ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠲᠠᠳ ᠤᠨ ᠲᠣᠭᠤᠷᠢᠨ ᠠᠶᠢᠯᠴᠢᠯᠠᠬᠤ ᠪᠦᠯᠭᠦᠮ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/24

 

      9 ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ︽ ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ ︾ ᠶᠢᠨ ᠰᠤᠷᠤᠯᠭᠠᠲᠠᠳ ᠤᠨ ᠲᠣᠭᠤᠷᠢᠨ ᠠᠶᠢᠯᠴᠢᠯᠠᠬᠤ ᠪᠦᠯᠭᠦᠮ ᠤᠨ ᠬᠢᠨ ᠲᠠᠢ ᠠᠭᠤᠯᠵᠠᠪᠠ ᠃ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠰᠤᠷᠭᠠᠭᠤᠯᠢ ᠶᠢᠨ ᠳᠡᠳ᠋ ᠵᠠᠬᠢᠷᠤᠯ ᠹᠠᠩ ᠹᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠦ᠋ ᠶᠠᠨ ᠭᠠᠩ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠣᠷᠣᠯᠴᠠᠪᠠ ᠃


1.jpg


      ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ︽ ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ ︾ ᠶᠢᠨ ᠰᠤᠷᠤᠯᠭᠠᠲᠠᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 77 ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ ᠂ ᠠᠵᠤ ᠠᠬᠤᠢ ᠬᠥᠭᠵᠢᠭᠰᠡᠨ ᠂ ᠦᠨᠳᠦᠰᠦᠲᠡᠨ ᠨᠦᠭᠦᠳ ᠪᠦᠯᠬᠦᠮᠳᠡᠭᠰᠡᠨ ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠤᠷᠳᠤ ᠬᠤᠭᠤᠴᠠᠭ᠎ᠠ ᠪᠠᠷ ᠪᠠᠲᠤᠯᠠᠪᠠ ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠵᠤ ᠂ ᠪᠢᠳᠡᠨ ᠢ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠪᠠ ︽ ᠨᠢᠭᠡ ᠪᠠᠬᠢᠯᠡᠯᠲᠡ ︾ ᠶᠢ ᠰᠠᠶᠢᠲᠤᠷ ᠪᠦᠲᠦᠭᠡᠨ ᠪᠠᠶᠢᠭᠤᠯᠵᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ ᠃ ᠰᠤᠷᠤᠯᠭᠠᠲᠠᠳ ᠤᠨ ᠣᠯᠵᠤ ᠬᠠᠷᠠᠭᠰᠠᠨ ᠥᠪᠥᠷ ᠮᠣᠩᠭᠤᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠶᠡᠷᠦᠩᠬᠡᠢ ᠱᠦᠵᠢ ᠰᠢ  ᠶᠢᠨ ᠫᠢᠩ ᠤᠨ ᠳᠣᠲᠣᠨᠣ ᠬᠠᠯᠠᠮᠵᠢᠯᠠᠯ ᠳᠣᠣᠷ᠎ᠠ ᠣᠯᠣᠭᠰᠠᠨ ᠶᠤᠮ ᠭᠡᠪᠡ ᠃ ᠲᠡᠷᠡ ᠂ ᠥᠪᠥᠷ ᠮᠣᠩᠭᠤᠯ ᠳᠤ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠲᠠᠢ ᠂ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ ᠂ ᠭᠠᠵᠠᠷ ᠰᠢᠷᠣᠢ ᠪᠠ ᠰᠠᠯᠬᠢᠨ ᠡᠨᠧᠷᠭᠢ ᠂ ᠨᠡᠷᠡᠨ ᠤ ᠡᠨᠧᠷᠭᠢ ᠶᠢᠨ ᠡᠬᠢ ᠪᠠᠶᠠᠯᠢᠭ ᠲᠠᠢ ᠪᠠᠶᠢᠵᠤ ᠂ ᠨᠡᠭᠦᠷᠡᠰᠦᠨ ᠤ ᠦᠢᠯᠡᠳᠪᠦᠷᠢᠯᠡᠯ ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ ᠪᠠ ᠦᠨᠢᠶᠡᠨ ᠰᠦ ᠂ ᠦᠬᠡᠷ ᠬᠤᠨᠢᠨ ᠮᠢᠬ᠎ᠠ ᠂ ᠢᠮᠠᠭᠠᠨ ᠨᠣᠣᠯᠣᠭᠤᠷ ᠤᠨ ᠭᠠᠷᠤᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ ᠂ ᠭᠠᠳᠠᠭᠠᠳᠤ ᠨᠡᠭᠡᠭᠡᠯᠲᠡ ᠶᠠᠭ ᠪᠦᠭᠦ ᠲᠠᠯ᠎ᠠ ᠪᠠᠷ ᠂ ᠥᠨᠳᠥᠷ ᠲᠦᠪᠰᠢᠨ ᠢᠶᠠᠷ ᠠᠬᠢᠵᠤ ᠪᠤᠢ ᠃ ᠡᠯ᠎ᠡ ᠰᠤᠷᠤᠯᠭᠠᠲᠠᠳ ᠤᠨ ᠥᠪᠥᠷ ᠮᠣᠩᠭᠤᠯ ᠳᠤ ᠪᠠᠶᠢᠩᠭᠤ ᠢᠷᠡᠵᠦ ᠂ ᠥᠪᠥᠷ ᠮᠣᠩᠭᠤᠯ ᠢ ᠣᠶᠢᠯᠠᠭᠠᠨ ᠂ ᠥᠪᠥᠷ ᠮᠣᠩᠭᠤᠯ ᠳᠤ ᠲᠠᠪᠠᠲᠠᠶᠢᠬᠠᠨ ᠵᠢᠭᠤᠯᠴᠢᠯᠠᠵᠤ ᠂ ᠥᠪᠥᠷ ᠮᠣᠩᠭᠤᠯ ᠪᠣᠯᠣᠨ ᠡᠯ᠎ᠡ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠰᠣᠯᠢᠯᠴᠠᠭ᠎ᠠ ᠶᠠᠪᠤᠯᠴᠠᠭ᠎ᠠ ᠶᠢ ᠢᠳᠡᠪᠬᠢᠲᠡᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ ᠃ ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠬᠢᠨ ᠤ ᠨᠡᠩ ᠤᠯᠠᠨ ᠰᠤᠷᠤᠯᠭᠠᠲᠠᠳ ᠤᠨ ᠠᠵᠢᠯᠯᠠᠭ᠎ᠠ ᠪᠠᠨ ᠥᠪᠥᠷ ᠮᠣᠩᠭᠤᠯ ᠳᠤ ᠥᠷᠨᠢᠭᠦᠯᠬᠦ ᠶᠢᠨ ᠬᠠᠮᠲᠤ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠪᠡ ᠃

      ᠹᠠᠩ ᠹᠠᠩ ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠭᠦᠨ ᠵᠤᠵᠠᠭᠠᠨ ᠡᠬᠢ ᠰᠤᠷᠪᠤᠯᠵᠢ ᠲᠠᠢ ᠪᠠᠶᠢᠵᠤ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠡᠨᠧᠷᠭᠢ ᠂ ᠡᠮᠴᠢᠯᠡᠭᠡ ᠂ ᠴᠢᠳᠠᠪᠤᠷᠢᠲᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭ᠎ᠠ ᠨᠢᠭᠲᠠ ᠪᠠᠶᠢᠳᠠᠭ ᠃ ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠯ᠎ᠠ ᠪᠠᠷ ᠶᠡᠷᠦ ᠪᠤᠰᠤ ᠶᠢᠨ ᠠᠮᠵᠢᠯᠲᠠ ᠣᠯᠵᠤ ᠂ ᠡᠬᠡ ᠤᠯᠤᠰ ᠤᠨ ᠤᠮᠠᠷᠠᠲᠤ ᠬᠢᠯᠢ ᠳᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠯ ᠪᠠᠳᠠᠷᠠᠯ ᠢᠶᠠᠷ ᠪᠢᠯᠬᠠᠮ᠎ᠠ ᠪᠠᠶᠢᠨ᠎ᠠ ᠃ ᠡᠯ᠎ᠡ ᠰᠤᠷᠤᠯᠭᠠᠲᠠᠳ ᠡᠨᠡ ᠤᠳᠠᠭ᠎ᠠ ᠶᠢᠨ ᠲᠣᠭᠤᠷᠢᠨ ᠠᠶᠢᠯᠴᠢᠯᠠᠯᠲᠠ ᠪᠠᠷ ᠲᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠭᠦᠨᠵᠡᠭᠡᠢ ᠣᠶᠢᠯᠠᠭᠠᠵᠤ ᠂ ᠥᠪᠥᠷ ᠮᠣᠩᠭᠤᠯ ᠤᠨ ᠲᠤᠷᠰᠢᠯᠭ᠎ᠠ ᠶᠢ ᠰᠤᠷᠤᠯᠴᠠᠨ ᠬᠤᠪᠢᠶᠠᠯᠴᠠᠵᠤ ᠂ ᠲᠤᠰ ᠤᠯᠤᠰ ᠪᠣᠯᠣᠨ ᠳᠤᠮᠳᠠᠳᠤ ᠤᠯᠤᠰ ᠤᠨ ᠨᠡᠩ ᠥᠨᠳᠥᠷ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ ᠂ ᠨᠠᠶᠢᠷᠠᠮᠳᠠᠯ ᠨᠥᠬᠦᠷᠯᠡᠯ ᠤᠨ ᠰᠠᠶᠢᠨ ᠡᠯᠴᠢ ᠪᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃

      ᠰᠤᠷᠤᠯᠭᠠᠲᠠᠳ ᠤᠨ ᠲᠥᠯᠥᠭᠡᠯᠡᠭᠴᠢ ᠭᠦᠯᠠᠶᠢᠳᠧ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠷᠢᠳᠤ ᠡᠮᠦᠨ᠎ᠡ ᠪᠠᠶᠢᠭ᠎ᠠ ᠦᠭᠡᠢ ᠠᠮᠵᠢᠯᠲᠠ ᠣᠯᠵᠠᠢ ᠃ ᠪᠢᠳᠡ ᠡᠨᠡ ᠤᠳᠠᠭ᠎ᠠ ᠥᠪᠥᠷ ᠮᠣᠩᠭᠤᠯ ᠳᠤ ᠲᠣᠭᠤᠷᠢᠨ ᠠᠶᠢᠯᠴᠢᠯᠠᠵᠤ ᠂ ᠠᠷᠠᠳ ᠲᠦᠮᠡᠨ ᠤ ᠡᠶ᠎ᠡ ᠵᠣᠬᠢᠴᠠᠩᠭᠤᠢ ᠠᠮᠤᠷ ᠠᠮᠤᠭᠤᠯᠠᠩ ᠢ ᠣᠯᠵᠤ ᠬᠠᠷᠠᠨ ᠂ ᠬᠥᠮᠥᠨ ᠲᠥᠷᠥᠯᠬᠢᠲᠡᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ ᠪᠠᠶᠢᠬᠤ ᠶᠢ ᠣᠯᠵᠤ ᠬᠠᠷᠠᠨ ᠂ ᠠᠵᠤ ᠠᠬᠤᠢ ᠨᠡᠶᠢᠭᠡᠮ ᠤᠨ ᠬᠥᠭᠵᠢᠯ ᠴᠡᠴᠡᠭᠯᠡᠯ ᠢ ᠣᠯᠵᠤ ᠬᠠᠷᠠᠵᠤ ᠂ ᠶᠡᠬᠡᠳᠡ ᠭᠠᠶᠢᠬᠠᠰᠢ ᠠᠯᠳᠠᠪᠠ ᠃ ᠳᠤᠮᠳᠠᠳᠤ ᠤᠯᠤᠰ ︽ ᠬᠥᠭᠵᠢᠯᠲᠡ ︾ ᠶᠢᠨ ᠤᠬᠠᠭᠳᠠᠬᠤᠨ ᠢ ᠳᠠᠭᠢᠨ ᠲᠣᠮᠢᠶᠠᠯᠠᠪᠠ ᠂ ᠪᠢᠳᠡ ᠳᠤᠮᠳᠠᠳᠤ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠵᠤ ᠂ ᠳᠤᠮᠳᠠᠳᠤ ᠤᠯᠤᠰ ᠤᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ ᠂ ᠮᠠᠨ ᠤ ᠪᠣᠳᠠᠲᠤ ᠪᠠᠶᠢᠳᠠᠯ ᠳᠠᠭᠠᠨ ᠨᠡᠶᠢᠴᠡᠭᠰᠡᠨ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ