ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/20

 

      9 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠠᠨᠠᠯ︾ ᠤᠨ ᠪᠠᠶᠢᠷᠢᠯᠠᠭᠤᠯᠤᠯᠲᠠ ᠶᠣᠰᠣᠭᠠᠷ ᠥᠭᠡᠷᠡᠴᠢᠯᠡᠯᠲᠡ ᠶᠢᠨ ᠠᠵᠢᠯ ᠤᠨ ᠠᠶᠢᠵᠠᠮ ᠢ ᠲᠦᠷᠭᠡᠳᠬᠡᠵᠦ᠂ ᠡᠯ᠎ᠡ ᠬᠦᠷᠢᠶᠡᠨ ᠳᠤ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠱᠠᠯᠠᠪᠳᠠᠨ ᠲᠣᠭᠲᠠᠭᠠᠨ ᠨᠡᠶᠢᠲᠡᠯᠡᠬᠦ ᠬᠡᠷᠡᠭᠲᠡᠢ᠃ ᠳᠥᠷᠪᠡᠳᠦᠭᠡᠷ ᠤᠯᠠᠷᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤᠲᠠᠭᠤᠳᠠᠯ ᠢ ᠣᠨᠣᠪᠴᠢᠲᠠᠢ ᠡᠷᠢᠵᠦ᠂ ᠪᠦᠲᠦᠮᠵᠢᠲᠡᠢ ᠠᠷᠭ᠎ᠠ ᠬᠡᠮᠵᠢᠶ᠎ᠡ ᠳᠤᠷᠠᠳᠴᠤ᠂ ︽ᠵᠠᠭᠤᠨ ᠡᠳᠦᠷ ᠰᠢᠭᠤᠷᠬᠠᠶᠢᠯᠠᠨ ᠠᠵᠢᠯᠯᠠᠵᠤ︾᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ᠂ ᠴᠢᠬᠤᠯᠠ ᠥᠭᠡᠷᠡᠴᠢᠯᠡᠯᠲᠡ ᠶᠢᠨ ᠵᠦᠢᠯᠡᠰ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠤᠬᠠᠭᠠᠯᠠᠨ ᠲᠥᠯᠥᠪᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠭᠠᠷᠳᠠᠨ ᠰᠤᠳᠤᠯᠵᠤ ᠪᠠᠶᠢᠷᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠬᠢᠨᠠᠨ ᠵᠥᠪᠯᠡᠵᠦ ᠪᠠᠲᠤᠯᠠᠨ᠂ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠪᠣᠯ ᠰᠢᠷᠬᠡᠭ ᠦᠰᠦ ᠶᠢ ᠨᠢ ᠲᠠᠲᠠᠬᠤ ᠳᠤ ᠪᠦᠭᠦ ᠪᠡᠶ᠎ᠡ ᠨᠢ ᠬᠥᠳᠡᠯᠬᠦ ᠦᠢᠯᠡᠳᠦᠯ ᠲᠠᠢ᠂ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠳᠠᠨ ᠲᠣᠭᠲᠠᠭᠠᠵᠤ᠂ ᠲᠤᠷᠰᠢᠯᠲᠠ ᠶᠢᠨ ᠴᠡᠭ ᠢ ᠥᠷᠨᠢᠭᠦᠯᠬᠦ ᠪᠣᠯᠪᠠᠰᠤᠷᠠᠯ ᠢ ᠠᠯᠢ ᠲᠦᠷᠭᠡᠨ ᠢᠶᠠᠷ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠠᠬᠢᠭᠤᠯᠵᠤ᠂ ᠪᠦᠭᠦ ᠣᠷᠣᠨ ᠤ ᠥᠭᠡᠷᠡᠴᠢᠯᠡᠯᠲᠡ ᠶᠢ ᠠᠬᠢᠭᠤᠯᠬᠤ ᠳᠤ ᠵᠢᠱᠢᠶ᠎ᠡ ᠦᠵᠡᠭᠦᠯᠦᠨ᠂ ᠰᠠᠭᠤᠷᠢ ᠶᠢ ᠪᠠᠲᠤ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠠᠷᠠᠳ ᠤᠨ ᠰᠠᠨᠠᠭᠤᠯᠭ᠎ᠠ ᠶᠢ ᠴᠤᠭᠯᠠᠭᠤᠯᠬᠤ ᠠᠵᠢᠯ ᠤᠨ ᠠᠷᠭ᠎ᠠ ᠶᠢ ᠰᠤᠳᠤᠯᠵᠤ᠂ ᠪᠠᠶᠢᠩᠭᠤᠵᠢᠭᠰᠠᠨ᠂ ᠳᠦᠷᠢᠮᠵᠢᠭᠰᠡᠨ ᠠᠷᠠᠳ ᠤᠨ ᠰᠠᠨᠠᠭᠤᠯᠭ᠎ᠠ ᠶᠢ ᠬᠤᠷᠢᠶᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠤᠯᠪᠤᠭᠠᠯᠠᠨ ᠬᠥᠳᠡᠯᠦᠯᠴᠡᠵᠦ ᠰᠠᠨᠠᠭᠤᠯᠭ᠎ᠠ ᠶᠢ ᠴᠤᠭᠯᠠᠭᠤᠯᠬᠤ ᠠᠷᠭ᠎ᠠ ᠵᠠᠮ ᠢ ᠨᠠᠪᠲᠠᠷᠡᠭᠦᠯᠵᠦ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠳ᠋ᠦᠩᠨᠡᠵᠦ᠂ ᠴᠤᠭᠯᠠᠭᠤᠯᠬᠤ᠂ ᠰᠢᠢᠳᠪᠦᠷᠢᠯᠡᠬᠦ ᠠᠴᠠ ᠠᠪᠤᠭᠠᠳ ᠬᠤᠪᠢᠷᠠᠭᠤᠯᠬᠤ᠂ ᠬᠠᠷᠢᠭᠤ ᠲᠤᠰᠬᠠᠬᠤ ᠬᠦᠷᠲᠡᠯᠡᠬᠢ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠠᠷᠠᠳ ᠲᠦᠮᠡᠨ ᠤ ᠰᠠᠨᠠᠭᠤᠯᠭ᠎ᠠ ᠶᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠦᠨᠡᠨ ᠬᠦ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠲᠦᠭ ᠲᠦᠮᠡᠨ ᠠᠶᠢᠯ ᠡᠷᠦᠭᠡ ᠳᠤ ᠬᠤᠯᠪᠣᠭᠳᠠᠨ᠎ᠠ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠠᠰ ᠳᠠᠪᠬᠤᠷᠭ᠎ᠠ ᠲᠥᠷᠥᠯ ᠬᠤᠪᠢᠶᠠᠵᠤ᠂ ᠨᠠᠷᠢᠯᠢᠭ ᠣᠨᠣᠪᠴᠢᠲᠠᠶ ᠪᠠᠷ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠭᠤᠷᠪᠠ ᠶᠢᠨ ᠬᠤᠯᠪᠤᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠭᠤᠷᠢ ᠮᠥᠩᠭᠦ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     

     


     

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ