|
ᠲᠠᠷᠢᠶᠠᠯᠠᠩ ᠮᠠᠯ ᠠᠬᠤᠢ ᠶᠢᠨ ᠬᠦᠭᠵᠢᠯᠲᠡ ᠶᠢᠨ ᠠᠮᠵᠢᠯᠲᠠ ᠭᠢᠯᠠᠯᠵᠠᠮ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠶ | ᠠᠬᠢᠵᠤ ᠪᠠᠶᠢᠨ᠎ᠠ |
|
|
ᠨᠡᠶᠢᠲᠡᠯᠡᠭᠰᠡᠨ ᠴᠠᠭ᠄
2024/9/20
|
|
ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠢᠭᠡᠳ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠ ᠠᠴᠠ ᠴᠢᠬᠤᠯᠠ ᠠᠵᠢᠯ ᠪᠣᠯᠭᠠᠨ᠂ ᠠᠮᠤ ᠪᠤᠳᠠᠭᠠᠨ ᠤ ᠦᠢᠯᠡᠳᠪᠦᠷᠢᠯᠡᠯ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠭᠰᠡᠨ ᠠᠴᠠ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠴᠢᠩᠭᠠᠷᠠᠨ᠂ ᠤᠯᠤᠰ ᠤᠨ ᠲᠠᠷᠢᠶᠠᠯᠠᠩ ᠮᠠᠯ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠳᠣᠬᠢᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠠᠯᠬᠤᠴᠠ ᠦᠷᠭᠦᠯᠵᠢᠯᠡᠨ ᠲᠦᠷᠭᠡᠳᠴᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢᠶᠠᠨ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠡᠶᠢᠭᠡᠮ ᠢ ᠪᠦᠬᠦ ᠲᠠᠯ᠎ᠠ ᠪᠠᠷ ᠤᠷᠤᠭᠰᠢ ᠳᠠᠪᠰᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠣᠭᠰᠠᠭᠠᠷ ᠪᠠᠶᠢᠨ᠎ᠠ᠃ ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠴᠢᠩᠭᠠᠷᠠᠵᠤ᠂ ᠴᠢᠭᠳᠠᠭ᠎ᠠ ᠶᠢᠨ ᠦᠢᠯᠡᠳᠦᠯ ᠨᠢ ᠡᠳᠦᠷ ᠢᠷᠡᠬᠦᠶ᠎ᠡ ᠪᠠᠬᠢᠵᠢᠪᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠨᠡᠯᠢᠶᠡᠳ ᠳᠠᠩ ᠴᠤᠯᠭᠤᠢ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠤᠨ ᠬᠡᠪᠴᠢᠶ᠎ᠡ ᠨᠡᠯᠢᠶᠡᠳ ᠪᠠᠭ᠎ᠠ ᠪᠠᠶᠢᠵᠠᠢ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠳᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠤᠢᠭᠡᠢ ᠠᠬᠢᠭᠤᠯᠬᠤ ᠶᠢ ᠳᠠᠭᠠᠯᠳᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠢᠯᠡᠳᠲᠡ ᠰᠠᠶᠢᠵᠢᠷᠠᠵᠤ᠂ ᠦᠢᠯᠡᠳᠪᠦᠷᠢᠯᠡᠯ ᠤᠨ ᠬᠡᠪᠴᠢᠶ᠎ᠡ ᠰᠢᠨ᠎ᠡ ᠱᠠᠲᠤᠨ ᠳᠤ ᠭᠠᠷᠪᠠ᠃ 2023 ᠣᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2737.3 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠯᠲᠠ ᠦᠭᠡᠢ ᠦᠨ᠎ᠡ ᠪᠠᠷ 1952 ᠣᠨ ᠤ ᠬᠢ ᠲᠠᠢ ᠬᠠᠷᠢᠴᠠᠭᠤᠯᠤᠨ ᠪᠣᠳᠣᠪᠠᠯ 27.6 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 4.8% ᠨᠡᠮᠡᠭᠳᠡᠵᠡᠢ᠃ ︵ᠨᠢᠭᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ ᠲᠦᠷᠭᠡᠨ ᠨᠡᠮᠡᠭᠳᠡᠵᠦ᠂ ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ ᠣᠯᠠᠨ ᠳᠠᠬᠢᠨ ᠢᠶᠠᠷ ᠨᠡᠮᠡᠭᠳᠡᠵᠦ᠂ 2023 ᠣᠨ ᠳᠤ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ 4447.3 ᠳ᠋ᠦᠩᠰᠢᠭᠤᠷ ᠲᠥᠭᠦᠷᠢᠭ ︵ᠲᠤᠬᠠᠶ ᠶᠢᠨ ᠵᠢᠯ ᠤᠨ ᠦᠨ᠎ᠡ ᠪᠠᠷ ᠪᠣᠳᠣᠪᠠ᠂ ᠳᠣᠷᠣᠭᠰᠢ ᠠᠳᠠᠯᠢ︶ ᠲᠤ ᠬᠦᠷᠴᠦ᠂ 1949 ᠤᠨ ᠤ ᠬᠢ ᠲᠠᠢ ᠬᠠᠷᠢᠴᠠᠭᠤᠯᠪᠠᠯ 4441.3 ᠳ᠋ᠦᠩᠰᠢᠭᠤᠷ ᠲᠥᠭᠦᠷᠢᠭ ᠨᠡᠮᠡᠭᠳᠡᠨ᠂ 1949 ᠤᠨ ᠤ ᠬᠢ ᠠᠴᠠ 741.2 ᠳᠠᠬᠢᠨ ᠪᠣᠯᠵᠠᠢ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠴᠤ ᠲᠠᠷᠢᠮᠠᠯ ᠤᠨ ᠦᠢᠯᠡᠰ ᠢᠶᠠᠷ ᠭᠤᠤᠯ ᠪᠣᠯᠭᠠᠭᠰᠠᠨ ᠳᠠᠩ ᠭᠠᠭᠴᠠ ᠲᠠᠷᠢᠶᠠᠯᠠᠩ ᠪᠠᠶᠢᠭᠰᠠᠨ ᠠᠴᠠ ᠪᠠᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠪᠦᠬᠦ ᠲᠠᠯ᠎ᠠ ᠪᠠᠷ ᠬᠦᠭᠵᠢᠬᠦ ᠲᠡᠶᠢᠰᠢ ᠬᠤᠪᠢᠷᠠᠪᠠ᠃ ᠪᠦᠲᠦᠭᠡᠭᠳᠡᠬᠦᠨ ᠤ ᠥᠷᠲᠡᠭ ᠤᠨ ᠪᠦᠲᠦᠴᠡ ᠠᠴᠠ ᠦᠵᠡᠪᠡᠯ᠂ 1949 ᠣᠨ ᠳᠤ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ 4.8 ᠳ᠋ᠦᠩᠰᠢᠭᠤᠷ ᠲᠥᠭᠦᠷᠢᠭ ᠪᠠᠶᠢᠵᠤ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠥᠷᠲᠡᠭ ᠤᠨ 79.5% ᠶᠢᠨ ᠬᠤᠪᠢ ᠶᠢᠨ ᠵᠢᠩ ᠢ ᠨᠢ ᠡᠵᠡᠯᠡᠵᠦ᠂ ᠮᠠᠯ ᠠᠵᠤ ᠠᠬᠤᠶ ᠶᠢᠨ ᠪᠦᠲᠦᠭᠡᠭᠳᠡᠬᠦᠨ ᠤ ᠥᠷᠲᠡᠭ 20.3% ᠶᠢᠨ ᠬᠤᠪᠢ ᠶᠢᠨ ᠵᠢᠩ ᠢ ᠨᠢ ᠡᠵᠡᠯᠡᠵᠦ ᠪᠠᠶᠢᠵᠠᠢ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠠᠯᠬᠤᠮ ᠠᠯᠬᠤᠮ ᠢᠶᠠᠷ ᠰᠠᠶᠢᠵᠢᠷᠠᠬᠤ ᠶᠢ ᠳᠠᠭᠠᠯᠳᠤᠨ᠂ ᠮᠠᠯ ᠠᠵᠤ ᠠᠬᠤᠶ ᠴᠤ ᠠᠯᠬᠤᠮ ᠠᠯᠬᠤᠮ ᠢᠶᠠᠷ ᠬᠥᠭᠵᠢᠨ ᠪᠤᠵᠠᠭᠠᠶᠢᠷᠠᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠳᠥᠷᠪᠡᠨ ᠦᠢᠯᠡᠰ ᠤᠨ ᠪᠦᠲᠦᠴᠡ ᠴᠤ ᠠᠭᠠᠵᠢᠮ ᠢᠶᠠᠷ ᠵᠣᠬᠢᠴᠠᠩᠭᠤᠶ ᠲᠡᠶᠢᠰᠢ ᠪᠠᠨ ᠬᠠᠨᠳᠤᠪᠠ᠃ 2023 ᠣᠨ ᠳᠤ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ 2288 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠦᠲᠦᠭᠡᠭᠳᠡᠬᠦᠨ ᠤ ᠶᠡᠷᠦᠩᠬᠡᠢ ᠥᠷᠲᠡᠭ ᠤᠨ 51.4% ᠶᠢᠨ ᠬᠤᠪᠢ ᠶᠢᠨ ᠵᠢᠩ ᠢ ᠨᠢ ᠡᠵᠡᠯᠡᠵᠦ᠂ 1949 ᠣᠨ ᠤ ᠬᠢ ᠲᠠᠢ ᠬᠠᠷᠢᠴᠠᠭᠤᠯᠪᠠᠯ 28.1 ᠵᠠᠭᠤᠨ ᠤ ᠴᠡᠭ ᠪᠠᠭᠤᠷᠠᠪᠠ︔ ᠮᠠᠯ ᠠᠵᠤ ᠠᠬᠤᠢ ᠶᠢᠨ ᠪᠦᠲᠦᠭᠡᠭᠳᠡᠬᠦᠨ ᠤ ᠥᠷᠲᠡᠭ 1898.7 ᠳ᠋ᠦᠩᠰᠢᠭᠤᠷ ᠲᠥᠭᠦᠷᠢᠭ ᠲᠤ ᠬᠦᠷᠴᠦ᠂ 42.7% ᠶᠢ ᠨᠢ ᠡᠵᠡᠯᠡᠨ᠂ 1949 ᠣᠨ ᠤ ᠬᠢ ᠠᠴᠠ 22.4 ᠵᠠᠭᠤᠨ ᠤ ᠴᠡᠭ ᠥᠰᠪᠡ︔ ᠤᠢ ᠰᠢᠭᠤᠢ ᠪᠠ ᠵᠢᠭᠠᠰᠤᠨ ᠠᠵᠤ ᠠᠬᠤᠢ ᠶᠢᠨ ᠡᠵᠡᠯᠡᠬᠦ ᠬᠤᠪᠢ ᠶᠢᠨ ᠵᠢᠩ ᠨᠢ ᠦᠨᠳᠦᠰᠦᠨ ᠳᠤ ᠪᠠᠨ 3% ᠪᠠ 1% ᠣᠷᠴᠢᠮ ᠲᠣᠭᠲᠠᠪᠤᠷᠢᠵᠢᠪᠠ᠃ ᠲᠠᠷᠢᠮᠠᠯ ᠤᠨ ᠦᠢᠯᠡᠰ ᠤᠨ ᠳᠣᠲᠣᠭᠠᠳᠤ ᠠᠴᠠ ᠦᠵᠡᠪᠡᠯ᠂ ᠮᠠᠨ ᠤ ᠣᠷᠣᠨ ᠤ ᠠᠮᠤ ᠪᠤᠳᠠᠭ᠎ᠠ ᠪᠠ ᠠᠵᠤ ᠠᠬᠤᠢ ᠶᠢᠨ ᠲᠠᠷᠢᠮᠠᠯ ᠲᠠᠷᠢᠬᠤ ᠲᠠᠯᠠᠪᠠᠢ ᠶᠢᠨ ᠶᠡᠷᠦᠩᠬᠡᠢ ᠲᠠᠷᠢᠬᠤ ᠲᠠᠯᠠᠪᠠᠢ ᠳᠠᠬᠢ ᠡᠵᠡᠯᠡᠬᠦ ᠬᠤᠪᠢ ᠶᠢᠨ ᠵᠢᠩ 1949 ᠣᠨ ᠳᠤ 90.6% ᠪᠠ 7.2% ᠪᠠᠶᠢᠭᠰᠠᠨ ᠪᠣᠯ 2023 ᠣᠨ ᠳᠤ 79.3% ᠪᠠ 14.3% ᠪᠣᠯᠭᠠᠨ ᠲᠣᠬᠢᠷᠠᠭᠤᠯᠪᠠ᠃ ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠴᠤ᠂ ︽ᠳᠤᠮᠳᠠᠳᠤ ᠤᠯᠤᠰ ᠤᠨ ᠠᠶᠠᠭᠠᠨ︾ ᠳᠤ ︽ᠠᠷᠤ ᠭᠠᠵᠠᠷ ᠤᠨ ᠠᠮᠤ ᠪᠤᠳᠠᠭ᠎ᠠ︾ ᠶᠢ ᠲᠠᠰᠤᠷᠠᠯᠲᠠ ᠥᠬᠡᠶ ᠨᠡᠮᠡᠷᠢᠯᠡᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠠᠮᠤ ᠪᠤᠳᠠᠭ᠎ᠠ ᠲᠠᠷᠢᠭᠰᠠᠨ ᠲᠠᠯᠠᠪᠠᠶ ᠵᠥᠪᠬᠡᠨ 5292 ᠲᠦᠮᠡᠨ ᠮᠦ ᠪᠥᠭᠡᠳ ᠤᠨᠠᠯᠲᠠ 42.5 ᠳ᠋ᠦᠩᠰᠢᠭᠤᠷ ᠵᠢᠩ ᠯᠠ ᠪᠠᠶᠢᠭᠰᠠᠨ ᠲᠤᠯᠠ ᠢᠳᠡᠬᠦ ᠠᠮᠤ ᠪᠠᠨ ᠭᠤᠤᠯᠳᠠᠭᠤ ᠭᠠᠳᠠᠨ᠎ᠠ ᠠᠴᠠ ᠣᠷᠣᠭᠤᠯᠬᠤ ᠳᠤ ᠲᠦᠰᠢᠭᠯᠡᠵᠦ ᠪᠠᠶᠢᠵᠠᠢ᠃ 1990 ᠤᠨ ᠳᠤ ᠠᠮᠤ ᠪᠤᠳᠠᠭ᠎ᠠ ᠲᠠᠷᠢᠭᠰᠠᠨ ᠳᠠᠯᠠᠪᠠᠢ 5812.5 ᠲᠦᠮᠡᠨ ᠮᠤ᠋᠂ ᠤᠨᠠᠯᠳᠠ 194.6 ᠳ᠋ᠦᠩᠰᠢᠭᠤᠷ ᠵᠢᠩ ᠳᠤ ᠬᠦᠷᠴᠦ᠂ ᠠᠮᠤ ᠪᠤᠳᠠᠭ᠎ᠠ ᠪᠠᠨ ᠦᠪᠡᠷᠲᠡᠭᠡᠨ ᠬᠠᠩᠭᠠᠬᠤ ᠠᠰᠠᠭᠤᠳᠠᠯ ᠰᠢᠢᠳᠪᠦᠷᠢᠯᠡᠭᠳᠡᠨ᠂ ᠠᠮᠤ ᠪᠤᠳᠠᠭ᠎ᠠ ᠪᠠᠨ ᠤᠯᠠᠨ ᠵᠢᠯ ᠭᠠᠳᠠᠨ᠎ᠠ ᠠᠴᠠ ᠣᠷᠣᠭᠤᠯᠵᠤ ᠪᠠᠶᠢᠭᠰᠠᠨ ᠳᠡᠤᠬᠡ ᠶᠢ ᠡᠴᠦᠰᠯᠡᠭᠦᠯᠪᠡ᠃ 1992 ᠣᠨ ᠳᠤ ᠠᠮᠤ ᠪᠤᠳᠠᠭᠠᠨ ᠤ ᠤᠨᠠᠯᠲᠠ 200 ᠳ᠋ᠦᠩᠰᠢᠭᠤᠷ ᠵᠢᠩ ᠢ ᠳᠠᠪᠠᠪᠠ︔ 2005 ᠣᠨ ᠳᠤ ᠪᠦᠬᠦ ᠤᠯᠤᠰ ᠤᠨ ᠠᠮᠤ ᠪᠤᠳᠠᠭᠠᠨ ᠤ ᠭᠤᠣᠯ ᠭᠠᠷᠤᠯᠲᠠ ᠶᠢᠨ 13 ᠣᠷᠣᠨ ᠤ ᠨᠢᠭᠡ ᠨᠢ ᠪᠣᠯᠪᠠ︔ 2008 ᠣᠨ ᠳᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 400 ᠳ᠋ᠦᠩᠰᠢᠭᠤᠷ ᠵᠢᠩ ᠢ ᠳᠠᠪᠠᠭᠠᠳ ᠪᠦᠬᠦ ᠤᠯᠤᠰ ᠤᠨ ᠡᠮᠦᠨ᠎ᠡ 10 ᠳᠤ ᠣᠷᠣᠵᠤ᠂ ᠪᠦᠬᠦ ᠤᠯᠤᠰ ᠲᠠᠬᠢ ᠠᠮᠤ ᠪᠤᠳᠠᠭ᠎ᠠ ᠰᠢᠯᠵᠢᠭᠦᠯᠦᠨ ᠭᠠᠷᠭᠠᠬᠤ ᠮᠤᠵᠢ ᠣᠷᠣᠨ ᠨᠤᠭᠤᠳ ᠤᠨ ᠨᠢᠭᠡ ᠪᠣᠯᠵᠠᠶ︔ 2018 ᠣᠨ ᠳᠤ ᠠᠮᠤ ᠪᠤᠳᠠᠭᠠᠨ ᠤ ᠤᠨᠠᠯᠲᠠ 700 ᠳ᠋ᠦᠩᠰᠢᠭᠤᠷ ᠵᠢᠩ ᠢ ᠳᠠᠪᠠᠪᠠ᠃ 2023 ᠣᠨ ᠳᠤ ᠠᠮᠤ ᠪᠤᠳᠠᠭ᠎ᠠ ᠲᠠᠷᠢᠭᠰᠠᠨ ᠲᠠᠯᠠᠪᠠᠶ 10477.5 ᠲᠦᠮᠡᠨ ᠮᠥ᠂ ᠤᠨᠠᠯᠲᠠ 791.6 ᠳ᠋ᠦᠩᠰᠢᠭᠤᠷ ᠵᠢᠩ᠂ ᠳᠤᠮᠳᠠᠴᠢ ᠨᠢᠭᠡᠴᠢ ᠶᠢᠨ ᠤᠨᠠᠯᠲᠠ 378 ᠺᠢᠯᠣᠭ᠍ᠷᠠᠮ / ᠮᠥ ᠳᠤ ᠬᠦᠷᠴᠦ᠂ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠦᠭᠰᠡᠨ ᠪᠥᠭᠡᠳ ᠭᠤᠷᠪᠠᠨ ᠵᠢᠯ ᠳᠠᠷᠠᠭᠠᠯᠠᠨ ᠤᠨᠠᠯᠲᠠ ᠪᠠᠷ ᠢᠶᠠᠨ ᠪᠥᠬᠦ ᠤᠯᠤᠰ ᠤᠨ ᠵᠢᠷᠭᠤᠳᠤᠭᠠᠷ ᠲᠤ ᠵᠢᠭᠰᠠᠭᠠᠭᠳᠠᠪᠠ᠃ ᠠᠮᠤ ᠪᠤᠳᠠᠭᠠᠨ ᠤ ᠶᠡᠷᠦᠩᠭᠡᠢ ᠤᠨᠠᠯᠳᠠ᠂ ᠨᠢᠭᠡᠴᠢ ᠶᠢᠨ ᠤᠨᠠᠯᠳᠠ ᠲᠤᠰ ᠪᠦᠷᠢ 1949 ᠤᠨ ᠬᠢ ᠠᠴᠠ 18.6 ᠳᠠᠭᠢᠨ ᠪᠠ 9.5 ᠲᠠᠬᠢᠨ ᠪᠣᠯᠵᠤ᠂ ᠳᠤᠮᠳᠠᠳᠤ ᠤᠯᠤᠰ ᠤᠨ ᠠᠶᠠᠭᠠᠨ ᠳᠤ ᠠᠷᠤ ᠭᠠᠵᠠᠷ ᠤᠨ ᠠᠮᠤ ᠪᠤᠳᠠᠭ᠎ᠠ ᠶᠢ ᠨᠡᠩ ᠠᠷᠪᠢᠨ ᠨᠡᠮᠡᠷᠢᠯᠡᠬᠦ ᠪᠣᠯᠪᠠ᠃ ︵ᠭᠤᠷᠪᠠ︶ ᠠᠵᠤ ᠠᠬᠤᠢ ᠶᠢᠨ ᠲᠠᠷᠢᠮᠠᠯ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠰᠠᠭᠤᠭᠠᠯᠢ ᠠᠷᠠᠳ ᠤᠨ ︽ᠬᠤᠯᠢᠰᠢᠨ ᠢᠳᠡᠭᠡᠨ︾ ᠡᠳᠦᠷ ᠢᠷᠡᠬᠦᠶ᠎ᠡ ᠡᠯᠪᠡᠭ ᠪᠣᠯᠪᠠ᠃ ᠮᠠᠨ ᠤ ᠣᠷᠣᠨ ᠤ ᠠᠵᠤ ᠠᠬᠤᠶ ᠶᠢᠨ ᠲᠠᠷᠢᠮᠠᠯ ᠤᠨ ᠲᠥᠷᠥᠯ ᠣᠯᠠᠨ ᠶᠠᠩᠵᠤ ᠶᠢᠨ ᠪᠠᠶᠢᠳᠠᠭ᠂ ᠡᠭᠦᠨ ᠳᠤ ᠭᠤᠤᠯᠳᠠᠭᠤ ᠲᠣᠰᠣᠯᠢᠭ ᠲᠠᠷᠢᠮᠠᠯ᠂ ᠢᠳᠡᠰᠢᠨ ᠨᠣᠭᠤᠭ᠎ᠠ᠂ ᠰᠢᠬᠢᠷᠯᠢᠭ ᠲᠠᠷᠢᠮᠠᠯ᠂ ᠭᠤᠸ᠎ᠠ ᠵᠢᠮᠢᠰ ᠵᠢᠴᠢ ᠬᠢᠲᠠᠳ ᠡᠮ ᠤᠨ ᠮᠠᠲ᠋ᠧᠷᠢᠶᠠᠯ ᠤᠳ ᠢ ᠪᠠᠭᠲᠠᠭᠠᠨ᠎ᠠ᠃ 1949 ᠣᠨ ᠳᠤ ᠪᠦᠬᠦ ᠣᠷᠣᠨ ᠤ ᠠᠵᠤ ᠠᠬᠤᠢ ᠶᠢᠨ ᠲᠠᠷᠢᠮᠠᠯ ᠲᠠᠷᠢᠭᠰᠠᠨ ᠲᠠᠯᠠᠪᠠᠢ ᠵᠥᠪᠬᠡᠨ 420 ᠲᠦᠮᠡᠨ ᠮᠦ ᠪᠠᠶᠢᠵᠤ᠂ 2023 ᠣᠨ ᠪᠣᠯᠬᠤ ᠳᠤ ᠨᠡᠮᠡᠭᠳᠡᠭᠡᠳ 2736.2 ᠲᠦᠮᠡᠨ ᠮᠦ ᠪᠣᠯᠵᠤ᠂ 5.5 ᠳᠠᠬᠢᠨ ᠥᠰᠴᠦ᠂ ᠵᠢᠯ ᠪᠦᠷᠢ ᠳᠤᠮᠳᠠᠴᠢ ᠪᠠᠷ 2.6% ᠥᠰᠴᠡᠢ᠃ ᠲᠣᠰᠣᠯᠢᠭ ᠲᠠᠷᠢᠮᠠᠯ ᠠᠴᠠ ᠦᠵᠡᠪᠡᠯ᠂ 1949 ᠣᠨ ᠳᠤ ᠲᠣᠰᠣᠯᠢᠭ ᠲᠠᠷᠢᠮᠠᠯ ᠲᠠᠷᠢᠬᠤ ᠲᠠᠯᠠᠪᠠᠢ ᠬᠢᠵᠠᠭᠠᠷ ᠲᠠᠢ ᠪᠥᠭᠡᠳ ᠤᠨᠠᠯᠲᠠ ᠨᠢ ᠵᠥᠪᠬᠡᠨ 9 ᠲᠦᠮᠡᠨ ᠲᠣᠨ ᠪᠠᠶᠢᠵᠠᠢ᠂ ᠭᠠᠵᠠᠷ ᠰᠢᠷᠣᠢ ᠶᠢᠨ ᠥᠭᠡᠷᠡᠴᠢᠯᠡᠯᠲᠡ᠂ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠳᠠᠭᠠᠯᠳᠤᠨ᠂ ᠲᠠᠷᠢᠶᠠᠯᠠᠩ ᠦᠢᠯᠡᠳᠪᠦᠷᠢᠯᠡᠭᠴᠢᠳ ᠤᠨ ᠢᠳᠡᠪᠬᠢᠵᠢᠯ ᠢᠯᠡᠳᠲᠡ ᠨᠡᠮᠡᠭᠳᠡᠵᠦ᠂ 2023 ᠣᠨ ᠪᠣᠯᠬᠤ ᠳᠤ ᠲᠣᠰᠣᠯᠢᠭ ᠲᠠᠷᠢᠮᠠᠯ ᠤᠨ ᠤᠨᠠᠯᠲᠠ 206.2 ᠲᠦᠮᠡᠨ ᠲᠣᠨ ᠳᠤ ᠬᠦᠷᠴᠦ᠂ 1949 ᠣᠨ ᠤ ᠬᠢ ᠠᠴᠠ 21.9 ᠳᠠᠬᠢᠨ ᠨᠡᠮᠡᠭᠳᠡᠵᠦ᠂ ᠵᠢᠯ ᠳᠤ ᠳᠤᠮᠳᠠᠴᠢ ᠪᠠᠷ 4.3% ᠨᠡᠮᠡᠭᠳᠡᠵᠡᠢ᠃ ᠢᠳᠡᠰᠢᠨ ᠨᠣᠭᠤᠭᠠᠨ ᠠᠴᠠ ᠦᠵᠡᠪᠡᠯ᠂ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ ᠮᠠᠨ ᠤ ᠣᠷᠣᠨ ᠤ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠰᠠᠭᠤᠷᠢ ᠪᠠᠭᠤᠷᠠᠢ ᠪᠠᠶᠢᠭᠰᠠᠨ ᠮᠥᠷᠲᠡᠭᠡᠨ ᠲᠡᠦᠬᠡᠨ ᠰᠢᠯᠲᠠᠭᠠᠨ ᠪᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠢᠳᠡᠰᠢᠨ ᠨᠣᠭᠤᠭᠠᠨ ᠤ ᠲᠠᠯᠠᠪᠠᠢ᠂ ᠤᠨᠠᠯᠲᠠ ᠪᠠ ᠲᠥᠷᠥᠯ ᠬᠠᠷᠢᠴᠠᠩᠭᠤᠢ ᠪᠠᠷ ᠨᠡᠯᠢᠶᠡᠳ ᠴᠥᠭᠡᠨ ᠪᠠᠶᠢᠵᠤ᠂ 1949 ᠣᠨ ᠳᠤ ᠢᠳᠡᠰᠢᠨ ᠨᠣᠭᠤᠭᠠᠨ ᠤ ᠤᠨᠠᠯᠲᠠ ᠵᠥᠪᠬᠡᠨ 44.9 ᠲᠦᠮᠡᠨ ᠲᠣᠨ ᠪᠠᠶᠢᠵᠠᠢ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠠᠬᠢᠬᠤ ᠶᠢ ᠳᠠᠭᠠᠯᠳᠤᠨ᠂ ᠮᠠᠨ ᠤ ᠣᠷᠣᠨ ᠢᠳᠡᠰᠢᠨ ᠨᠣᠭᠤᠭ᠎ᠠ ᠲᠠᠷᠢᠬᠤ ᠲᠡᠷᠢᠭᠦᠨ ᠤ ᠮᠡᠷᠭᠡᠵᠢᠯ ᠪᠠ ᠪᠡᠯᠡᠳᠬᠡᠮᠵᠢ ᠨᠦᠭᠦᠳ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠳᠡᠯᠭᠡᠷᠡᠭᠦᠯᠦᠭᠡᠳ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ᠃ 2023 ᠣᠨ ᠳᠤ ᠢᠳᠡᠰᠢᠨ ᠨᠣᠭᠤᠭᠠᠨ ᠤ ᠤᠨᠠᠯᠲᠠ 1097.1 ᠲᠦᠮᠡᠨ ᠲᠣᠨ ᠳᠤ ᠬᠦᠷᠴᠦ᠂ 1949 ᠣᠨ ᠤ ᠬᠢ ᠠᠴᠠ 23.4 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 4.4% ᠨᠡᠮᠡᠭᠳᠡᠪᠡ᠂ ᠡᠭᠦᠨ ᠳᠤ ᠪᠡᠯᠡᠳᠭᠡᠮᠵᠢᠳᠤ ᠢᠳᠡᠰᠢᠨ ᠨᠣᠭᠤᠭᠠᠨ ᠤ ᠤᠨᠠᠯᠲᠠ 262.4 ᠲᠦᠮᠡᠨ ᠲᠣᠨ ᠪᠠᠶᠢᠵᠤ᠂ ᠤᠯᠠᠷᠢᠯ ᠤᠨ ᠪᠤᠰᠤ ᠢᠳᠡᠰᠢᠨ ᠨᠣᠭᠤᠭᠠᠨ ᠤ ᠬᠠᠩᠭᠠᠯᠭ᠎ᠠ ᠶᠢ ᠲᠦᠢᠯ ᠤᠨ ᠶᠡᠭᠡ ᠪᠠᠷ ᠪᠠᠲᠤᠯᠠᠵᠤ᠂ ᠰᠠᠭᠤᠭᠠᠯᠢ ᠠᠷᠠᠳ ᠤᠨ ︽ᠬᠤᠯᠢᠰᠢᠨ ᠢᠳᠡᠭᠡᠨ︾ ᠳᠤ ᠣᠷᠣᠭᠤᠯᠬᠤ ᠢᠳᠡᠰᠢᠨ ᠨᠣᠭᠤᠭᠠᠨ ᠤ ᠬᠠᠩᠭᠠᠯᠭ᠎ᠠ ᠶᠢ ᠲᠠᠰᠤᠷᠠᠯᠲᠠ ᠦᠭᠡᠢ ᠡᠯᠪᠡᠭᠵᠢᠭᠦᠯᠪᠡ᠃ ︵ᠳᠥᠷᠪᠡ︶ ᠮᠠᠯ ᠠᠵᠤ ᠠᠬᠤᠶ ᠶᠢᠨ ᠦᠢᠯᠡᠳᠪᠦᠷᠢᠯᠡᠯ ᠳᠠᠪᠠᠯᠲᠠ ᠶᠢᠨ ᠴᠢᠨᠠᠷᠲᠠᠢ ᠬᠥᠭᠵᠢᠵᠦ᠂ ︽ᠮᠢᠬᠠᠨ ᠤ ᠬᠥᠮᠥᠷᠭᠡ︾᠂ ︽ᠰᠦᠨ ᠤ ᠰᠠᠪᠠ︾᠂ ︽ᠨᠣᠣᠯᠤᠭᠤᠷ ᠤᠨ ᠲᠥᠪ︾ ᠤᠨ ᠨᠡᠷ᠎ᠡ ᠨᠢᠳᠡᠷ ᠲᠤ ᠪᠠᠨ ᠨᠡᠶᠢᠴᠡᠪᠡ᠃ ᠮᠠᠨ ᠤ ᠣᠷᠣᠨ ᠤ ᠨᠤᠲᠤᠭ ᠪᠡᠯᠴᠢᠭᠡᠷ ᠤᠨ ᠲᠠᠯᠠᠪᠠᠢ ᠥᠷᠭᠡᠨ ᠠᠭᠤᠳᠠᠮ ᠪᠣᠯᠬᠤᠷ ᠮᠠᠨ ᠤ ᠤᠯᠤᠰ ᠤᠨ ᠲᠠᠪᠤᠨ ᠶᠡᠭᠡ ᠮᠠᠯᠵᠢᠬᠤ ᠣᠷᠣᠨ ᠤ ᠲᠡᠷᠢᠭᠦᠨ ᠳᠤ ᠪᠠᠶᠢᠷᠢᠯᠠᠳᠠᠭ᠂ ᠮᠥᠨ ᠴᠤ ᠤᠯᠤᠰ ᠤᠨ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠪᠠᠶᠢᠵᠤ᠂ 75 ᠵᠢᠯ ᠤᠨ ᠲᠤᠷᠰᠢᠳᠠ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠨ ᠳᠠᠪᠠᠯᠲᠠ ᠶᠢᠨ ᠴᠢᠨᠠᠷᠲᠠᠢ ᠬᠦᠭᠵᠢᠭᠦᠯᠪᠡ᠃ 1949 ᠣᠨ ᠤ ᠡᠴᠦᠰ ᠲᠤ ᠮᠠᠨ ᠤ ᠣᠷᠣᠨ ᠤ ᠮᠠᠯ ᠤᠨ ᠶᠡᠷᠦᠩᠬᠡᠢ ᠲᠤᠭ᠎ᠠ ᠲᠣᠯᠣᠭᠠᠢ 968.6 ᠲᠦᠮᠡ ᠪᠠᠶᠢᠭᠰᠠᠨ ᠠᠴᠠ ᠪᠠᠨ 2023 ᠣᠨ ᠪᠣᠯᠬᠤ ᠳᠤ 7880.3 ᠲᠦᠮᠡ ᠳᠤ ᠬᠦᠷᠴᠦ᠂ ᠵᠢᠯ ᠪᠦᠷᠢ ᠳᠤᠮᠳᠠᠴᠢ ᠪᠠᠷ 2.9% ᠪᠠᠷ ᠨᠡᠮᠡᠭᠳᠡᠪᠡ᠃ ᠡᠭᠦᠨ ᠳᠤ ᠭᠠᠭ᠋ᠠᠢ 629.9 ᠲᠦᠮᠡ᠂ ᠬᠤᠨᠢ ᠢᠮᠠᠭ᠎ᠠ 6180.6 ᠲᠦᠮᠡ᠂ ᠦᠬᠡᠷ 947.7 ᠲᠦᠮᠡ ᠪᠠᠶᠢᠵᠦ᠂ 1949 ᠣᠨ ᠤ ᠬᠢ ᠠᠴᠠ ᠳᠤᠰ ᠪᠦᠷᠢ 6.1 ᠳᠠᠬᠢᠨ ᠂ 9.7 ᠳᠠᠬᠢᠨ ᠪᠠ 3.8 ᠳᠠᠬᠢᠨ ᠨᠡᠮᠡᠭᠳᠡᠪᠡ᠃ ᠮᠠᠯ ᠤᠨ ᠲᠣᠭ᠎ᠠ ᠲᠣᠯᠣᠭᠠᠢ ᠨᠡᠮᠡᠭᠳᠡᠬᠦ ᠶᠢ ᠳᠠᠭᠠᠯᠳᠤᠨ᠂ ᠮᠠᠯ ᠵᠢᠭᠦᠷᠲᠡᠨ ᠤ ᠭᠤᠤᠯ ᠪᠣᠯᠬᠤ ᠪᠦᠲᠦᠭᠡᠭᠳᠡᠬᠦᠨ ᠤ ᠭᠠᠷᠤᠯᠲᠠ ᠨᠤᠭᠤᠳ ᠴᠦ ᠶᠡᠭᠡ ᠪᠠᠷ ᠨᠡᠮᠡᠭᠳᠡᠭᠰᠡᠨ ᠪᠠᠶᠢᠨ᠎ᠠ᠃ 2023 ᠣᠨ ᠳᠤ ᠦᠨᠢᠶᠡᠨ ᠰᠦᠨ ᠦ ᠭᠠᠷᠤᠯᠲᠠ 792.6 ᠲᠦᠮᠡᠨ ᠲᠣᠨ ᠳᠤ ᠬᠦᠷᠴᠦ᠂ ᠪᠦᠬᠦ ᠤᠯᠤᠰ ᠲᠠᠬᠢ 700 ᠲᠦᠮᠡᠨ ᠲᠣᠨ ᠢ ᠳᠠᠪᠠᠭᠰᠠᠨ ᠴᠣᠷ ᠤᠨ ᠭᠠᠭᠴᠠ ᠮᠤᠵᠢ ᠣᠷᠣᠨ ᠪᠣᠯᠵᠤ᠂ 1980 ᠣᠨ ᠤ ᠬᠢ ᠠᠴᠠ 117.5 ᠳᠠᠬᠢᠨ ᠨᠡᠮᠡᠭᠳᠡᠨ᠂ ᠵᠢᠯ ᠪᠦᠷᠢ ᠳᠤᠮᠳᠠᠴᠢ ᠪᠠᠷ 11.7% ᠪᠠᠷ ᠨᠡᠮᠡᠭᠳᠡᠵᠡᠢ᠂ 2003 ᠣᠨ ᠠᠴᠠ ᠡᠬᠢᠯᠡᠨ ᠦᠨᠢᠶᠡᠨ ᠰᠦᠨ ᠦ ᠭᠠᠷᠤᠯᠲᠠ 21 ᠵᠢᠯ ᠳᠠᠷᠠᠭᠠᠯᠠᠨ ᠪᠦᠬᠦ ᠤᠯᠤᠰ ᠲᠤ ᠲᠡᠷᠢᠭᠦᠯᠡᠪᠡ︔ ᠬᠣᠨᠢ ᠢᠮᠠᠭᠠᠨ ᠤ ᠨᠣᠣᠰᠤ ᠨᠣᠣᠯᠤᠭᠤᠷ ᠤᠨ ᠭᠠᠷᠤᠯᠲᠠ 8635.8 ᠲᠣᠨ ᠳᠤ ᠬᠦᠷᠴᠦ᠂ 1980 ᠣᠨ ᠤ ᠬᠢ ᠠᠴᠠ 3.8 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 3.7% ᠪᠠᠷ ᠨᠡᠮᠡᠭᠳᠡᠵᠡᠢ᠂ 1980 ᠣᠨ ᠠᠴᠠ ᠡᠬᠢᠯᠡᠨ ᠬᠣᠨᠢ ᠢᠮᠠᠭᠠᠨ ᠤ ᠨᠣᠣᠰᠤ ᠨᠣᠣᠯᠤᠭᠤᠷ ᠤᠨ ᠭᠠᠷᠤᠯᠲᠠ 44 ᠵᠢᠯ ᠳᠠᠷᠠᠭᠠᠯᠠᠨ ᠪᠦᠬᠦ ᠤᠯᠤᠰ ᠲᠤ ᠲᠡᠷᠢᠭᠦᠯᠡᠪᠡ︔ ᠦᠬᠡᠷ ᠤᠨ ᠮᠢᠬᠠᠨ ᠤ ᠭᠠᠷᠤᠯᠲᠠ 77.8 ᠲᠦᠮᠡᠨ ᠲᠣᠨ᠂ ᠬᠤᠨᠢᠨ ᠤ ᠮᠢᠬᠠᠨ ᠤ ᠭᠠᠷᠤᠯᠲᠠ 108.8 ᠲᠦᠮᠡᠨ ᠲᠣᠨ ᠳᠤ ᠬᠦᠷᠴᠦ᠂ 1979 ᠣᠨ ᠤ ᠬᠢ ᠠᠴᠠ ᠲᠤᠰ ᠪᠦᠷᠢ 24.8 ᠳᠠᠬᠢᠨ ᠪᠠ 16.3 ᠳᠠᠬᠢᠨ ᠨᠡᠮᠡᠭᠳᠡᠵᠦ᠂ ᠭᠠᠷᠤᠯᠲᠠ ᠨᠤᠭᠤᠳ ᠨᠢ ᠴᠥᠮ ᠪᠥᠬᠦ ᠤᠯᠤᠰ ᠲᠤ ᠲᠡᠷᠢᠭᠦᠯᠡᠭᠡᠳ ᠨᠡᠷ᠎ᠡ ᠨᠢᠳᠡᠷ ᠲᠤ ᠪᠠᠨ ᠨᠡᠶᠢᠴᠡᠭᠰᠡᠨ ᠤᠯᠤᠰ ᠤᠨ ︽ᠮᠢᠬᠠᠨ ᠤ ᠬᠥᠮᠥᠷᠭᠡ︾᠂ ︽ᠰᠦᠨ ᠤ ᠰᠠᠪᠠ︾᠂ ︽ᠨᠣᠣᠯᠤᠭᠤᠷ ᠤᠨ ᠲᠥᠪ︾ ᠪᠣᠯᠪᠠ᠃ ᠬᠤᠶᠠᠷ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ ︵ᠨᠢᠭᠡ︶ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠲᠦᠪᠰᠢᠨ ᠶᠡᠭᠡ ᠪᠠᠷ ᠳᠡᠭᠡᠭᠰᠢᠯᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ︽ᠭᠠᠵᠠᠷ ᠬᠠᠭᠠᠯᠪᠤᠷᠢᠯᠠᠬᠤ ᠳᠤ ᠦᠬᠡᠷ ᠲᠤ ᠲᠦᠰᠢᠭᠯᠡᠬᠦ᠂ ᠲᠠᠷᠢᠶ᠎ᠠ ᠲᠠᠷᠢᠬᠤ ᠳᠤ ᠠᠨᠵᠢᠰᠤᠨ ᠳᠤ ᠲᠦᠰᠢᠭᠯᠡᠬᠦ᠂ ᠬᠠᠳᠤᠵᠤ ᠬᠤᠷᠢᠶᠠᠬᠤ ᠳᠤ ᠬᠥᠮᠦᠨ ᠳᠤ ᠲᠦᠰᠢᠭᠯᠡᠬᠦ︾ ᠪᠠᠶᠢᠭᠰᠠᠨ ᠢᠶᠠᠨ ᠮᠧᠬᠠᠨᠢᠭ ᠬᠦᠳᠡᠯᠭᠡᠭᠴᠢ ᠬᠦᠴᠦᠨ ᠢᠶᠠᠷ ᠭᠤᠣᠯ ᠪᠣᠯᠭᠠᠭᠰᠠᠨ ᠠᠷᠭ᠎ᠠ ᠮᠠᠶ᠋ᠢᠭ ᠪᠣᠯᠭᠠᠨ ᠬᠤᠪᠢᠷᠠᠭᠤᠯᠪᠠ᠃ ᠲᠠᠷᠢᠶᠠᠯᠠᠩ ᠮᠠᠯ ᠠᠵᠦ ᠠᠬᠤᠢ ᠶᠢᠨ ᠮᠧᠬᠠᠨᠢᠭ ᠤᠨ ᠶᠡᠷᠦᠩᠬᠡᠢ ᠬᠦᠳᠡᠯᠭᠡᠭᠴᠢ ᠬᠦᠴᠦ 1988 ᠤᠨ ᠳᠤ 672.3 ᠲᠦᠮᠡᠨ ᠺᠢᠯᠤᠸᠠᠲ ᠪᠠᠶᠢᠭᠰᠠᠨ ᠠᠴᠠ ᠪᠠᠨ ᠳᠡᠭᠡᠭᠰᠢᠯᠡᠭᠡᠳ 2023 ᠤᠨ ᠳᠤ 4925 ᠲᠦᠮᠡᠨ ᠺᠢᠯᠤᠸᠠᠲ ᠪᠤᠯᠵᠦ᠂ 2023 ᠤᠨ ᠳᠤ ᠲᠠᠷᠢᠮᠠᠯ ᠤᠨ ᠠᠵᠢᠯ ᠳᠠᠬᠢ ᠬᠠᠭᠠᠯᠪᠤᠷᠢᠯᠠᠬᠤ ᠲᠠᠷᠢᠬᠤ ᠬᠤᠷᠢᠶᠠᠬᠤ ᠶᠡᠷᠦᠩᠬᠡᠢ ᠮᠧᠬᠠᠨᠢᠭᠵᠢᠭᠤᠯᠤᠯᠲᠠ ᠶᠢᠨ ᠨᠤᠷᠮ᠎ᠠ 88.4% ᠳᠤ ᠬᠦᠷᠪᠡ᠃ ︵ᠬᠤᠶᠠᠷ︶ ᠤᠰᠤ᠂ ᠴᠠᠬᠢᠯᠭᠠᠨ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠬᠥᠳᠡᠭᠡ ᠲᠤᠰᠬᠤᠨ ᠣᠷᠣᠰᠢᠨ ᠰᠠᠭᠤᠷᠢᠰᠢᠬᠤ ᠳᠤ ᠨᠡᠩ ᠢᠯᠡᠭᠦᠦ ᠲᠠᠭᠠᠯᠠᠮᠵᠢᠲᠠᠢ ᠪᠣᠯᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠶᠡᠬᠡᠩᠬᠢ ᠮᠠᠯᠵᠢᠬᠤ ᠲᠠᠷᠢᠶᠠᠯᠠᠬᠤ ᠣᠷᠣᠨ ᠤ ᠭᠡᠷᠡᠯᠳᠦᠭᠦᠯᠭᠡ ᠨᠢ ᠨᠡᠭᠦᠷᠡᠰᠦᠨ ᠲᠤᠰᠤᠨ ᠳ᠋ᠧᠩ᠂ ᠬᠤᠨᠢᠨ ᠲᠣᠰᠣᠨ ᠳ᠋ᠧᠩ ᠳᠤ ᠲᠦᠰᠢᠭᠯᠡᠨ᠂ ᠤᠤᠭᠤᠬᠤ ᠤᠰᠤ ᠨᠢ ᠰᠢᠭᠤᠳ ᠬᠤᠳᠳᠤᠭ ᠤᠨ ᠤᠰᠤ᠂ ᠭᠤᠣᠯ ᠤᠨ ᠤᠰᠤᠨ ᠳᠤ ᠲᠦᠰᠢᠭᠯᠡᠳᠡᠭ ᠪᠠᠶᠢᠵᠠᠢ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠭᠠᠳ ᠤᠰᠤ᠂ ᠴᠠᠬᠢᠯᠭᠠᠨ᠂ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠳᠤ ᠢᠯᠡᠷᠬᠡᠶ ᠠᠮᠵᠢᠯᠲᠠ ᠣᠯᠪᠠ᠃ 2023 ᠣᠨ ᠤ ᠡᠴᠦᠰ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠶᠡᠬᠡᠩᠬᠢ ᠭᠠᠵᠠᠷ ᠣᠷᠣᠨ ᠳᠤ ᠨᠢᠭᠡᠨᠲᠡ ᠴᠠᠬᠢᠯᠭᠠᠨ ᠨᠡᠪᠲᠡᠷᠡᠭᠦᠯᠵᠦ᠂ 67.5% ᠶᠢᠨ ᠲᠣᠰᠬᠤᠨ ᠤ ᠭᠤᠤᠯ ᠪᠣᠯᠬᠤ ᠵᠠᠮ ᠤᠳ ᠲᠤ ᠵᠠᠮ ᠤᠨ ᠳ᠋ᠧᠩ ᠤᠨ ᠬᠡᠷᠡᠯᠲᠦᠭᠦᠯᠭᠡ ᠲᠠᠢ ᠪᠣᠯᠵᠤ᠂ 48.5% ᠶᠢᠨ ᠲᠣᠰᠬᠤᠨ ᠤ ᠤᠤᠭᠤᠬᠤ ᠤᠰᠤ ᠶᠢ ᠲᠥᠪᠯᠡᠷᠡᠭᠦᠯᠦᠨ ᠠᠷᠢᠭᠤᠳᠬᠠᠨ ᠴᠡᠪᠡᠷᠰᠢᠭᠦᠯᠵᠦ᠂ 98.0% ᠶᠢᠨ ᠲᠣᠰᠬᠤᠨ ᠤ ᠭᠤᠤᠯ ᠪᠣᠯᠬᠤ ᠵᠠᠮ ᠤᠳ ᠲᠤ ᠪᠠᠷᠤᠭᠰᠢᠨ ᠪᠤᠶᠤ ᠱᠦᠢᠨᠢ ᠳᠡᠪᠢᠰᠴᠦ᠂ 94.7% ᠶᠢᠨ ᠲᠣᠰᠬᠤᠨ ᠳᠤ ᠲᠣᠭᠲᠠᠮᠠᠯ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠨ᠂ 61.2% ᠤᠨ ᠲᠣᠰᠬᠤᠨ ᠳᠤ 5G ᠰᠦᠯᠵᠢᠶ᠎ᠡ ᠶᠢ ᠨᠡᠪᠲᠡᠷᠡᠭᠦᠯᠵᠦ᠂ 67.1% ᠶᠢᠨ ᠲᠣᠰᠬᠤᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠬᠢᠷᠠᠭᠤᠯᠤᠨ ᠬᠦᠷᠭᠡᠬᠦ ᠥᠷᠲᠡᠭᠡ ᠴᠡᠭ ᠲᠠᠢ ᠪᠣᠯᠭᠠᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ︵ᠭᠤᠷᠪᠠ︶ ᠮᠠᠯᠴᠢᠨ ᠲᠠᠷᠢᠶᠠᠴᠢᠳ ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ᠂ ᠬᠤᠲᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠮᠡᠳᠡᠭᠳᠡᠮ᠎ᠡ ᠪᠠᠭᠠᠰᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠨᠤᠭᠤᠳ ᠤᠷᠢᠳ ᠬᠤᠵᠢᠳ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠶᠢᠯᠢ ᠶᠢ ᠪᠦᠬᠦ ᠲᠠᠯ᠎ᠠ ᠪᠠᠷ ᠬᠡᠯᠲᠦᠷᠢᠭᠦᠯᠦᠭᠰᠡᠨ ᠵᠢᠴᠢ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠬᠢᠭᠰᠡᠨ ᠠᠴᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠲᠦᠷᠭᠡᠨ ᠬᠥᠭᠵᠢᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠲᠦᠷᠭᠡᠨ ᠨᠡᠮᠡᠭᠳᠡᠵᠡᠢ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1978 ᠣᠨ ᠳᠤ 100 ᠲᠥᠭᠦᠷᠢᠭ ᠪᠠᠶᠢᠭᠰᠠᠨ ᠠᠴᠠ ᠪᠠᠨ 2023 ᠣᠨ ᠳᠤ 21221 ᠲᠥᠭᠦᠷᠢᠭ ᠪᠣᠯᠤᠨ ᠨᠡᠮᠡᠭᠳᠡᠵᠦ᠂ 1978 ᠣᠨ ᠤ ᠬᠢ ᠠᠴᠠ 212.2 ᠳᠠᠬᠢᠨ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠲᠠᠰᠤᠷᠠᠯᠲᠠ ᠦᠭᠡᠢ ᠪᠠᠭᠠᠰᠴᠤ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠤᠪᠢ ᠶᠢᠨ ᠵᠢᠩ ᠬᠡᠮᠵᠢᠭᠳᠡᠯ 2.3 ᠪᠣᠯᠵᠤ᠂ 1978 ᠣᠨ ᠤ ᠬᠢ ᠠᠴᠠ 0.7 ᠪᠠᠭᠤᠷᠠᠵᠠᠢ᠃ ︵ᠲᠦᠷᠪᠡ︶ ᠮᠠᠯᠴᠢᠨ ᠲᠠᠷᠢᠶᠠᠴᠢᠳ ᠤᠨ ᠬᠡᠷᠡᠭᠯᠡᠭᠡ ᠶᠢᠨ ᠲᠦᠪᠰᠢᠨ ᠲᠠᠰᠤᠷᠠᠯᠲᠠ ᠤᠢᠭᠡᠢ ᠳᠡᠭᠡᠭᠰᠢᠯᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠰᠠᠶᠢᠵᠢᠷᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠬᠡᠷᠡᠭᠯᠡᠭᠡ ᠶᠢᠨ ᠲᠦᠪᠰᠢᠨ ᠢᠳᠡᠵᠦ ᠡᠮᠦᠰᠬᠦ ᠨᠢ ᠭᠦᠢᠴᠡᠬᠦ ᠦᠭᠡᠢ ᠪᠠᠶᠢᠭᠰᠠᠨ ᠠᠴᠠ ᠶᠡᠷᠦᠩᠬᠡᠶ ᠳᠤ ᠪᠠᠨ ᠴᠢᠨᠡᠭᠡᠯᠢᠭᠵᠢᠭᠰᠡᠨ ᠲᠡᠦᠬᠡᠲᠦ ᠴᠢᠨᠠᠷᠲᠠᠶ ᠳᠠᠪᠠᠯᠲᠠ ᠲᠠᠢ ᠪᠣᠯᠪᠠ᠃ 1980 ᠣᠨ ᠳᠤ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠬᠡᠷᠡᠭᠯᠡᠭᠡ ᠶᠢᠨ ᠵᠠᠷᠤᠯᠭ᠎ᠠ ᠵᠥᠪᠬᠡᠨ 157 ᠲᠥᠭᠦᠷᠢᠭ ᠪᠠᠶᠢᠵᠤ᠂ 2023 ᠣᠨ ᠪᠣᠯᠬᠤ ᠳᠤ ᠨᠡᠮᠡᠭᠳᠡᠭᠡᠳ 18650 ᠲᠥᠭᠦᠷᠢᠭ ᠪᠣᠯᠵᠤ᠂ 117.8 ᠳᠠᠬᠢᠨ ᠨᠡᠮᠡᠭᠳᠡᠵᠦ᠂ ᠵᠢᠯ ᠳᠤ ᠳᠤᠮᠳᠠᠴᠢ ᠪᠠᠷ 11.8% ᠨᠡᠮᠡᠭᠳᠡᠵᠡᠢ᠃ ᠬᠡᠷᠡᠭᠯᠡᠭᠡ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠡᠮᠴᠢᠯᠡᠭᠡ ᠡᠷᠡᠭᠦᠯᠵᠢᠯ᠂ ᠵᠠᠮ ᠬᠠᠷᠢᠯᠴᠠᠭ᠎ᠠ ᠴᠢᠮᠡᠭᠡ ᠬᠤᠯᠪᠣᠭ᠎ᠠ᠂ ᠵᠤᠭ᠎ᠠ ᠴᠡᠩᠭᠡᠯ ᠰᠤᠷᠭᠠᠨ ᠬᠥᠮᠦᠵᠢᠯ ᠰᠣᠶᠣᠯ ᠪᠠ ᠣᠷᠣᠨ ᠰᠠᠭᠤᠴᠠ ᠶᠢᠨ ᠬᠡᠷᠡᠭᠯᠡᠭᠡ ᠶᠢᠨ ᠨᠡᠮᠡᠭᠳᠡᠯ ᠲᠦᠷᠭᠡᠰᠴᠦ᠂ ᠬᠡᠷ ᠪᠦᠯᠢ ᠶᠢᠨ ᠬᠡᠷᠡᠭᠯᠡᠭᠡ ᠶᠢᠨ ᠵᠦᠢᠯᠡᠰ ᠲᠠᠰᠤᠷᠠᠯᠲᠠ ᠥᠬᠡᠶ ᠳᠡᠭᠡᠭᠰᠢᠯᠡᠨ᠂ 2023 ᠣᠨ ᠳᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠳᠤᠮᠳᠠᠴᠢ ᠪᠠᠷ ᠵᠠᠭᠤᠨ ᠡᠷᠦᠬᠡ ᠪᠦᠷᠢ ᠳᠤ ᠭᠡᠷ ᠪᠦᠯᠢ ᠶᠢᠨ ᠬᠡᠷᠡᠭᠯᠡᠬᠦ ᠮᠠᠰᠢᠨ ᠲᠡᠷᠭᠡ 58.2᠂ ᠰᠢᠯᠵᠢᠮᠡᠯ ᠤᠲᠠᠰᠤ 229.7᠂ ᠬᠡᠷ ᠪᠦᠯᠢ ᠶᠢᠨ ᠴᠠᠬᠢᠯᠭᠠᠨ ᠬᠦᠷᠦᠭᠡᠭᠴᠢ 116.5᠂ ᠬᠤᠪᠴᠠᠰᠤ ᠤᠬᠢᠶᠠᠬᠤ ᠮᠠᠰᠢᠨ 98.5 ᠪᠠᠶᠢᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠢᠯᠡᠳᠲᠡ ᠠᠮᠵᠢᠯᠲᠠ ᠣᠯᠵᠤ᠂ ᠤᠯᠤᠰ ᠠᠷᠠᠳ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠳᠤ ᠴᠢᠬᠤᠯᠠ ᠦᠢᠯᠡᠳᠦᠯ ᠪᠠᠳᠠᠷᠠᠭᠤᠯᠪᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠮᠠᠨ ᠤ ᠣᠷᠣᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠤᠯᠤᠰ ᠤᠨ ᠲᠠᠷᠢᠶᠠᠯᠠᠩ ᠮᠠᠯ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠢ ᠴᠢᠷᠮᠠᠶᠢᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|