠᠭᠤᠯᠬᠤ ︔ 

      ︵ᠭᠤᠷᠪᠠ︶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠳᠤ ᠲᠦᠷᠤ ᠶᠢᠨ ᠪᠣᠳᠣᠯᠭ᠎ᠠ ᠶᠢᠨ ᠴᠢᠨᠠᠷᠲᠠᠢ ᠨᠡᠮᠡᠭᠦᠷᠢ ᠣᠯᠭᠤᠬᠤ ︔

      ︵ᠳᠥᠷᠪᠡ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠤᠰᠤᠳ ᠵᠠᠷᠤᠯᠭ᠎ᠠ᠃ 

      ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠵᠢᠯ ᠪᠦᠷᠢ ᠲᠤᠬᠠᠢ ᠶᠢᠨ ᠵᠢᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠣᠷᠣᠯᠭ᠎ᠠ ᠶᠢᠨ ᠵᠣᠬᠢᠬᠤ ᠬᠠᠷᠢᠴᠠᠯ ᠢᠶᠠᠷ ᠡᠩ ᠤᠨ ᠤᠯᠠᠨ ᠨᠡᠶᠢᠲᠡ ᠶᠢᠨ ᠲᠥᠰᠥᠪ ᠲᠤ ᠰᠢᠯᠵᠢᠭᠦᠯᠦᠨ ᠣᠷᠣᠭᠤᠯᠤᠨ᠎ᠠ᠂ ᠰᠢᠯᠵᠢᠭᠦᠯᠦᠨ ᠣᠷᠣᠭᠤᠯᠬᠤ ᠬᠠᠷᠢᠴᠠᠯ ᠢ ᠨᠢ 30% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ 

      ᠳᠥᠷᠪᠡᠳᠦᠭᠡᠷ ᠪᠦᠯᠦᠭ   ᠲᠥᠰᠥᠪ ᠢ ᠨᠠᠶᠢᠷᠠᠭᠤᠯᠤᠨ ᠵᠣᠬᠢᠶᠠᠬᠤ

      ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠣᠨ ᠢᠶᠠᠷ ᠲᠤᠰᠠᠭᠠᠷ ᠨᠠᠶᠢᠷᠠᠭᠤᠯᠤᠨ ᠵᠣᠬᠢᠶᠠᠨ᠎ᠠ᠃ 

      ᠠᠷᠪᠠᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠢ ᠨᠠᠶᠢᠷᠠᠭᠤᠯᠤᠨ ᠵᠣᠬᠢᠶᠠᠬᠤ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠢ ᠨᠠᠶᠢᠷᠠᠭᠤᠯᠵᠤ ᠮᠡᠳᠡᠭᠦᠯᠬᠦ ᠠᠵᠢᠯ ᠢᠶᠠᠨ ᠪᠠᠶᠢᠷᠢᠯᠠᠭᠤᠯᠤᠨ ᠲᠣᠬᠢᠷᠠᠭᠤᠯᠵᠤ᠂ ᠲᠥᠰᠥᠪ ᠢ ᠨᠠᠶᠢᠷᠠᠭᠤᠯᠤᠨ ᠵᠣᠬᠢᠶᠠᠬᠤ ᠣᠨ ᠤ ᠱᠠᠭᠠᠷᠳᠠᠯᠭ᠎ᠠ ᠪᠠ ᠲᠥᠰᠥᠪ ᠤᠨ ᠮᠡᠳᠡᠭᠦᠯᠬᠦ ᠬᠦᠰᠦᠨᠦᠭᠲᠦ ᠶᠢᠨ ᠬᠡᠯᠪᠡᠷᠢ ᠶᠢ ᠨᠢ ᠲᠣᠳᠣᠷᠬᠠᠢ ᠲᠣᠭᠲᠠᠭᠠᠬᠤ ᠬᠡᠷᠡᠭᠲᠡᠢ᠃ 

      ᠠᠷᠪᠠᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ ᠵᠣᠬᠢᠶᠠᠬᠤ ᠪᠣᠳᠠᠲᠠᠢ ᠲᠠᠰ ᠳᠠᠷᠠᠭᠠᠯᠠᠯ ᠨᠢ ᠳᠣᠣᠷᠠᠬᠢ ᠮᠡᠲᠦ᠄ 

      ︵ᠨᠢᠭᠡ︶ ᠵᠣᠬᠢᠶᠠᠨ ᠪᠠᠶᠢᠭᠤᠯᠵᠤ ᠲᠣᠬᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠠᠶᠢᠷᠠᠭᠤᠯᠤᠨ ᠮᠡᠳᠡᠭᠦᠯᠬᠦ ᠪᠣᠳᠠᠲᠠᠢ ᠱᠠᠭᠠᠷᠳᠠᠯᠭ᠎ᠠ ᠶᠢ ᠬᠠᠷᠢᠭᠤᠴᠠᠨ ᠲᠣᠭᠲᠠᠭᠠᠨ᠎ᠠ ︔ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠲᠥᠰᠥᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠠᠶᠢᠷᠠᠭᠤᠯᠤᠨ ᠵᠣᠬᠢᠶᠠᠬᠤ  ᠯᠤᠭ᠎ᠠ ᠬᠠᠮᠢᠶ᠎ᠠ ᠲᠠᠢ ᠰᠠᠭᠤᠷᠢ ᠠᠵᠢᠯ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠵᠣᠬᠢᠴᠠᠭᠤᠯᠵᠤ ᠰᠢᠮᠳᠠᠭᠤᠯᠤᠨ᠎ᠠ᠃ 

      ︵ᠬᠤᠶᠠᠷ︶ ᠲᠥᠯᠥᠪᠯᠡᠭᠡ ᠪᠠᠨ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠳ ᠣᠨ ᠤ ᠣᠯᠵᠠᠪᠤᠷᠢ ᠶᠢᠨ ᠪᠠᠶᠢᠳᠠᠯ ᠢᠶᠠᠨ ᠦᠨᠳᠦᠰᠦᠯᠡᠨ᠂ ᠪᠥᠬᠦ ᠵᠢᠯ ᠤᠨ ᠪᠡᠶᠡᠯᠡᠭᠦᠯᠬᠦ ᠠᠰᠢᠭ ᠣᠯᠵᠠᠪᠤᠷᠢ ᠪᠠᠨ ᠤᠷᠢᠳᠴᠢᠯᠠᠨ ᠵᠢᠱᠢᠵᠦ᠂ ᠳᠠᠷᠠᠭ᠎ᠠ ᠵᠢᠯ ᠤᠨ ᠲᠥᠰᠥᠪ ᠤᠨ ᠣᠷᠣᠯᠭ᠎ᠠ ᠪᠠ ᠲᠥᠰᠥᠪ ᠤᠨ ᠵᠠᠷᠤᠯᠭ᠎ᠠ ᠶᠢᠨ ᠲᠥᠯᠥᠪᠯᠡᠭᠡ ᠪᠣᠯᠭᠠᠵᠤ᠂ ᠮᠠᠲ᠋ᠧᠷᠢᠶᠠᠯ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠮᠡᠳᠡᠭᠦᠯᠬᠦ ᠣᠷᠣᠯᠭ᠎ᠠ ᠪᠠᠨ ᠣᠨ ᠤ ᠣᠯᠵᠠᠪᠤᠷᠢ ᠶᠢᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠥᠰᠥᠭᠡᠯᠡᠨ ᠪᠤᠳᠤᠭᠰᠠᠨ ᠪᠠᠶᠢᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠵᠠᠷᠤᠯᠭ᠎ᠠ ᠶᠢᠨ ᠲᠦᠷᠦᠯ ᠵᠦᠢᠯ ᠢᠶᠠᠨ ᠮᠡᠳᠡᠭᠦᠯᠬᠦ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠣᠷᠤᠭᠤᠯᠤᠯᠲᠠ ᠬᠢᠬᠦ ᠪᠠᠷ ᠲᠥᠯᠥᠪᠯᠡᠵᠦ ᠪᠠᠶᠢᠭ᠎ᠠ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠤᠨ ᠣᠷᠣᠭᠤᠯᠤᠯᠲᠠ ᠶᠢᠨ ᠴᠢᠬᠤᠯᠠ ᠴᠢᠨᠠᠷ ᠪᠠ ᠪᠣᠯᠣᠮᠵᠢᠲᠤ ᠲᠥᠰᠥᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃ 

      ︵ᠭᠤᠷᠪᠠ︶ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ᠠᠵᠤ ᠠᠬᠤᠶᠢᠯᠠᠯ ᠤᠨ ᠢᠶᠠᠨ ᠮᠡᠳᠡᠭᠦᠯᠦᠨ ᠬᠦᠷᠭᠡᠭᠰᠡᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠬᠠᠷᠢᠭᠤᠴᠠᠨ ᠬᠢᠨᠠᠵᠤ ᠬᠠᠷᠭᠤᠭᠤᠯᠤᠨ ᠬᠤᠷᠢᠶᠠᠩᠭᠤᠶᠢᠯᠠᠵᠤ᠂ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ  ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠠᠨᠠᠭᠤᠯᠭ᠎ᠠ ᠶᠢᠨ ᠡᠬᠡ ᠲᠥᠰᠥᠯ ᠢ ᠨᠠᠶᠢᠷᠠᠭᠤᠯᠤᠨ ᠵᠣᠬᠢᠶᠠᠵᠤ᠂ ᠲᠣᠭᠲᠠᠭᠰᠠᠨ ᠴᠠᠭ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠰᠠᠨᠠᠭᠤᠯᠭ᠎ᠠ ᠶᠢᠨ ᠡᠬᠡ ᠲᠥᠰᠥᠯ ᠤᠨ ᠣᠷᠣᠯᠭ᠎ᠠ ᠶᠢᠨ ᠲᠥᠰᠥᠪ ᠢ ᠨᠢᠭᠡᠳᠦᠭᠡᠷ ᠳᠡᠰ ᠤᠨ ᠠᠵᠤ ᠠᠬᠤᠶᠢᠯᠠᠯ ᠳᠤ ᠬᠦᠷᠲᠡᠯ᠎ᠡ ᠨᠠᠶᠢᠷᠠᠭᠤᠯᠤᠨ ᠵᠢᠭᠰᠠᠭᠠᠵᠤ᠂ ᠵᠠᠷᠤᠯᠭ᠎ᠠ ᠶᠢᠨ ᠲᠥᠰᠥᠪ ᠲᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢᠨ ᠵᠠᠷᠤᠯᠭ᠎ᠠ ᠳᠤ ᠵᠠᠷᠴᠢᠮ ᠳᠡᠭᠡᠷ᠎ᠡ ᠪᠠᠨ ᠪᠣᠳᠠᠲᠠᠢ ᠠᠵᠤ ᠠᠬᠤᠶᠢᠯᠠᠯ ᠢ ᠨᠢ ᠲᠣᠳᠣᠷᠬᠠᠶᠢᠯᠠᠵᠤ᠂ ᠪᠤᠰᠤᠳ ᠵᠠᠷᠤᠯᠭ᠎ᠠ ᠳᠤ ᠪᠣᠯ ᠵᠠᠷᠴᠢᠮ ᠳᠡᠭᠡᠷ᠎ᠡ ᠪᠠᠨ ᠪᠣᠳᠠᠲᠠᠢ ᠲᠦᠷᠦᠯ ᠵᠦᠢᠯ ᠢ ᠨᠢ ᠲᠣᠳᠣᠷᠬᠠᠶᠢᠯᠠᠬᠤ ᠬᠡᠷᠡᠭᠲᠡᠢ᠃ ᠵᠠᠷᠤᠯᠭ᠎ᠠ ᠶᠢᠨ ᠲᠥᠰᠥᠪ ᠢ ᠪᠣᠳᠠᠲᠠᠢ ᠠᠵᠤ ᠠᠬᠤᠶᠢᠯᠠᠯ ᠪᠤᠶᠤ  ᠲᠦᠷᠦᠯ ᠵᠦᠢᠯ ᠬᠦᠷᠲᠡᠯ᠎ᠡ ᠨᠠᠷᠢᠯᠢᠭᠵᠢᠭᠤᠯᠬᠤ ᠶᠢᠨ ᠠᠷᠭ᠎ᠠ ᠦᠭᠡᠢ ᠪᠣᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ 

      ︵ᠳᠥᠷᠪᠡ︶ ᠨᠢᠭᠡᠳᠦᠯᠲᠡᠢ ᠲᠥᠯᠥᠪᠯᠡᠵᠦ ᠨᠠᠶᠢᠷᠠᠭᠤᠯᠤᠨ ᠵᠣᠬᠢᠶᠠᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠰᠠᠨᠠᠭᠤᠯᠭ᠎ᠠ ᠶᠢᠨ ᠡᠬᠡ ᠲᠥᠰᠥᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠬᠠᠢ ᠶᠢᠨ ᠵᠢᠯ ᠳᠤ ᠲᠣᠬᠢᠷᠠᠭᠤᠯᠵᠤ ᠪᠣᠯᠬᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠶᠢᠨ ᠬᠡᠪᠴᠢᠶ᠎ᠡ ᠪᠠᠨ ᠨᠢᠭᠡᠳᠦᠯᠲᠡᠢ ᠲᠥᠯᠥᠪᠯᠡᠨ᠂ ᠵᠠᠷᠤᠯᠭ᠎ᠠ ᠶᠢᠨ ᠬᠡᠪᠴᠢᠶ᠎ᠡ ᠶᠢ ᠨᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠪᠣᠯᠭᠠᠵᠤ᠂ ᠲᠣᠭᠲᠠᠭᠠᠭᠰᠠᠨ ᠲᠠᠰ ᠳᠠᠷᠠᠭᠠᠯᠠᠯ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠵᠦ ᠵᠥᠪᠰᠢᠶᠡᠷᠡᠭᠦᠯᠦᠨ᠎ᠡ᠃ 

      ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠤᠨ ᠣᠷᠣᠯᠭ᠎ᠠ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠳᠤ᠄ ᠲᠣᠰ ᠱᠠᠲᠤᠨ ᠤ ᠣᠷᠣᠯᠭ᠎ᠠ᠂ ᠳᠡᠭᠡᠷ᠎ᠡ ᠣᠨ ᠤ ᠦᠯᠡᠳᠡᠪᠦᠷᠢ᠂ ᠣᠷᠣᠨ ᠨᠤᠲᠤᠭ ᠤᠨ ᠳᠡᠭᠡᠭᠰᠢ ᠲᠤᠰᠢᠶᠠᠬᠤ ᠣᠷᠣᠯᠭ᠎ᠠ ᠶᠢ ᠪᠠᠭᠲᠠᠭᠠᠨ᠎ᠠ᠂ ᠡᠭᠦᠨ ᠳᠤ᠂ ᠲᠣᠰ ᠱᠠᠲᠤᠨ ᠤ ᠣᠷᠣᠯᠭ᠎ᠠ ᠶᠢ ᠨᠢᠭᠡᠳᠦᠭᠡᠷ ᠳᠡᠰ ᠤᠨ ᠠᠵᠤ ᠠᠬᠤᠶᠢᠯᠠᠯ ᠳᠤ ᠬᠦᠷᠲᠡᠯ᠎ᠡ ᠨᠠᠶᠢᠷᠠᠭᠤᠯᠤᠨ ᠵᠢᠭᠰᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠤᠨ ᠵᠠᠷᠤᠯᠭ᠎ᠠ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠳᠤ᠄ ᠲᠣᠰ ᠱᠠᠲᠤᠨ ᠤ ᠵᠠᠷᠤᠯᠭ᠎ᠠ᠂ ᠡᠩ ᠤᠨ ᠣᠯᠠᠨ ᠨᠡᠶᠢᠲᠡ ᠶᠢᠨ ᠲᠥᠰᠥᠪ ᠠᠴᠠ ᠰᠢᠯᠵᠢᠭᠦᠯᠦᠨ ᠭᠠᠷᠭᠠᠬᠤ ᠪᠡᠯᠡ ᠮᠥᠩᠭᠦ᠂ ᠳᠣᠣᠷᠠᠳᠤ ᠱᠠᠲᠤᠨ ᠤ ᠣᠨᠴᠠᠭᠠᠢ ᠲᠣᠭᠲᠠᠭᠠᠭᠰᠠᠨ ᠵᠦᠢᠯᠡᠰ ᠲᠤ ᠰᠢᠯᠵᠢᠭᠦᠯᠦᠨ ᠥᠭᠬᠦ᠂ ᠳᠡᠭᠡᠭᠰᠢ ᠪᠠᠨ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ ᠶᠢ ᠪᠠᠭᠲᠠᠭᠠᠨ᠎ᠠ᠃ 

      ᠠᠷᠪᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠳᠤ ᠲᠥᠰᠥᠪ ᠤᠨ ᠬᠠᠷᠢᠭᠤ ᠴᠣᠬᠤᠯᠠᠪᠤᠷᠢ ᠥᠭᠭᠦᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠴᠣᠬᠤᠯᠠᠪᠤᠷᠢ ᠲᠠᠢ ᠲᠥᠰᠥᠪ ᠢ ᠭᠥᠯᠢᠶᠡᠨ ᠠᠪᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ︵ᠬᠠᠷᠢᠶ᠎ᠠ︶ᠠᠵᠤ ᠠᠬᠤᠶᠢᠯᠠᠯ ᠳᠤ ᠲᠥᠰᠥᠪ ᠢ ᠨᠢ ᠬᠠᠷᠢᠭᠤ ᠴᠣᠬᠤᠯᠠᠪᠤᠷᠢᠯᠠᠨ ᠥᠭᠬᠦ ᠬᠡᠷᠡᠭᠲᠡᠢ᠃ 

      ᠲᠠᠪᠤᠳᠤᠭᠠᠷ ᠪᠦᠯᠦᠭ   ᠲᠥᠰᠥᠪ ᠤᠨ ᠭᠦᠢᠴᠡᠳᠭᠡᠯᠲᠡ

      ᠬᠤᠷᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ ᠮᠥᠩᠭᠦᠨ ᠤ ᠬᠤᠷᠢᠶᠠᠵᠤ ᠠᠪᠬᠤ ᠪᠠ ᠭᠠᠷᠭᠠᠵᠤ ᠥᠭᠬᠦ ᠶᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠠᠪᠬᠤ ᠪᠠ ᠭᠠᠷᠭᠠᠵᠤ ᠥᠭᠬᠦ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 

      ᠬᠤᠷᠢᠨ ᠨᠢᠭᠡᠳᠦᠭᠡᠷ ᠵᠦᠢᠯ   ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ ᠳᠤ ᠳᠣᠣᠷᠠᠬᠢ ᠳᠡᠰ ᠳᠠᠷᠠᠭᠠᠯᠠᠯ ᠢᠶᠠᠷ ᠬᠡᠷᠡᠭᠵᠢᠭᠦᠯᠦᠨ᠎ᠡ᠄ 

      ︵ᠨᠢᠭᠡ︶ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ  ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢᠨ ᠮᠡᠳᠡᠭᠦᠯᠬᠦ ᠬᠦᠰᠦᠨᠦᠭᠲᠦ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠣᠯᠣᠭᠰᠠᠨ ᠤ ᠳᠠᠷᠠᠭ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠨ᠎ᠡ᠃ 

      ︵ᠬᠤᠶᠠᠷ︶ ᠳᠠᠬᠢᠨᠲᠠ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠮᠡᠳᠡᠭᠦᠯᠦᠭᠰᠡᠨ ᠠᠰᠢᠭ ᠣᠷᠣᠯᠭ᠎ᠠ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠳᠠᠬᠢᠨᠲᠠ ᠬᠢᠨᠠᠵᠤ ᠨᠤᠲᠠᠯᠠᠭᠰᠠᠨ ᠤ ᠳᠠᠷᠠᠭ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠳᠤ ᠳᠠᠬᠢᠨᠲᠠ ᠬᠢᠨᠠᠭᠰᠠᠨ ᠳ᠋ᠦᠩ ᠢ ᠪᠠᠭᠤᠯᠭᠠᠬᠤ ᠶᠢᠨ ᠬᠠᠮᠲᠤ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ ᠴᠠᠭ ᠤᠨ ᠬᠢᠵᠠᠭᠠᠷ ᠵᠢᠴᠢ ᠠᠷᠭ᠎ᠠ  ᠬᠡᠯᠪᠡᠷᠢ ᠶᠢ ᠲᠣᠭᠲᠠᠭᠠᠨ᠎ᠠ᠃ 

      ︵ᠭᠤᠷᠪᠠ︶ ᠳᠡᠭᠡᠭᠰᠢ ᠲᠤᠰᠢᠶᠠᠬᠤ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠨᠢ ᠠᠰᠢᠭ ᠣᠷᠣᠯᠭ᠎ᠠ ᠶᠢᠨ ᠳᠡᠭᠡᠭᠰᠢ ᠲᠤᠰᠢᠶᠠᠬᠤ ᠮᠡᠳᠡᠭᠳᠡᠯ ᠢ ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠵᠣᠭᠤᠰ ᠲᠤᠰᠢᠶᠠᠬᠤ ᠭᠠᠷᠳᠠᠮ ᠢ ᠭᠦᠢᠴᠡᠳᠬᠡᠨ᠎ᠡ᠃ 

      ᠬᠤᠷᠢᠨ ᠬᠤᠶᠠᠳᠤᠭᠠᠷ ᠵᠦᠢᠯ   ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠤ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠲᠤᠰᠢᠶᠠᠬᠤ ᠬᠡᠷᠡᠭᠲᠡᠢ᠂ ᠶᠠᠮᠠᠷᠪᠠ ᠰᠠᠯᠠᠭ᠎ᠠ ᠮᠥᠴᠢᠷ ᠪᠠ ᠨᠢᠭᠡᠴᠢ ᠭᠡᠳ ᠳᠤᠷ᠎ᠠ ᠪᠠᠷ ᠢᠶᠠᠨ ᠬᠠᠰᠤᠵᠤ ᠬᠡᠯᠲᠦᠷᠢᠭᠦᠯᠬᠦ ᠪᠤᠶᠤ ᠲᠤᠰᠢᠶᠠᠬᠤ ᠶᠢ ᠲᠡᠪᠴᠢᠵᠦ ᠪᠣᠯᠬᠤ ᠦᠭᠡᠢ᠃ 

      ᠬᠤᠷᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢ ᠬᠠᠷᠢᠭᠤ ᠴᠣᠬᠤᠯᠠᠪᠤᠷᠢᠯᠠᠭᠰᠠᠨ ᠲᠥᠰᠥᠪ ᠤᠨ ᠶᠣᠰᠣᠭᠠᠷ ᠭᠦᠢᠴᠡᠳᠬᠡᠬᠦ ᠬᠡᠷᠡᠭᠲᠡᠢ᠃ ᠵᠢᠯ ᠤᠨ ᠡᠬᠢᠨ ᠤ ᠲᠥᠰᠥᠪ ᠤᠨ ᠡᠬᠡ ᠲᠥᠰᠥᠯ ᠤᠨ ᠵᠠᠷᠤᠯᠭ᠎ᠠ ᠶᠢᠨ ᠲᠥᠰᠥᠪ ᠲᠤ ᠨᠠᠷᠢᠯᠢᠭᠵᠢᠭᠤᠯᠤᠭᠠᠳᠤᠢ ᠪᠠᠶᠢᠭ᠎ᠠ ᠬᠥᠷᠥᠩᠭᠡ ᠶᠢᠨ ᠮᠥᠩᠭᠦᠨ ᠤ ᠣᠷᠣᠭᠤᠯᠤᠯᠲᠠ ᠶᠢᠨ ᠵᠠᠷᠤᠯᠭ᠎ᠠ ᠪᠠ ᠳᠣᠷᠣᠭᠰᠢ ᠰᠢᠯᠵᠢᠭᠦᠯᠦᠨ ᠥᠭᠬᠦ ᠵᠠᠷᠤᠯᠭ᠎ᠠ ᠶᠢᠨ ᠵᠦᠢᠯᠡᠰ ᠢ ᠣᠨ ᠤ ᠲᠥᠰᠥᠪ ᠢ ᠭᠦᠢᠴᠡᠳᠬᠡᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠯᠦᠭᠡ ᠬᠠᠮᠲᠤᠷᠠᠨ ᠪᠡᠯᠡ ᠮᠥᠩᠭᠦ ᠲᠣᠬᠢᠷᠠᠭᠤᠯᠬᠤ ᠰᠠᠨᠠᠯ ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ 

      ᠬᠤᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠴᠢᠨᠠᠷᠲᠠᠢ ᠵᠠᠷᠤᠯᠭ᠎ᠠ ᠳᠤ ᠴᠠᠭ ᠲᠤᠬᠠᠢ ᠳᠤ ᠨᠢ ᠬᠥᠷᠥᠩᠭᠡ ᠶᠢᠨ ᠮᠥᠩᠭᠦ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠷᠬᠡ ᠠᠰᠢᠭ ᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠠᠴᠠ ᠲᠣᠭᠲᠠᠭᠰᠠᠨ ᠴᠢᠭᠯᠡᠯ ᠪᠠ ᠬᠡᠷᠡᠭᠴᠡᠭᠡ ᠶᠣᠰᠣᠭᠠᠷ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ︔ ᠵᠠᠷᠤᠳᠠᠯ ᠤᠨ ᠴᠢᠨᠠᠷᠲᠠᠢ ᠵᠠᠷᠤᠯᠭ᠎ᠠ ᠶᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠪᠣᠯᠬᠤ ᠦᠭᠡᠢ᠂ ᠦᠯᠡᠳᠡᠪᠦᠷᠢ ᠪᠡᠯᠡ ᠮᠥᠩᠭᠦ ᠶᠢ ᠰᠠᠨᠠᠭᠠᠴᠢᠯᠠᠭ᠎ᠠ ᠠᠴᠠ ᠪᠠᠨ ᠡᠳ᠋ ᠤᠨ ᠵᠠᠰᠠᠭ ᠲᠤ ᠪᠤᠴᠠᠭᠠᠨ ᠥᠭᠬᠦ ᠬᠡᠷᠡᠭᠲᠡᠢ᠃ 

      ᠬᠤᠷᠢᠨ ᠲᠠᠪᠤᠳᠤᠭᠠᠷ ᠵᠦᠢᠯ   ᠲᠥᠰᠥᠪ ᠢ ᠭᠦᠢᠴᠡᠳᠬᠡᠬᠦ ᠶᠠᠪᠤᠴᠠ ᠳᠤ ᠦᠨᠡᠨ ᠬᠦ ᠲᠣᠬᠢᠷᠠᠭᠤᠯᠤᠯᠲᠠ ᠬᠢᠬᠦ ︵ᠵᠣᠬᠢᠴᠠᠭᠤᠯᠬᠤ︶ ᠴᠢᠬᠤᠯᠠᠲᠠᠢ ᠪᠠᠶᠢᠪᠠᠯ᠂ ᠳᠣᠣᠷᠠᠬᠢ ᠳᠡᠰ ᠳᠠᠷᠠᠭᠠᠯᠠᠯ ᠢᠶᠠᠷ ᠭᠦᠢᠴᠡᠳᠬᠡᠨ᠎ᠡ᠄ 

      ︵ᠨᠢᠭᠡ︶ ᠲᠥᠰᠥᠪ ᠢ ᠲᠣᠬᠢᠷᠠᠭᠤᠯᠬᠤ᠃ ᠲᠥᠰᠥᠪ ᠢ ᠭᠦᠢᠴᠡᠳᠬᠡᠬᠦ ᠶᠠᠪᠤᠴᠠ ᠳᠤ ᠲᠥᠰᠥᠪ ᠤᠨ ᠶᠡᠷᠦᠩᠬᠡᠢ ᠵᠠᠷᠤᠯᠭ᠎ᠠ ᠶᠢ ᠨᠡᠮᠡᠭᠳᠡᠭᠦᠯᠬᠦ᠂ ᠪᠠᠭᠠᠰᠬᠠᠬᠤ ᠪᠤᠶᠤ ᠲᠥᠰᠥᠪ ᠲᠤ ᠲᠣᠬᠢᠷᠠᠭᠤᠯᠤᠭᠰᠠᠨ ᠭᠤᠣᠯᠳᠠᠯᠭ᠎ᠠ ᠪᠣᠯᠬᠤ ᠵᠠᠷᠤᠯᠭ᠎ᠠ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠬᠤ ᠴᠢᠬᠤᠯᠠᠲᠠᠢ ᠪᠠᠶᠢᠳᠠᠯ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠰᠥᠪ ᠤᠨ ᠲᠣᠬᠢᠷᠠᠭᠤᠯᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠰᠥᠪ ᠤᠨ ᠲᠣᠬᠢᠷᠠᠭᠤᠯᠤᠯᠲᠠ ᠬᠢᠬᠦ ᠤᠴᠢᠷ ᠰᠢᠯᠲᠠᠭᠠᠨ᠂ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠨᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ ᠪᠠ ᠵᠥᠪᠰᠢᠶᠡᠷᠡᠭᠦᠯᠦᠨ᠎ᠡ᠃ 

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠥᠬᠦᠷ ᠪᠡᠯᠡ ᠮᠥᠩᠭᠦ ᠬᠠᠩᠭᠠᠬᠤ ᠴᠢᠬᠤᠯᠠ ᠦᠭᠡᠢ ᠲᠤᠰᠬᠠᠢ ᠵᠦᠢᠯ ᠤᠨ ᠰᠢᠯᠵᠢᠭᠦᠯᠦᠨ ᠥᠭᠬᠦ ᠶᠢ ᠲᠥᠪ ᠠᠴᠠ ᠨᠡᠮᠡᠭᠳᠡᠭᠦᠯᠦᠭᠰᠡᠨ ᠠᠴᠠ ᠪᠣᠯᠵᠤ ᠲᠥᠰᠥᠪ ᠤᠨ ᠣᠷᠣᠯᠭ᠎ᠠ ᠵᠠᠷᠤᠯᠭ᠎ᠠ ᠳᠤ ᠬᠤᠪᠢᠷᠠᠯᠲᠠ ᠭᠠᠷᠤᠭᠰᠠᠨ ᠪᠠᠶᠢᠪᠠᠯ ᠲᠥᠰᠥᠪ ᠤᠨ ᠲᠣᠬᠢᠷᠠᠭᠤᠯᠤᠯᠲᠠ ᠬᠢᠭᠰᠡᠨ ᠳᠤ ᠲᠣᠭᠠᠴᠠᠭᠳᠠᠬᠤ ᠦᠭᠡᠢ᠃ 

      ︵ᠬᠤᠶᠠᠷ︶ ᠲᠥᠰᠥᠪ ᠢ ᠵᠣᠬᠢᠴᠠᠭᠤᠯᠬᠤ᠃ ︵ᠨᠢᠭᠡ︶ ᠳ᠋ᠦ᠋ᠭᠡᠷ ᠵᠤᠷᠪᠤᠰ ᠲᠤ ᠲᠣᠭᠲᠠᠭᠠᠭᠰᠠᠨ ᠪᠠᠶᠢᠳᠠᠯ ᠠᠴᠠ ᠭᠠᠳᠠᠨ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠭᠡ ᠣᠨᠴᠠᠭᠠᠢ ᠪᠠᠶᠢᠳᠠᠯ ᠠᠴᠠ ᠪᠣᠯᠵᠤ ᠲᠥᠰᠥᠪ ᠢ ᠵᠣᠬᠢᠴᠠᠭᠤᠯᠬᠤ ᠴᠢᠬᠤᠯᠠ ᠲᠠᠢ ᠪᠣᠯ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠠᠴᠠ ᠪᠢᠴᠢᠭ ᠤᠨ ᠬᠡᠯᠪᠡᠷᠢ ᠪᠠᠷ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ᠃ 

      ᠬᠤᠷᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠲᠣᠭᠲᠠᠭᠠᠭᠰᠠᠨ ᠤ ᠳᠠᠷᠠᠭ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠠᠵᠤ ᠠᠬᠤᠶᠢᠯᠠᠯ ᠤᠨ ᠥᠮᠴᠢᠯᠡᠬᠦ ᠡᠷᠬᠡ ᠪᠤᠶᠤ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠨᠢ ᠬᠤᠪᠢᠷᠠᠭᠰᠠᠨ ᠠᠴᠠ ᠪᠣᠯᠵᠤ ᠲᠥᠰᠥᠪ ᠤᠨ ᠵᠡᠷᠭᠡ ᠳᠡᠰ ᠪᠠ ᠬᠠᠷᠢᠴᠠᠭ᠎ᠠ ᠳᠤ ᠨᠢ ᠬᠤᠪᠢᠷᠠᠯᠲᠠ ᠭᠠᠷᠤᠭᠰᠠᠨ ᠪᠠᠶᠢᠪᠠᠯ᠂ ᠲᠥᠰᠥᠪ ᠤᠨ ᠬᠤᠪᠢᠶᠠᠷᠢᠯᠠᠨ ᠰᠢᠯᠵᠢᠭᠦᠯᠬᠦ ᠪᠠᠨ ᠳᠠᠩᠰᠠᠯᠠᠭᠤᠯᠬᠤ ᠭᠠᠷᠳᠠᠮ ᠢ ᠬᠠᠮᠲᠤ ᠳᠤ ᠨᠢ ᠭᠦᠢᠴᠡᠳᠬᠡᠬᠦ ᠬᠡᠷᠡᠭᠲᠡᠢ᠃ 

      ᠵᠢᠷᠭᠤᠳᠤᠭᠠᠷ ᠪᠦᠯᠦᠭ   ᠲᠥᠰᠥᠪ ᠤᠨ ᠭᠦᠢᠴᠡᠳᠬᠡᠯ

      ᠬᠤᠷᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠭᠦᠢᠴᠡᠳᠬᠡᠯ ᠨᠠᠶᠢᠷᠠᠭᠤᠯᠤᠨ ᠵᠣᠬᠢᠶᠠᠬᠤ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢᠶᠠᠨ  ᠪᠠᠶᠢᠷᠢᠯᠠᠭᠤᠯᠬᠤ ᠬᠡᠷᠡᠭᠲᠡᠢ᠃ 

      ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠲᠣᠰ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ  ᠬᠦᠷᠭᠡᠬᠦ ᠬᠡᠷᠡᠭᠲᠡᠢ᠃

      ᠬᠤᠷᠢᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠰ ᠵᠢᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠶᠢᠨ ᠳᠡᠭᠡᠭᠰᠢ ᠮᠡᠳᠡᠭᠦᠯᠦᠭᠰᠡᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ  ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ 

      ᠬᠤᠷᠢ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠶᠠᠷ ᠬᠢᠨᠠᠨ ᠪᠣᠳᠣᠭᠤᠯᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠬᠢᠨᠠᠨ ᠲᠣᠭᠲᠠᠭᠠᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠪᠠᠶᠢᠴᠠᠭᠠᠯᠭᠠᠨ᠎ᠠ᠃ 

      ᠭᠤᠴᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠭᠦᠢᠴᠡᠳᠬᠡᠯ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ  ᠨᠢᠭᠡᠴᠢ ᠳᠤ ᠲᠥᠰᠥᠪ ᠤᠨ ᠭᠦᠢᠴᠡᠳᠬᠡᠯ ᠤᠨ ᠬᠠᠷᠢᠭᠤ ᠴᠣᠬᠤᠯᠠᠪᠤᠷᠢ ᠥᠭᠬᠦ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠴᠣᠬᠤᠯᠠᠪᠤᠷᠢ ᠥᠭᠭᠦᠭᠰᠡᠨ ᠲᠥᠰᠥᠪ ᠤᠨ ᠭᠦᠢᠴᠡᠳᠬᠡᠯ ᠢ ᠭᠥᠯᠢᠶᠡᠨ ᠠᠪᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠳᠤ ᠲᠥᠰᠥᠪ ᠤᠨ ᠭᠦᠢᠴᠡᠳᠬᠡᠯ ᠤᠨ ᠬᠠᠷᠢᠭᠤ ᠴᠣᠬᠤᠯᠠᠪᠤᠷᠢ ᠥᠭᠬᠦ ᠬᠡᠷᠡᠭᠲᠡᠢ᠃ 

      ᠳᠣᠯᠣᠳᠤᠭᠠᠷ ᠪᠦᠯᠦᠭ   ᠠᠮᠵᠢᠯᠲᠠ ᠪᠦᠲᠦᠮᠵᠢ ᠶᠢᠨ ᠬᠠᠮᠢᠶᠠᠷᠤᠯᠲᠠ

      ᠭᠤᠴᠢᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ  ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠦᠷᠦᠭᠦᠯᠡᠨ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠭᠤᠣᠯᠳᠠᠯᠭ᠎ᠠ ᠲᠠᠢ ᠦᠨᠡᠯᠡᠯᠲᠡ ᠬᠢᠬᠦ ᠬᠡᠷᠡᠭᠲᠡᠢ᠃ 

      ᠭᠤᠴᠢᠨ ᠬᠤᠶᠠᠳᠤᠭᠠᠷ ᠵᠦᠢᠯ   ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠦᠭᠦᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠬᠡᠷᠡᠭᠵᠢᠭᠦᠯᠬᠦ ᠪᠦᠬᠦ ᠶᠠᠪᠤᠴᠠ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠲᠣᠭᠲᠠᠭᠠᠯ ᠶᠣᠰᠣᠭᠠᠷ ᠥᠷᠨᠢᠭᠦᠯᠵᠦ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠠᠵᠢᠯ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠬᠡᠷᠡᠭᠲᠡᠢ᠃ 

      ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ᠬᠠᠷᠢᠶ᠎ᠠ︶ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠤᠯᠭ᠎ᠠ ᠶᠢᠨ ᠪᠠᠶᠢᠳᠠᠯ ᠢ ᠨᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃ 

      ᠭᠤᠴᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳ᠋ᠦᠩ  ᠢ ᠲᠥᠰᠥᠪ ᠤᠨ ᠬᠠᠮᠢᠶᠠᠷᠤᠯᠲᠠ ᠶᠢ ᠨᠢ ᠴᠢᠩᠭᠠᠳᠬᠠᠬᠤ ᠪᠠ ᠬᠤᠶᠢᠰᠢᠳᠠ ᠶᠢᠨ ᠣᠨ ᠤ ᠲᠥᠰᠥᠪ ᠤᠨ ᠵᠠᠷᠤᠯᠭ᠎ᠠ ᠶᠢ ᠨᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ 

      ᠨᠠᠢᠮᠠᠳᠤᠭᠠᠷ ᠪᠦᠯᠦᠭ   ᠬᠢᠨᠠᠯᠲᠠ ᠲᠠᠯᠪᠢᠯᠲᠠ

      ᠭᠤᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠤᠳᠤᠬᠤ ᠲᠢᠩᠬᠢᠮ ᠵᠡᠷᠭᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠢ᠃ 

      ᠭᠤᠴᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠥᠪ ᠤᠨ ᠨᠢᠭᠡᠴᠢ ᠨᠢ ᠲᠥᠰᠥᠪ ︵ᠲᠥᠰᠥᠪ ᠤᠨ ᠭᠦᠢᠴᠡᠳᠬᠡᠯ︶ ᠢ ᠢᠯᠡ ᠪᠣᠯᠭᠠᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠪ ᠤᠨ ᠭᠦᠢᠴᠡᠳᠬᠡᠯ︶ ᠢᠶᠠᠨ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ 

      ᠭᠤᠴᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠥᠪ ᠤᠨ ᠭᠦᠢᠴᠡᠳᠬᠡᠯ ᠬᠢᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ ᠶᠠᠪᠤᠴᠠ ᠳᠤ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠳ ᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ   ᠰᠢᠢᠳᠬᠡᠵᠦ ᠲᠣᠷᠭᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ᠂ ᠲᠣᠷᠭᠠᠬᠤ ᠪᠠ ᠰᠢᠢᠳᠬᠡᠵᠦ᠂ ᠬᠤᠯᠪᠣᠭᠳᠠᠯ ᠪᠦᠬᠦᠢ ᠨᠢᠭᠡᠴᠢ ᠵᠢᠴᠢ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ 

      ᠶᠢᠰᠦᠳᠦᠭᠡᠷ ᠪᠦᠯᠦᠭ   ᠳᠠᠭᠠᠯᠳᠤᠭᠤᠯᠤᠯ ᠳᠦᠷᠢᠮ

      ᠭᠤᠴᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠰ ᠠᠷᠭ᠎ᠠ ᠶᠢ ᠦᠨᠳᠦᠰᠦᠯᠡᠨ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ 

      ᠭᠤᠴᠢᠨ ᠨᠠᠢᠮᠠᠳᠤᠭᠠᠷ ᠵᠦᠢᠯ   ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶  ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃ 

      ᠭᠤᠴᠢ ᠶᠢᠰᠦᠳᠦᠭᠡᠷ ᠵᠦᠢᠯ   ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 78 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 198 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ 

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2024 ᠣᠨ ᠤ 7 ᠳ᠋ᠤᠭᠠᠷ ᠰᠠᠷ᠎ᠠ ᠶᠢᠨ16 ᠤ ᠡᠳᠦᠷ ᠳᠠᠷᠤᠮᠠᠯᠯᠠᠨ ᠲᠠᠷᠬᠠᠭᠠᠪᠠ

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ