ᠰᠦᠨ ᠱᠤᠤ ᠴᠧᠩ ᠴᠢ ᠠᠨ ᠰᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢ ᠰᠢᠶᠠᠩ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/20

    9 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢ ᠰᠢᠶᠠᠩ ᠳ᠋ᠦᠩ ᠲᠠᠢ ᠠᠭᠤᠯᠵᠠᠪᠠ᠃

孙绍骋会见齐向东.jpg


 

    ᠰᠦᠨ ᠱᠤᠤ ᠴᠧᠩ  ᠴᠢ ᠰᠢᠶᠠᠩ ᠳ᠋ᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠪᠣᠯ ᠤᠯᠤᠰ ᠤᠨ ᠨᠠᠢᠮᠠᠨ ᠶᠡᠭᠡ ᠪᠣᠳᠣᠯᠲᠠ ᠶᠢᠨ ᠬᠦᠴᠦᠨ ᠤ ᠲᠣᠣᠷ ᠰᠦᠯᠵᠢᠶ᠎ᠡ ᠶᠢᠨ ᠭᠤᠣᠯ ᠵᠠᠩᠭᠢᠯᠠᠭ᠎ᠠ ᠶᠢᠨ ᠴᠡᠭ ᠤᠨ ᠨᠢᠭᠡ ᠮᠥᠨ᠂ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠣᠯ ᠪᠣᠳᠠᠲᠤ ᠬᠦᠴᠦᠨ ᠢᠶᠠᠷ ᠴᠢᠩᠭ᠎ᠠ ᠰᠦᠯᠵᠢᠶᠡᠨ ᠤ ᠠᠮᠤᠷ ᠲᠦᠪᠰᠢᠨᠳᠤ ᠠᠵᠤ ᠠᠬᠤᠶᠢᠯᠠᠯ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠬᠠᠮᠲᠤᠷᠠᠯᠴᠠᠭᠠᠨ ᠤ ᠭᠠᠷᠳᠠᠬᠤ ᠴᠡᠭ ᠢᠶᠠᠨ ᠣᠨᠣᠪᠴᠢᠲᠠᠢ ᠡᠷᠢᠵᠦ ᠣᠯᠵᠤ᠂ ᠪᠣᠳᠠᠲᠠᠢ ᠬᠠᠮᠲᠤᠷᠠᠯᠴᠠᠭᠠᠨ ᠤ ᠵᠦᠢᠯᠡᠰ ᠢᠶᠠᠨ ᠲᠣᠳᠣᠷᠬᠠᠶᠢᠯᠠᠵᠤ᠂ ᠱᠠᠯᠠᠪᠳᠠᠨ ᠬᠥᠳᠡᠯᠦᠯᠴᠡᠵᠦ᠂ ᠲᠦᠷᠭᠡᠨ ᠠᠵᠢᠯᠯᠠᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠬᠠᠮᠲᠤᠷᠠᠯᠴᠠᠬᠤ ᠰᠠᠨᠠᠮᠵᠢ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠰᠤᠳᠤᠯᠬᠤ ᠶᠢᠨ ᠬᠠᠮᠲᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠮᠥᠷᠳᠡᠨ ᠰᠠᠶᠢᠲᠤᠷ ᠬᠢᠬᠦ ᠬᠡᠷᠡᠭᠲᠡᠢ ᠭᠡᠪᠡ᠃

    ᠴᠢ ᠰᠢᠶᠠᠩ ᠳ᠋ᠦᠩ ᠴᠢ ᠠᠨ ᠰᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ᠦᠨᠳᠦᠰᠦᠨ ᠪᠠᠶᠢᠳᠠᠯ ᠵᠢᠴᠢ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠯ ᠢᠶᠠᠨ ᠲᠣᠪᠴᠢ ᠲᠠᠨᠢᠯᠴᠠᠭᠤᠯᠪᠠ᠃ ᠲᠡᠷᠡ᠂ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠲᠠᠷᠠᠭᠠᠴᠢ ᠶᠢᠨ ᠠᠯᠬᠤᠮ ᠳᠤ ᠪᠣᠳᠣᠯᠲᠠ ᠶᠢᠨ ᠬᠦᠴᠦᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ᠂ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠯᠤᠭ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ ᠭᠡᠪᠡ᠃

    ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ