9 ᠳ᠋ᠦ᠋ᠭᠡᠷ ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠪᠣᠯᠬᠤ ︵ᠳᠡᠭᠡᠳᠦ ᠬᠤᠷᠳᠤ ᠶᠢᠨ ᠲᠡᠮᠦᠷ ᠵᠠᠮ ᠳᠤ ᠤᠷᠢᠳᠴᠢᠯᠠᠨ ᠦᠯᠡᠳᠡᠭᠡᠬᠦ︶ ᠲᠥᠷᠥᠯ ᠵᠦᠢᠯ ᠤᠨ ᠭᠤᠤᠯ ᠴᠣᠭᠴᠠ ᠶᠢᠨ ᠪᠦᠲᠦᠴᠡ ᠶᠢᠨ ᠪᠠᠷᠢᠯᠭ᠎ᠠ ᠤᠷᠤᠭᠰᠢᠲᠠᠶ ᠶᠠᠪᠤᠭᠳᠠᠵᠤ ᠪᠠᠶᠢᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶
2025 ᠣᠨ ᠳᠤ᠂ ᠣᠷᠳᠣᠰ ᠬᠤᠲᠠ 369 ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠡᠶᠢᠲᠡ 8248 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ 1700 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 187 ᠪᠠᠶᠢᠵᠤ᠂ 800 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 182 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ 900 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠤᠨ︶
9 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠤᠤᠯᠯᠠᠨ ᠡᠷᠬᠢᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯᠲᠠᠨ ᠡᠯᠰᠡᠵᠦ ᠣᠷᠢᠬᠤ ᠴᠤᠭᠯᠠᠭᠠᠨ ᠲᠦᠩᠯᠢᠶᠣᠤ ᠬᠤᠲᠠ ᠳᠤ ᠡᠬᠢᠯᠡᠵᠦ᠂ ᠨᠡᠶᠢᠲᠡ 7800 ᠭᠠᠷᠤᠶ ᠠᠵᠢᠯ ᠤᠨ ᠪᠠᠶᠢᠷᠢ ᠬᠠᠩᠭᠠᠬᠤ ᠪᠣᠯᠤᠨ᠎ᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶
9 ᠳ᠋ᠦ᠋ᠭᠡᠷ ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠲᠠ ᠬᠢᠭᠡᠳ ᠴᠧᠨ ᠵᠥᠩ ᠶᠤᠸᠠᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠨᠡᠶᠢᠲᠡ 90 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠲᠠᠢ ᠰᠢᠨ᠎ᠡ ᠬᠡᠯᠪᠡᠷᠢ ᠶᠢᠨ ᠨᠡᠶᠢᠯᠡᠮᠡᠯ ᠮᠠᠲ᠋ᠧᠷᠢᠶᠠᠯ ︵ᠬᠦᠷᠮᠡᠨ ᠴᠢᠯᠠᠭᠤᠯᠢᠭ ᠤᠨ ᠬᠠᠶᠢᠷᠰᠤ︶ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶