ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2024/9/24

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠵᠠᠷᠯᠢᠭ

266 ᠳ᠋ᠤᠭᠠᠷ ᠲᠣᠭᠠᠲᠤ

 

      ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠨᠢᠭᠡᠨᠲᠡ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠸᠠᠩ ᠯᠢ ᠰᠢᠶᠠ

      2024 ᠣᠨ ᠤ 5 ᠳ᠋ᠤᠭᠠᠷ ᠰᠠᠷ᠎ᠠ ᠶᠢᠨ 8 ᠤ ᠡᠳᠦᠷ

 

 

ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ

ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ

 

      ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠳᠣᠣᠷᠠᠬᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠪᠠᠷ ᠲᠣᠭᠲᠠᠪᠠ ᠄

      ᠨᠢᠭᠡ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1 ︶

      ᠬᠤᠶᠠᠷ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2 ︶

      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

      ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︾ ᠳᠤ ᠬᠠᠷᠠᠭᠠᠯᠵᠠᠭᠰᠠᠨ ᠵᠠᠰᠠᠪᠤᠷᠢ ᠣᠷᠣᠭᠤᠯᠵᠤ᠂ ᠳᠠᠬᠢᠨ ᠨᠡᠶᠢᠲᠡᠯᠡᠨ᠎ᠡ᠃

      ᠳᠠᠭᠠᠯᠳᠤᠭᠤᠯᠤᠯ ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ

      2.ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ

 

 

      ᠳᠠᠭᠠᠯᠳᠤᠭᠤᠯᠤᠯ 1

   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ

ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ

 

      ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ

      ᠭᠤᠷᠪᠠᠳᠤᠭᠠᠷ ᠵᠦᠢᠯ ᠢ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠨ᠎ᠠ᠃ ᠳᠥᠷᠪᠡᠳᠦᠭᠡᠷ ᠵᠦᠢᠯ ᠢ ᠭᠤᠷᠪᠠᠳᠤᠭᠠᠷ ᠵᠦᠢᠯ  ᠪᠣᠯᠭᠠᠨ ᠬᠤᠪᠢᠷᠠᠭᠤᠯᠵᠤ᠂ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠵᠤ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠬᠦᠶᠢᠴᠡ ᠴᠢᠨᠠᠷ ᠢ ᠨᠡᠮᠡᠭᠳᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢ ᠲᠣᠭᠲᠠᠭᠠᠬᠤ ᠠᠵᠢᠯᠯᠠᠭ᠎ᠠ ᠳᠤ ᠠᠷᠠᠳ ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ ᠣᠷᠣᠯᠴᠠᠬᠤ ᠶᠢ ᠨᠢ ᠪᠠᠲᠤᠯᠠᠬᠤ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ᠃

      ᠰᠢᠨ᠎ᠡ ᠪᠠᠷ ᠨᠢᠭᠡ ᠵᠦᠢᠯ ᠨᠡᠮᠡᠭᠡᠳ ᠶᠢᠰᠦᠳᠦᠭᠡᠷ ᠵᠦᠢᠯ ᠪᠣᠯᠭᠠᠪᠠ ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ ᠲᠣᠭᠲᠠᠭᠠᠬᠤ ᠠᠵᠢᠯᠯᠠᠭ᠎ᠠ ᠳᠤ ᠨᠡᠶᠢᠭᠡᠮ ᠨᠡᠶᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ ᠰᠠᠨᠠᠭᠤᠯᠭ᠎ᠠ ᠳᠤᠷᠠᠳᠬᠤ ᠶᠢ ᠨᠢ ᠵᠣᠷᠢᠭᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃ ︾

      ᠶᠢᠰᠦᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠬᠤ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃

      ︽ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠢ᠃ ︾ ᠭᠡᠵᠦ ᠵᠠᠰᠠᠪᠤᠷᠢ ᠣᠷᠣᠭᠤᠯᠪᠠ᠃

      ᠠᠷᠪᠠᠨ ᠬᠤᠶᠠᠳᠤᠭᠠᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢᠶᠠᠷ ᠰᠡᠳᠦᠪ ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ ᠄

      ︽︵ᠨᠢᠭᠡ ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔

      ︽︵ᠬᠤᠶᠠᠷ ︶ ᠡᠬᠡ ᠲᠥᠰᠥᠯ ᠪᠠ ᠲᠤᠭᠤᠷᠪᠢᠭᠰᠠᠨ ᠲᠣᠳᠣᠷᠬᠠᠶᠢᠯᠠᠯᠲᠠ︔

      ︽︵ᠭᠤᠷᠪᠠ ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠮᠠᠲ᠋ᠧᠷᠢᠶᠠᠯ︔

      ︽︵ᠳᠥᠷᠪᠡ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︔

      ︽︵ᠲᠠᠪᠤ ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃

      ︽ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠂ ᠲᠤᠭᠤᠷᠪᠢᠭᠰᠠᠨ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ ᠭᠤᠣᠯ ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ ᠪᠠᠭᠲᠠᠭᠠᠬᠤ ᠬᠡᠷᠡᠭᠲᠡᠢ᠃

      ︽ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠶᠢᠪᠠᠯ᠂ ᠪᠠᠰᠠ ᠨᠤᠲᠠᠯᠠᠯᠲᠠ ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ᠃

      ᠰᠢᠨ᠎ᠡ ᠪᠠᠷ ᠨᠢᠭᠡ ᠵᠦᠢᠯ ᠨᠡᠮᠡᠭᠡᠳ ᠠᠷᠪᠠᠨ ᠲᠠᠪᠤᠳᠤᠭᠠᠷ ᠵᠦᠢᠯ ᠪᠣᠯᠭᠠᠪᠠ ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ ᠲᠥᠷᠥᠯ ᠵᠦᠢᠯ ᠪᠠ ᠢᠯᠡ ᠪᠠᠷ ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠳᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠦᠭᠡᠢ ᠄

      ︽︵ᠨᠢᠭᠡ ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ ᠪᠣᠳᠣᠯᠭ᠎ᠠ ᠳᠤ ᠦᠯᠦ ᠨᠡᠶᠢᠴᠡᠭᠰᠡᠨ︔

      ︽︵ᠬᠤᠶᠠᠷ ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ ᠨᠡᠶᠢᠴᠡᠭᠰᠡᠨ︔

      ︽︵ᠭᠤᠷᠪᠠ ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

      ︽︵ᠳᠥᠷᠪᠡ ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ ᠳᠤᠮᠳᠠ ᠬᠡᠷᠡᠭᠵᠢᠭᠦᠯᠬᠦ ᠳᠤ ᠪᠡᠷᠬᠡᠲᠡᠢ ᠪᠠᠶᠢᠬᠤ︔

      ︽︵ᠲᠠᠪᠤ ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠦᠯᠦ ᠮᠡᠳᠡᠭᠦᠯᠵᠦ ᠬᠦᠷᠭᠡᠭᠰᠡᠨ︔

      ︽︵ᠵᠢᠷᠭᠤᠭ᠎ᠠ ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠢ ᠪᠤᠰᠤ ᠪᠤᠰᠤᠳ ᠪᠠᠶᠢᠳᠠᠯ᠃ ︾

      ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠳᠥᠷᠪᠡᠳᠦᠭᠡᠷ ᠵᠦᠢᠯ ᠪᠣᠯᠭᠠᠪᠠ ᠄ ︽ᠲᠤᠭᠤᠷᠪᠢᠭᠰᠠᠨ ᠨᠢᠭᠡᠴᠢ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠮᠡᠳᠡᠭᠦᠯᠦᠨ ᠬᠦᠷᠭᠡᠬᠦ ᠳᠤ ᠪᠠᠨ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠡᠯᠧᠺᠲᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ ᠄

      ︽︵ᠨᠢᠭᠡ ︶ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔

      ︽︵ᠬᠤᠶᠠᠷ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔

      ︽︵ᠭᠤᠷᠪᠠ ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ ᠮᠠᠲ᠋ᠧᠷᠢᠶᠠᠯ︔

      ︽︵ᠳᠥᠷᠪᠡ ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ᠂ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠃ ︾

      ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠲᠠᠪᠤᠳᠤᠭᠠᠷ ᠵᠦᠢᠯ ᠪᠣᠯᠭᠠᠪᠠ ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ ᠄

      ︽︵ᠨᠢᠭᠡ ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ︔

      ︽︵ᠬᠤᠶᠠᠷ ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠲᠣᠭᠲᠠᠭᠠᠭᠰᠠᠨ ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠬᠠᠤᠯᠢ ᠴᠠᠭᠠᠵᠠ ᠶᠢᠨ ᠦᠨᠳᠦᠰᠦᠯᠡᠯ︔

      ︽︵ᠭᠤᠷᠪᠠ ︶ ᠬᠢᠨᠠᠭᠤᠯᠬᠤ ᠨᠣᠣᠷᠠᠭ ᠤᠨ ᠡᠬᠡ ᠲᠥᠰᠥᠯ ᠢ ᠲᠤᠭᠤᠷᠪᠢᠭᠰᠠᠨ ᠶᠠᠪᠤᠴᠠ︔

      ︽︵ᠳᠥᠷᠪᠡ ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔

      ︽︵ᠲᠠᠪᠤ ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃ ︾

      ᠬᠤᠷᠢᠨ ᠭᠤᠷᠪᠠᠳᠤᠭᠠᠷ ᠵᠦᠢᠯ ᠢ ᠬᠤᠷᠢᠨ ᠳᠣᠯᠣᠳᠤᠭᠠᠷ ᠵᠦᠢᠯ ᠪᠣᠯᠭᠠᠨ ᠬᠤᠪᠢᠷᠠᠭᠤᠯᠤᠭᠠᠳ ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ  ᠲᠥᠰᠥᠯ ᠤᠨ ᠬᠢᠨᠠᠭᠤᠯᠬᠤ ᠨᠣᠣᠷᠠᠭ ᠲᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠣᠨ᠎ᠠ ᠄

      ︽︵ᠨᠢᠭᠡ ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠦᠭᠡᠢ︔

      ︽︵ᠬᠤᠶᠠᠷ ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ ᠪᠠᠶᠢᠬᠤ︔

      ︽︵ᠭᠤᠷᠪᠠ ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠥᠰᠥᠯ ᠤᠨ ᠬᠢᠨᠠᠭᠤᠯᠬᠤ ᠨᠣᠣᠷᠠᠭ ᠤᠨ ᠲᠤᠬᠠᠢ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔

      ︽︵ᠳᠥᠷᠪᠡ ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠦᠭᠡᠢ︔

      ︽︵ᠲᠠᠪᠤ ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ ᠪᠢᠴᠢᠭᠯᠡᠭᠰᠡᠨ ᠭᠤᠶᠤᠴᠢᠯᠠᠯ ᠭᠠᠷᠭᠠᠭᠰᠠᠨ︔

      ︽︵ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃ ︾ ᠭᠡᠵᠦ ᠵᠠᠰᠠᠪᠤᠷᠢ ᠣᠷᠣᠭᠤᠯᠪᠠ᠃

      ᠭᠤᠴᠢᠨ ᠳᠥᠷᠪᠡᠳᠦᠭᠡᠷ ᠵᠦᠢᠯ ᠢ ᠭᠤᠴᠢᠨ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠭᠠᠳ ᠄ ︽ᠵᠠᠰᠠᠭ ᠤᠨ ᠣᠷᠳᠣᠨ ᠤ  ᠲᠣᠭᠲᠠᠭᠠᠯ ᠳᠦᠷᠢᠮ ᠳᠤ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ﹀ ᠪᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠮᠡᠳᠡᠭᠡ ᠵᠠᠩᠭᠢ ᠶᠢᠨ ᠰᠦᠯᠵᠢᠶ᠎ᠡ ᠵᠢᠴᠢ ︿ᠥᠪᠥᠷ ᠮᠣᠩᠭᠤᠯ ᠤᠨ ᠡᠳᠦᠷ ᠤᠨ ᠰᠣᠨᠢᠨ ﹀᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃

      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ﹀ ᠳᠡᠭᠡᠷ᠎ᠡ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠧᠺᠰᠲ ᠪᠣᠯ ᠪᠠᠷᠢᠮᠵᠢᠶᠠᠲᠤ ᠲᠧᠺᠰᠲ ᠪᠣᠯᠣᠨ᠎ᠠ᠃ ︾ ᠭᠡᠵᠦ ᠵᠠᠰᠠᠪᠤᠷᠢ ᠣᠷᠣᠭᠤᠯᠪᠠ᠃

      ᠭᠤᠴᠢᠨ ᠵᠢᠷᠭᠤᠳᠤᠭᠠᠷ ᠵᠦᠢᠯ ᠢ ᠳᠥᠴᠢᠳᠦᠭᠡᠷ ᠵᠦᠢᠯ ᠪᠣᠯᠭᠠᠨ ᠬᠤᠪᠢᠷᠠᠭᠤᠯᠤᠭᠠᠳ ᠄ ︽ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ ᠡᠳᠦᠷ ᠤᠨ ᠳᠣᠲᠣᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠳᠠᠩᠰᠠᠯᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ ︾ ᠭᠡᠵᠦ ᠵᠠᠰᠠᠪᠤᠷᠢ ᠣᠷᠣᠭᠤᠯᠪᠠ᠃

      ᠳᠥᠴᠢᠨ ᠬᠤᠶᠠᠳᠤᠭᠠᠷ ᠵᠦᠢᠯ ᠢ ᠳᠥᠴᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠠᠳ ᠄ ︽ᠵᠠᠰᠠᠭ ᠤᠨ ᠣᠷᠳᠣᠨ ᠤ  ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ ᠄

      ︽︵ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠶᠢᠴᠡᠭᠰᠡᠨ︔

      ︽︵ᠬᠤᠶᠠᠷ ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠭᠰᠠᠨ ᠪᠤᠶᠤ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔

      ︽︵ᠭᠤᠷᠪᠠ ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ︔

      ︽︵ᠳᠥᠷᠪᠡ ︶ ᠲᠣᠬᠢᠷᠠᠭᠤᠯᠤᠯᠲᠠ ᠬᠢᠬᠦ ᠡᠲᠡᠭᠡᠳ ᠨᠢ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ︔

      ︽︵ᠲᠠᠪᠤ ︶ ᠬᠡᠷᠡᠭᠵᠢᠭᠦᠯᠬᠦ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ︔

      ︽︵ᠵᠢᠷᠭᠤᠭ᠎ᠠ ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠤᠭᠰᠠᠨ︔

      ︽︵ᠲᠤᠯᠤᠭ᠎ᠠ ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠣᠰᠣᠲᠠᠢ ᠪᠤᠰᠤᠳ ᠪᠠᠶᠢᠳᠠᠯ ︾ ᠭᠡᠵᠦ ᠵᠠᠰᠠᠪᠤᠷᠢ ᠣᠷᠣᠭᠤᠯᠪᠠ᠃

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾ ᠤᠨ ︽ᠣᠨ ᠤ ᠬᠠᠤᠯᠢ ᠲᠣᠭᠲᠠᠭᠠᠬᠤ ᠲᠥᠯᠥᠪᠯᠡᠭᠡ ︾ ᠶᠢ ᠴᠥᠮ ︽ᠬᠠᠤᠯᠢ ᠲᠣᠭᠲᠠᠭᠠᠬᠤ ᠲᠥᠯᠥᠪᠯᠡᠭᠡ ︾ ᠭᠡᠵᠦ ᠵᠠᠰᠠᠪᠤᠷᠢ ᠣᠷᠣᠭᠤᠯᠪᠠ᠃

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾ ᠤᠨ ᠵᠦᠢᠯ ᠵᠤᠷᠪᠤᠰ ᠤᠨ ᠳ᠋ᠤᠭᠠᠷᠯᠠᠯ ᠳᠤ ᠵᠣᠬᠢᠬᠤ ᠲᠣᠬᠢᠷᠠᠭᠤᠯᠤᠯᠲᠠ ᠬᠢᠪᠡ᠃

      ᠬᠤᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ

      ᠲᠠᠪᠢᠨ ᠨᠢᠭᠡᠳᠦᠭᠡᠷ ᠵᠦᠢᠯ ᠳᠤ ᠄ ︽ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠢ ᠄

      ︽︵ᠨᠢᠭᠡ ︶ ᠳᠡᠭᠡᠳᠦ ᠱᠠᠲᠤ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔

      ︽︵ᠬᠤᠶᠠᠷ ︶ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠵᠡᠷᠭᠡ ᠴᠢᠬᠤᠯᠠ ᠶᠡᠭᠡ ᠪᠠᠶᠢᠳᠠᠯ ᠭᠠᠷᠤᠭᠰᠠᠨ︔

      ︽︵ᠭᠤᠷᠪᠠ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠳ᠋ ᠬᠥᠷᠥᠩᠭᠡ ᠨᠢ  ᠬᠤᠬᠢᠷᠠᠵᠤ ᠰᠦᠢᠳᠦᠭᠰᠡᠨ᠂ ᠤᠰᠠᠳᠴᠤ ᠭᠡᠭᠡᠭᠳᠡᠭᠰᠡᠨ︔

      ︽︵ᠳᠥᠷᠪᠡ ︶ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠶᠢᠷᠠᠭᠰᠠᠨ︔

      ︽︵ᠲᠠᠪᠤ ︶ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠬᠤᠪᠢᠷᠠᠯᠲᠠ ᠭᠠᠷᠤᠭᠰᠠᠨ ᠳᠤ ᠬᠤᠯᠪᠣᠭᠳᠠᠭᠰᠠᠨ︔

      ︽︵ᠵᠢᠷᠭᠤᠭ᠎ᠠ ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ ︾ ᠭᠡᠵᠦ ᠵᠠᠰᠠᠪᠤᠷᠢ ᠣᠷᠣᠭᠤᠯᠪᠠ᠃

 

 

      ᠳᠠᠭᠠᠯᠳᠤᠭᠤᠯᠤᠯ 2

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ

ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ


      ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︾ ︵2015 ᠣᠨ ᠤ 3 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 210 ᠳ᠋ᠤᠭᠠᠷ ᠲᠣᠭᠠᠲᠤ ᠪᠠᠷ ᠨᠡᠶᠢᠲᠡᠯᠡᠪᠡ ︶

      ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠠᠷᠭ᠎ᠠ ︾ ︵2017 ᠣᠨ ᠤ 12 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 228 ᠳ᠋ᠤᠭᠠᠷ ᠲᠣᠭᠠᠲᠤ ᠪᠠᠷ ᠨᠡᠶᠢᠲᠡᠯᠡᠵᠦ᠂ 2020 ᠣᠨ ᠤ 5 ᠳ᠋ᠤᠭᠠᠷ ᠰᠠᠷ᠎ᠠ ᠶᠢᠨ 29 ᠤ ᠡᠳᠦᠷ ᠲᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 246 ᠳ᠋ᠤᠭᠠᠷ ᠲᠣᠭᠠᠲᠤ ᠶᠢ ᠦᠨᠳᠦᠰᠦᠯᠡᠨ ᠵᠠᠰᠠᠪᠤᠷᠢ ᠣᠷᠣᠭᠤᠯᠪᠠ ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ

ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ


      ︵2019 ᠣᠨ ᠤ 12 ᠳ᠋ᠤᠭᠠᠷ ᠰᠠᠷ᠎ᠠ ᠶᠢᠨ 15 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 243 ᠳ᠋ᠤᠭᠠᠷ ᠲᠣᠭᠠᠲᠤ ᠪᠠᠷ ᠨᠡᠶᠢᠲᠡᠯᠡᠵᠦ 2024 ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠵᠠᠰᠠᠪᠤᠷᠢ ᠣᠷᠣᠭᠤᠯᠪᠠ ︶

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠪᠠᠲᠤᠯᠠᠨ᠂ ᠬᠠᠤᠯᠢ ᠲᠣᠭᠲᠠᠭᠠᠬᠤ ᠶᠢᠨ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ ︾ ︽ᠲᠣᠭᠲᠠᠭᠠᠯ ᠳᠦᠷᠢᠮ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃

      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃

      ᠭᠤᠷᠪᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠨ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠬᠦᠶᠢᠴᠡ ᠴᠢᠨᠠᠷ ᠢ ᠨᠡᠮᠡᠭᠳᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢ ᠲᠣᠭᠲᠠᠭᠠᠬᠤ ᠠᠵᠢᠯᠯᠠᠭ᠎ᠠ ᠳᠤ ᠠᠷᠠᠳ ᠲᠦᠮᠡᠨ ᠤ ᠤᠯᠠᠨ ᠠᠷᠭ᠎ᠠ ᠵᠠᠮ ᠢᠶᠠᠷ ᠣᠷᠣᠯᠴᠠᠬᠤ ᠶᠢ ᠨᠢ ᠪᠠᠲᠤᠯᠠᠬᠤ ᠬᠡᠷᠡᠭᠲᠡᠢ᠃

      ᠳᠥᠷᠪᠡᠳᠦᠭᠡᠷ ᠵᠦᠢᠯ  ᠤᠯᠤᠰ ᠲᠥᠷᠥ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠢᠵᠢ ᠪᠦᠷᠢᠳᠦᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ ᠴᠢᠬᠤᠯᠠ ᠶᠡᠭᠡ ᠠᠵᠤ ᠠᠬᠤᠢ ᠨᠡᠶᠢᠭᠡᠮ ᠤᠨ ᠲᠠᠯ᠎ᠠ ᠶᠢᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠢ᠃

      ᠲᠠᠪᠤᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠬᠢᠨᠠᠨ ᠵᠥᠪᠯᠡᠭᠦᠯᠬᠦ ᠪᠠᠷ ᠳᠡᠪᠰᠢᠭᠦᠯᠬᠦ  ᠪᠠᠭᠲᠠᠨ᠎ᠠ᠃

      ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ ᠪᠠ ᠲᠠᠶᠢᠯᠪᠤᠷᠢᠯᠠᠬᠤ ᠪᠠᠭᠲᠠᠨ᠎ᠠ᠃

      ᠵᠢᠷᠭᠤᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠬᠠᠤᠯᠢ ᠲᠣᠭᠲᠠᠭᠠᠬᠤ ᠮᠡᠷᠭᠡᠵᠢᠯ ᠤᠨ ᠵᠢᠷᠤᠮᠵᠢᠯ ᠳᠤ ᠨᠡᠶᠢᠴᠡᠵᠦ᠂ ᠯᠣᠭᠢᠭ ᠨᠢᠭᠲᠠ ᠴᠢᠩᠭ᠎ᠠ᠂ ᠡᠮᠬᠢ ᠵᠢᠷᠤᠮ ᠲᠠᠢ᠂ ᠠᠭᠤᠯᠭ᠎ᠠ ᠨᠢ ᠲᠣᠳᠣ᠂ ᠪᠣᠳᠠᠲᠠᠢ᠂ ᠦᠭᠡ ᠬᠡᠯᠡᠯᠭᠡ ᠨᠢ ᠣᠨᠣᠪᠴᠢᠲᠠᠢ᠂ ᠲᠣᠪᠴᠢ ᠠᠪᠰᠠᠷᠬᠠᠨ᠂ ᠬᠡᠷᠡᠭᠵᠢᠭᠦᠯᠬᠦᠶᠢᠴᠡ ᠴᠢᠨᠠᠷ ᠲᠠᠢ ᠪᠠᠶᠢᠬᠤ ᠬᠡᠷᠡᠭᠲᠡᠢ᠃

      ᠳᠡᠭᠡᠳᠦ ᠪᠠᠶᠢᠷᠢ ᠶᠢᠨ ᠬᠠᠤᠯᠢ ᠳᠤ ᠲᠣᠳᠣᠷᠬᠠᠢ ᠲᠣᠭᠲᠠᠭᠠᠭᠰᠠᠨ ᠠᠭᠤᠯᠭ᠎ᠠ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠷᠴᠢᠮ ᠳᠡᠭᠡᠷ᠎ᠡ ᠪᠠᠨ ᠳᠠᠪᠬᠤᠷᠳᠠᠭᠤᠯᠤᠨ ᠲᠣᠭᠲᠠᠭᠠᠬᠤ ᠦᠭᠡᠢ᠃

      ᠳᠣᠯᠣᠳᠤᠭᠠᠷ ᠵᠦᠢᠯ  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠦᠨᠳᠦᠰᠦᠯᠡᠯ ᠪᠠᠶᠢᠬᠤ ᠦᠭᠡᠢ ᠪᠣᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠲᠣᠭᠲᠠᠭᠠᠵᠤ ᠪᠣᠯᠬᠤ ᠦᠭᠡᠢ᠃

      ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠲᠣᠭᠲᠠᠭᠠᠬᠤ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠶᠢ ᠵᠣᠬᠢᠶᠠᠨ ᠪᠠᠶᠢᠭᠤᠯᠬᠤ᠂ ᠵᠢᠭᠠᠨ ᠵᠢᠯᠤᠭᠤᠳᠬᠤ᠂ ᠵᠣᠬᠢᠴᠠᠭᠤᠯᠬᠤ ᠪᠠ ᠡᠬᠡ ᠲᠥᠰᠥᠯ ᠤᠨ ᠬᠢᠨᠠᠨ ᠪᠠᠶᠢᠴᠠᠭᠠᠬᠤ ᠠᠵᠢᠯ ᠢ ᠪᠣᠳᠠᠲᠠᠢ ᠬᠠᠷᠢᠭᠤᠴᠠᠨ᠎ᠠ᠃

      ᠶᠢᠰᠦᠳᠦᠭᠡᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ ᠲᠣᠭᠲᠠᠭᠠᠬᠤ ᠠᠵᠢᠯᠯᠠᠭ᠎ᠠ ᠳᠤ ᠨᠡᠶᠢᠭᠡᠮ ᠨᠡᠶᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ ᠰᠠᠨᠠᠭᠤᠯᠭ᠎ᠠ ᠳᠤᠷᠠᠳᠬᠤ ᠶᠢ ᠨᠢ ᠵᠣᠷᠢᠭᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃

      ᠬᠤᠶᠠᠳᠤᠭᠠᠷ ᠪᠦᠯᠦᠭ  ᠰᠡᠳᠦᠪ ᠲᠣᠭᠲᠠᠭᠠᠬᠤ

      ᠠᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ᠂ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠳᠤ ᠨᠢ ᠴᠢᠬᠤᠯᠠᠴᠢᠯᠠᠬᠤ ᠬᠡᠷᠡᠭᠲᠡᠢ᠃

      ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠢ᠃

      ᠠᠷᠪᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠨᠡᠶᠢᠭᠡᠮ ᠨᠡᠶᠢᠲᠡ ᠠᠴᠠ ᠢᠯᠡ ᠪᠠᠷ ᠴᠤᠭᠯᠠᠭᠤᠯᠵᠤ ᠪᠣᠯᠣᠨ᠎ᠠ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠢᠯ ᠪᠦᠷᠢ ᠶᠢᠨ ᠳᠣᠣᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠠᠴᠠ ᠢᠷᠡᠬᠦ ᠵᠢᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ  ᠴᠤᠭᠯᠠᠭᠤᠯᠬᠤ ᠬᠡᠷᠡᠭᠲᠡᠢ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠫᠣᠷᠲ᠋ᠧᠯ ᠰᠦᠯᠵᠢᠶ᠎ᠡ ᠪᠤᠶᠤ ᠪᠤᠰᠤᠳ ᠠᠷᠭ᠎ᠠ ᠬᠡᠯᠪᠡᠷᠢ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ ᠪᠣᠯᠣᠨ᠎ᠠ᠃

      ᠠᠷᠪᠠᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠲᠣᠭᠲᠠᠭᠠᠬᠤ ᠴᠢᠬᠤᠯᠠ ᠲᠠᠢ ᠭᠡᠵᠦ ᠦᠵᠡᠵᠦ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠰᠡᠳᠦᠪ ᠲᠣᠭᠲᠠᠭᠠᠬᠤ ᠪᠠᠷ ᠭᠤᠶᠤᠴᠢᠯᠠᠬᠤ ᠬᠡᠷᠡᠭᠲᠡᠢ᠃

      ᠠᠷᠪᠠᠨ ᠭᠤᠷᠪᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢᠶᠠᠷ ᠰᠡᠳᠦᠪ ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ ᠄

      ︵ᠨᠢᠭᠡ ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔

      ︵ᠬᠤᠶᠠᠷ ︶ ᠡᠬᠡ ᠲᠥᠰᠥᠯ ᠪᠠ ᠲᠤᠭᠤᠷᠪᠢᠭᠰᠠᠨ ᠲᠣᠳᠣᠷᠬᠠᠶᠢᠯᠠᠯᠲᠠ︔

      ︵ᠭᠤᠷᠪᠠ ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠮᠠᠲ᠋ᠧᠷᠢᠶᠠᠯ︔

      ︵ᠳᠥᠷᠪᠡ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︔

      ︵ᠲᠠᠪᠤ ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃

       ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠂ ᠲᠤᠭᠤᠷᠪᠢᠬᠤ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ ᠭᠤᠣᠯ ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ ᠪᠠᠭᠲᠠᠭᠠᠬᠤ ᠬᠡᠷᠡᠭᠲᠡᠢ᠃

      ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠶᠢᠪᠠᠯ᠂ ᠪᠠᠰᠠ ᠨᠤᠲᠠᠯᠠᠯᠲᠠ ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃

      ᠠᠷᠪᠠᠨ ᠳᠥᠷᠪᠡᠳᠦᠭᠡᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ ᠶᠢᠨ ᠰᠠᠨᠠᠭᠤᠯᠭ᠎ᠠ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠬᠦ ᠬᠡᠷᠡᠭᠲᠡᠢ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠰᠡᠳᠦᠪ ᠲᠣᠭᠲᠠᠭᠠᠬᠤ ᠭᠤᠶᠤᠴᠢᠯᠠᠯ ᠪᠠ ᠢᠯᠡ ᠪᠠᠷ ᠴᠤᠭᠯᠠᠭᠤᠯᠤᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠦᠨᠡᠯᠡᠨ ᠵᠢᠱᠢᠵᠦ ᠨᠤᠲᠠᠯᠠᠯᠲᠠ ᠬᠢᠵᠦ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃

      ᠠᠷᠪᠠᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠵᠦ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ ᠲᠥᠷᠥᠯ ᠵᠦᠢᠯ ᠪᠠ ᠢᠯᠡ ᠪᠠᠷ ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠳᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠦᠭᠡᠢ ᠄

      ︵ᠨᠢᠭᠡ ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ ᠪᠣᠳᠣᠯᠭ᠎ᠠ ᠲᠠᠢ ᠦᠯᠦ ᠨᠡᠶᠢᠴᠡᠭᠰᠡᠨ︔

      ︵ᠬᠤᠶᠠᠷ ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ ᠨᠡᠶᠢᠴᠡᠭᠰᠡᠨ︔

      ︵ᠭᠤᠷᠪᠠ ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

      ︵ᠳᠥᠷᠪᠡ ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ ᠳᠤᠮᠳᠠ ᠬᠡᠷᠡᠭᠵᠢᠭᠦᠯᠬᠦ ᠳᠤ ᠪᠡᠷᠬᠡᠲᠡᠢ ᠪᠠᠶᠢᠬᠤ︔

      ︵ᠲᠠᠪᠤ ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠦᠯᠦ ᠮᠡᠳᠡᠭᠦᠯᠵᠦ ᠬᠦᠷᠭᠡᠭᠰᠡᠨ︔

      ︵ᠵᠢᠷᠭᠤᠭ᠎ᠠ ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠢ ᠪᠤᠰᠤ ᠪᠤᠰᠤᠳ ᠪᠠᠶᠢᠳᠠᠯ᠃

      ᠠᠷᠪᠠᠨ ᠵᠢᠷᠭᠤᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠠᠤᠯᠢ ᠲᠣᠭᠲᠠᠭᠠᠬᠤ ᠲᠥᠯᠥᠪᠯᠡᠭᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ ᠪᠣᠯᠣᠨ᠎ᠠ᠃

      ᠭᠤᠷᠪᠠᠳᠤᠭᠠᠷ ᠪᠦᠯᠦᠭ  ᠲᠤᠭᠤᠷᠪᠢᠬᠤ

      ᠠᠷᠪᠠᠨ ᠳᠣᠯᠣᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠰᠠᠯᠠᠭ᠎ᠠ ᠮᠥᠴᠢᠷ ᠪᠤᠶᠤ ᠨᠢᠭᠡᠴᠢ ᠲᠤᠭᠤᠷᠪᠢᠨ᠎ᠠ᠃ ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡ ᠰᠠᠯᠠᠭ᠎ᠠ ᠮᠥᠴᠢᠷ ᠪᠤᠶᠤ ᠬᠡᠳᠦᠨ ᠰᠠᠯᠠᠭ᠎ᠠ ᠮᠥᠴᠢᠷ ᠬᠠᠮᠲᠤ ᠪᠠᠷ ᠲᠤᠭᠤᠷᠪᠢᠬᠤ ᠠᠵᠢᠯ ᠢ ᠬᠠᠷᠢᠭᠤᠴᠠᠬᠤ ᠶᠢ ᠲᠣᠭᠲᠠᠭᠠᠨ᠎ᠠ︔ ᠴᠢᠬᠤᠯᠠ ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ ᠶᠡᠷᠦᠩᠬᠡᠶᠢᠯᠡᠭᠰᠡᠨ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠳᠤ ᠬᠤᠯᠪᠣᠭᠳᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠭᠤᠷᠪᠢᠬᠤ ᠠᠵᠢᠯ ᠢ ᠵᠣᠬᠢᠶᠠᠨ ᠪᠠᠶᠢᠭᠤᠯᠵᠤ ᠪᠣᠯᠣᠨ᠎ᠠ᠃

      ᠠᠶᠢᠮᠠᠭ ᠤᠨ ᠵᠠᠬᠢᠷᠭ᠎ᠠ ᠨᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠪᠠᠶᠢᠪᠠᠯ᠂ ᠠᠶᠢᠮᠠᠭ ᠤᠨ ᠵᠠᠬᠢᠷᠭ᠎ᠠ ᠠᠴᠠ ᠲᠤᠭᠤᠷᠪᠢᠬᠤ ᠠᠵᠢᠯ ᠢ ᠵᠣᠬᠢᠶᠠᠨ ᠪᠠᠶᠢᠭᠤᠯᠤᠨ᠎ᠠ᠃

      ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ  ᠲᠣᠭᠲᠠᠭᠠᠯ ᠳᠦᠷᠢᠮ ᠢ ᠲᠤᠭᠤᠷᠪᠢᠬᠤ ᠳᠤ ᠬᠠᠮᠢᠶ᠎ᠠ ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠨ ᠢ ᠲᠤᠭᠤᠷᠪᠢᠬᠤ ᠠᠵᠢᠯ ᠳᠤ ᠣᠷᠣᠯᠴᠠᠭᠤᠯᠵᠤ ᠪᠣᠯᠣᠨ᠎ᠠ᠂ ᠡᠰᠡᠬᠦᠯ᠎ᠡ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠤᠭᠤᠷᠪᠢᠬᠤ ᠠᠵᠢᠯ ᠢ ᠨᠠᠶᠢᠳᠠᠵᠤ ᠪᠣᠯᠣᠨ᠎ᠠ᠃

      ᠠᠷᠪᠠᠨ ᠨᠠᠢᠮᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠠᠴᠠ ᠭᠠᠳᠠᠨ᠎ᠠ ᠡᠬᠡ ᠲᠥᠰᠥᠯ ᠵᠢᠴᠢ ᠲᠡᠭᠦᠨ ᠤ ᠲᠣᠳᠣᠷᠬᠠᠶᠢᠯᠠᠯᠲᠠ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠬᠤ ᠬᠡᠷᠡᠭᠲᠡᠢ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠶᠡᠷᠦ ᠳᠤ ᠪᠠᠨ ᠭᠤᠴᠢᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃

      ᠠᠷᠪᠠ ᠶᠢᠰᠦᠳᠦᠭᠡᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠶᠢᠪᠠᠯ᠂ ᠲᠤᠭᠤᠷᠪᠢᠬᠤ ᠨᠢᠭᠡᠴᠢ ᠨᠢ ᠬᠠᠮᠢᠶ᠎ᠠ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠬᠤ ᠬᠡᠷᠡᠭᠲᠡᠢ᠃

      ᠬᠤᠷᠢᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠣᠶᠢᠮ᠎ᠠ ᠵᠥᠷᠢᠴᠡᠯ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠦᠨ᠂ ᠨᠡᠶᠢᠭᠡᠮ ᠨᠡᠶᠢᠲᠡ ᠳᠤ ᠴᠢᠬᠤᠯᠠ ᠨᠥᠯᠥᠭᠡ ᠪᠣᠯᠬᠤ ᠵᠡᠷᠭᠡ ᠴᠢᠬᠤᠯᠠ ᠶᠡᠭᠡ ᠠᠰᠢᠭ ᠲᠤᠰᠠ ᠶᠢ ᠲᠣᠬᠢᠷᠠᠭᠤᠯᠬᠤ ᠵᠦᠢᠯᠡᠰ ᠲᠤ ᠬᠤᠯᠪᠣᠭᠳᠠᠭᠰᠠᠨ ᠪᠠᠶᠢᠪᠠᠯ᠂ ᠲᠤᠭᠤᠷᠪᠢᠬᠤ ᠨᠢᠭᠡᠴᠢ ᠨᠢ ᠨᠤᠲᠠᠯᠠᠨ ᠵᠥᠪᠯᠡᠯᠭᠡ ᠠᠪᠴᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃

      ᠬᠤᠷᠢᠨ ᠨᠢᠭᠡᠳᠦᠭᠡᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ ᠪᠤᠶᠤ ᠴᠢᠬᠤᠯᠠ ᠶᠡᠭᠡ ᠰᠠᠨᠠᠯ ᠤᠨ ᠵᠥᠷᠢᠯᠳᠦᠭᠡᠨ ᠣᠷᠣᠰᠢᠵᠤ ᠪᠠᠶᠢᠭ᠎ᠠ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ᠂ ᠠᠷᠠᠳ ᠤᠯᠠᠨ ᠨᠡᠶᠢᠳᠡᠮ ᠠᠩᠬᠠᠷᠤᠨ᠂ ᠰᠠᠨᠠᠯ ᠰᠣᠨᠣᠰᠬᠤ ᠴᠢᠬᠤᠯᠠ ᠲᠠᠢ ᠪᠣᠯ ᠲᠤᠭᠤᠷᠪᠢᠬᠤ ᠨᠢᠭᠡᠴᠢ ᠠᠴᠠ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠬᠡᠷᠡᠭᠲᠡᠢ᠃

      ᠬᠤᠷᠢᠨ ᠬᠤᠶᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠡᠵᠡᠩᠨᠡᠯᠲᠡ ᠶᠢᠨ ᠦᠶᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ᠂ ᠲᠤᠭᠤᠷᠪᠢᠬᠤ ᠨᠢᠭᠡᠴᠢ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠢ᠃

      ᠬᠤᠷᠢᠨ ᠭᠤᠷᠪᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠲᠤᠭᠤᠷᠪᠢᠭᠰᠠᠨ ᠨᠢᠭᠡᠴᠢ ᠶᠢᠨ ᠬᠠᠤᠯᠢ ᠳᠦᠷᠢᠮ ᠤᠨ ᠪᠠᠶᠢᠭᠤᠯᠤᠮᠵᠢ ᠬᠢᠨᠠᠨ ᠬᠠᠷᠭᠤᠭᠤᠯᠵᠤ᠂ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠲᠡᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃

      ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠬᠡᠳᠦᠨ ᠨᠢᠭᠡᠴᠢ ᠬᠠᠮᠲᠤ ᠪᠠᠷ ᠲᠤᠭᠤᠷᠪᠢᠭᠰᠠᠨ ᠪᠠᠶᠢᠪᠠᠯ᠂ ᠲᠤᠭᠤᠷᠪᠢᠭᠰᠠᠨ ᠨᠢᠭᠡᠴᠢ ᠨᠦᠭᠦᠳ ᠤᠨ ᠭᠤᠣᠯ ᠬᠠᠷᠢᠭᠤᠴᠠᠯᠭᠠᠲᠠᠨ ᠬᠠᠮᠲᠤ ᠪᠠᠷ ᠭᠠᠷ ᠤᠨ ᠥᠰᠥᠭ ᠵᠢᠷᠤᠬᠤ ᠬᠡᠷᠡᠭᠲᠡᠢ᠃

      ᠬᠤᠷᠢᠨ ᠳᠥᠷᠪᠡᠳᠦᠭᠡᠷ ᠵᠦᠢᠯ  ᠲᠤᠭᠤᠷᠪᠢᠭᠰᠠᠨ ᠨᠢᠭᠡᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠮᠡᠳᠡᠭᠦᠯᠦᠨ ᠬᠦᠷᠭᠡᠬᠦ ᠳᠤ ᠪᠠᠨ᠂ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ ᠄

      ︵ᠨᠢᠭᠡ ︶ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔

      ︵ᠬᠤᠶᠠᠷ ︶ ᠬᠤᠷᠢᠶᠠᠭᠰᠠᠨ ᠰᠠᠨᠠᠯ ᠤᠳ ᠢ ᠬᠤᠷᠢᠶᠠᠩᠭᠤᠶᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔

      ︵ᠭᠤᠷᠪᠠ ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ ᠮᠠᠲ᠋ᠧᠷᠢᠶᠠᠯ︔

      ︵ᠳᠥᠷᠪᠡ ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠃

      ᠬᠤᠷᠢᠨ ᠲᠠᠪᠤᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠨᠤᠭᠤᠳ ᠢ ᠪᠠᠭᠲᠠᠭ᠋ᠭᠬᠤ ᠬᠡᠷᠡᠭᠲᠡᠢ ᠄

      ︵ᠨᠢᠭᠡ ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ︔

      ︵ᠬᠤᠶᠠᠷ ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠲᠣᠭᠲᠠᠭᠠᠭᠰᠠᠨ ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠲᠡᠭᠦᠨ ᠤ ᠬᠠᠤᠯᠢ ᠴᠠᠭᠠᠵᠠ ᠶᠢᠨ ᠦᠨᠳᠦᠰᠦᠯᠡᠯ︔

      ︵ᠭᠤᠷᠪᠠ ︶ ᠬᠢᠨᠠᠭᠤᠯᠬᠤ ᠨᠣᠣᠷᠠᠭ ᠤᠨ ᠡᠬᠡ ᠲᠥᠰᠥᠯ ᠢ ᠲᠤᠭᠤᠷᠪᠢᠭᠰᠠᠨ ᠶᠠᠪᠤᠴᠠ︔

      ︵ᠳᠥᠷᠪᠡ ︶ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔

      ︵ᠲᠠᠪᠤ ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃

      ᠳᠥᠷᠪᠡᠳᠦᠭᠡᠷ ᠪᠦᠯᠦᠭ  ᠬᠢᠨᠠᠨ ᠪᠠᠶᠢᠴᠠᠭᠠᠬᠤ

      ᠬᠤᠷᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃

      ᠬᠤᠷᠢᠨ ᠳᠣᠯᠣᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠣᠨ᠎ᠠ ᠄

      ︵ᠨᠢᠭᠡ ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠦᠭᠡᠢ︔

      ︵ᠬᠤᠶᠠᠷ ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ ᠪᠠᠶᠢᠬᠤ︔

      ︵ᠭᠤᠷᠪᠠ ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠥᠰᠥᠯ ᠤᠨ ᠬᠢᠨᠠᠭᠤᠯᠬᠤ ᠨᠣᠣᠷᠠᠭ ᠤᠨ ᠲᠤᠬᠠᠢ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔

      ︵ᠳᠥᠷᠪᠡ ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠭᠰᠠᠨ ᠦᠭᠡᠢ︔

      ︵ᠲᠠᠪᠤ ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ ᠪᠢᠴᠢᠭᠯᠡᠭᠰᠡᠨ ᠭᠤᠶᠤᠴᠢᠯᠠᠯ ᠭᠠᠷᠭᠠᠭᠰᠠᠨ︔

      ︵ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃

      ᠬᠤᠷᠢᠨ ᠨᠠᠢᠮᠠᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠭᠤᠷᠪᠢᠭᠰᠠᠨ ᠨᠢᠭᠡᠴᠢ ᠳᠤ ᠪᠤᠴᠠᠭᠠᠵᠤ ᠪᠣᠯᠣᠨ᠎ᠠ ᠄

      ︵ᠨᠢᠭᠡ ︶ ᠬᠠᠤᠯᠢ ᠲᠣᠭᠲᠠᠭᠠᠬᠤ ᠨᠥᠬᠦᠴᠡᠯ ᠬᠠᠷᠠᠬᠠᠨ ᠪᠣᠯᠪᠠᠰᠤᠷᠠᠩᠭᠤᠢ ᠪᠤᠰᠤ ᠪᠤᠶᠤ ᠴᠢᠬᠤᠯᠠ ᠶᠡᠭᠡ ᠬᠤᠪᠢᠷᠠᠯᠲᠠ ᠭᠠᠷᠤᠭᠰᠠᠨ︔

      ︵ᠬᠤᠶᠠᠷ ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

      ︵ᠭᠤᠷᠪᠠ ︶ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠤᠨ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ︔

      ︵ᠳᠥᠷᠪᠡ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠤᠴᠠᠭᠠᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃

      ᠬᠤᠷᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠪᠠᠨ ᠲᠥᠷ ᠬᠤᠶᠢᠰᠢᠯᠠᠭᠤᠯᠬᠤ ᠪᠤᠶᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ  ᠲᠥᠰᠥᠯ ᠤᠨ ᠬᠢᠨᠠᠭᠤᠯᠬᠤ ᠨᠣᠣᠷᠠᠭ ᠢ ᠪᠤᠴᠠᠭᠠᠬᠤ ᠳᠤ ᠪᠠᠨ᠂ ᠲᠤᠭᠤᠷᠪᠢᠭᠰᠠᠨ ᠨᠢᠭᠡᠴᠢ ᠳᠤ ᠪᠢᠴᠢᠭᠯᠡᠨ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃

      ᠭᠤᠴᠢᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠶᠢ ᠬᠢᠨᠠᠨ ᠪᠠᠶᠢᠴᠠᠭᠠᠬᠤ ᠳᠤ ᠪᠠᠨ᠂ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠵᠤ ᠪᠣᠯᠣᠨ᠎ᠠ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠶᠡᠷᠦ ᠳᠤ ᠪᠠᠨ ᠭᠤᠴᠢᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃

      ᠭᠤᠴᠢᠨ ᠨᠢᠭᠡᠳᠦᠭᠡᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠨᠢ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃ ᠨᠤᠲᠠᠯᠠᠯᠲᠠ ᠬᠢᠵᠦ ᠠᠰᠠᠭᠤᠨ ᠯᠠᠪᠯᠠᠬᠤ ᠳᠤ ᠰᠠᠭᠤᠳᠠᠯ ᠤᠨ ᠬᠤᠷᠠᠯ᠂ ᠨᠤᠲᠠᠯᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠨᠠᠶᠢᠳᠠᠨ ᠰᠤᠳᠤᠯᠬᠤ ᠵᠡᠷᠭᠡ ᠣᠯᠠᠨ ᠬᠡᠯᠪᠡᠷᠢ ᠶᠢ ᠠᠪᠴᠤ ᠪᠣᠯᠣᠨ᠎ᠠ᠃

      ᠭᠤᠴᠢᠨ ᠬᠤᠶᠠᠳᠤᠭᠠᠷ ᠵᠦᠢᠯ  ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ  ᠲᠥᠰᠥᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠮᠡᠳᠡᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠣᠬᠢᠴᠠᠭᠤᠯᠵᠤ ᠪᠠᠶᠢᠭᠠᠳ ᠰᠠᠨᠠᠯ ᠨᠢᠭᠡᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠨ ᠵᠢᠱᠢᠭᠦᠯᠵᠦ ᠪᠣᠯᠣᠨ᠎ᠠ᠃

      ᠭᠦᠢᠴᠡᠳ ᠵᠣᠬᠢᠴᠠᠭᠤᠯᠬᠤ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠦᠭᠰᠡᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠣᠬᠢᠴᠠᠭᠤᠯᠬᠤ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃

      ᠭᠤᠴᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠤᠳᠤᠯᠵᠤ᠂ ᠲᠤᠭᠤᠷᠪᠢᠭᠰᠠᠨ ᠨᠢᠭᠡᠴᠢ ᠯᠦᠭᠡ ᠵᠥᠪᠳᠡᠯᠴᠡᠭᠰᠡᠨ ᠤ ᠳᠠᠷᠠᠭ᠎ᠠ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠵᠠᠰᠠᠪᠤᠷᠢ ᠣᠷᠣᠭᠤᠯᠵᠤ᠂ ᠡᠬᠡ ᠲᠥᠰᠥᠯ ᠪᠠ ᠡᠬᠡ ᠲᠥᠰᠥᠯ ᠤᠨ ᠲᠣᠳᠣᠷᠬᠠᠶᠢᠯᠠᠯᠲᠠ ᠶᠢ ᠪᠦᠷᠢᠯᠳᠦᠭᠦᠯᠬᠦ ᠬᠡᠷᠡᠭᠲᠡᠢ᠃

      ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠵᠢᠴᠢ ᠲᠣᠳᠣᠷᠬᠠᠶᠢᠯᠠᠯᠲᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠡᠷᠡᠭᠲᠡᠢ᠃

      ᠲᠠᠪᠤᠳᠤᠭᠠᠷ ᠪᠦᠯᠦᠭ  ᠲᠣᠭᠲᠠᠭᠠᠬᠤ ᠪᠠ ᠨᠡᠶᠢᠲᠡᠯᠡᠬᠦ

      ᠭᠤᠴᠢᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠢ ᠬᠢᠨᠠᠨ ᠵᠥᠪᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠣᠳᠣᠷᠬᠠᠶᠢᠯᠠᠯᠲᠠ ᠬᠢᠨ᠎ᠡ᠂ ᠲᠤᠭᠤᠷᠪᠢᠭᠰᠠᠨ ᠨᠢᠭᠡᠴᠢ ᠨᠢ ᠲᠣᠳᠣᠷᠬᠠᠶᠢᠯᠠᠯᠲᠠ ᠬᠢᠭᠰᠡᠨ ᠴᠦ ᠪᠣᠯᠣᠨ᠎ᠠ᠃

      ᠭᠤᠴᠢᠨ ᠲᠠᠪᠤᠳᠤᠭᠠᠷ ᠵᠦᠢᠯ  ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠳᠠᠮᠵᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠰᠠᠨᠠᠯ ᠵᠥᠪᠯᠡᠯᠭᠡ ᠳᠤ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃

      ᠭᠤᠴᠢᠨ ᠵᠢᠷᠭᠤᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠢᠶᠠᠷ ᠳᠠᠮᠵᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠨ᠎ᠡ᠃

      ᠭᠤᠴᠢᠨ ᠳᠣᠯᠣᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠬᠦ ᠵᠠᠷᠯᠢᠭ ᠲᠤ ᠲᠣᠭᠲᠠᠭᠠᠭᠰᠠᠨ ᠪᠠᠶᠢᠭᠤᠯᠭ᠎ᠠ᠂ ᠳ᠋ᠤᠭᠠᠷᠯᠠᠯ᠂ ᠲᠣᠭᠲᠠᠭᠠᠯ ᠳᠦᠷᠢᠮ ᠤᠨ ᠨᠡᠷᠡᠶᠢᠳᠦᠯ᠂ ᠪᠠᠲᠤᠯᠠᠭᠰᠠᠨ ᠡᠳᠦᠷ ᠬᠤᠭᠤᠴᠠᠭ᠎ᠠ᠂ ᠬᠡᠷᠡᠭᠵᠢᠭᠦᠯᠬᠦ ᠡᠳᠦᠷ ᠬᠤᠭᠤᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠭᠠᠷ ᠤᠨ ᠥᠰᠥᠭ ᠵᠢᠴᠢ ᠨᠡᠶᠢᠲᠡᠯᠡᠭᠰᠡᠨ ᠡᠳᠦᠷ ᠬᠤᠭᠤᠴᠠᠭ᠎ᠠ ᠶᠢ ᠲᠣᠳᠣᠷᠬᠠᠢ ᠪᠢᠴᠢᠬᠦ ᠬᠡᠷᠡᠭᠲᠡᠢ᠃

      ᠭᠤᠴᠢᠨ ᠨᠠᠢᠮᠠᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ︾ ᠪᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠮᠡᠳᠡᠭᠡ ᠵᠠᠩᠭᠢ ᠶᠢᠨ ᠰᠦᠯᠵᠢᠶ᠎ᠡ ᠵᠢᠴᠢ ︽ᠥᠪᠥᠷ ᠮᠣᠩᠭᠤᠯ ᠤᠨ ᠡᠳᠦᠷ ᠤᠨ ᠰᠣᠨᠢᠨ ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ︾ ᠳᠤ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠧᠺᠰᠲ ᠪᠣᠯ ᠪᠠᠷᠢᠮᠵᠢᠶᠠᠲᠤ ᠲᠧᠺᠰᠲ ᠪᠣᠯᠣᠨ᠎ᠠ᠃

      ᠭᠤᠴᠢ ᠶᠢᠰᠦᠳᠦᠭᠡᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠬᠦ ᠬᠡᠷᠡᠭᠲᠡᠢ︔ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠤᠶᠤ ᠨᠡᠶᠢᠲᠡᠯᠡᠭᠰᠡᠨ ᠤ ᠳᠠᠷᠠᠭ᠎ᠠ ᠳᠠᠷᠤᠶᠢᠬᠠᠨ ᠬᠡᠷᠡᠭᠵᠢᠭᠦᠯᠬᠦ ᠦᠭᠡᠢ ᠪᠣᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠪᠠᠶᠢᠳᠠᠯ ᠪᠠᠶᠢᠪᠠᠯ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ ᠪᠣᠯᠣᠨ᠎ᠠ᠃

      ᠵᠢᠷᠭᠤᠳᠤᠭᠠᠷ ᠪᠦᠯᠦᠭ  ᠳᠠᠩᠰᠠᠯᠠᠭᠤᠯᠬᠤ᠂ ᠲᠠᠶᠢᠯᠪᠤᠷᠢᠯᠠᠬᠤ᠂ ᠦᠨᠡᠯᠡᠨ ᠵᠢᠱᠢᠬᠦ

      ᠳᠥᠴᠢᠳᠦᠭᠡᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ ᠡᠳᠦᠷ ᠤᠨ ᠳᠣᠲᠣᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠳᠠᠩᠰᠠᠯᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ᠃

      ᠳᠥᠴᠢᠨ ᠨᠢᠭᠡᠳᠦᠭᠡᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠠᠶᠢᠯᠪᠤᠷᠢᠯᠠᠬᠤ ᠡᠷᠬᠡ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃

      ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠣᠭᠲᠠᠭᠠᠯ ᠨᠢ ᠪᠣᠳᠠᠲᠠᠢ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠ ᠲᠠᠢ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠭᠰᠠᠨ ᠤ ᠳᠠᠷᠠᠭ᠎ᠠ ᠰᠢᠨ᠎ᠡ ᠪᠠᠶᠢᠳᠠᠯ ᠭᠠᠷᠴᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠬᠢᠷᠠᠭᠤᠯᠤᠨ ᠬᠡᠷᠡᠭᠯᠡᠬᠦ ᠦᠨᠳᠦᠰᠦᠯᠡᠯ ᠢ ᠲᠣᠳᠣᠷᠬᠠᠶᠢᠯᠠᠬᠤ ᠴᠢᠬᠤᠯᠠ ᠲᠠᠢ ᠪᠣᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠠᠴᠠ ᠲᠠᠶᠢᠯᠪᠤᠷᠢᠯᠠᠬᠤ ᠰᠠᠨᠠᠯ ᠳᠤᠷᠠᠳᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠭᠤᠳ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠭᠰᠡᠨ ᠴᠦ ᠪᠣᠯᠣᠨ᠎ᠠ᠃

      ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠠᠶᠢᠯᠪᠤᠷᠢᠯᠠᠯᠲᠠ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠲᠠᠢ ᠠᠳᠠᠯᠢᠬᠠᠨ ᠬᠦᠴᠦᠨ ᠲᠠᠢ᠃

      ᠳᠥᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠳᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠦᠨᠡᠯᠡᠨ ᠵᠢᠱᠢᠭᠰᠡᠨ ᠳ᠋ᠦᠩ ᠢᠶᠠᠷ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠣᠯᠣᠨ᠎ᠠ᠃

      ᠳᠥᠴᠢᠨ ᠭᠤᠷᠪᠠᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠬᠡᠷᠡᠭᠲᠡᠢ᠃ ᠴᠢᠬᠤᠯᠠ ᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤᠷᠠᠨ ᠦᠨᠡᠯᠡᠨ ᠵᠢᠱᠢᠯᠲᠡ ᠥᠷᠨᠢᠭᠦᠯᠵᠦ ᠪᠣᠯᠣᠨ᠎ᠠ ᠄

      ︵ᠨᠢᠭᠡ ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠪᠠᠷ ᠪᠠᠶᠢᠭ᠎ᠠ︔

      ︵ᠬᠤᠶᠠᠷ ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠪᠠᠶᠢᠭ᠎ᠠ︔

      ︵ᠭᠤᠷᠪᠠ ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠭᠠᠨ ᠲᠠᠢ ᠪᠠᠶᠢᠬᠤ︔

      ︵ᠳᠥᠷᠪᠡ ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠤᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠤᠭᠰᠠᠨ︔

      ︵ᠲᠠᠪᠤ ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠶᠢᠨ ᠲᠤᠰᠬᠠᠭᠰᠠᠨ ᠠᠰᠠᠭᠤᠳᠠᠯ ᠢᠶᠠᠷ ᠨᠡᠯᠢᠶᠡᠳ ᠲᠥᠪᠯᠡᠷᠡᠩᠭᠦᠢ ᠪᠠᠶᠢᠬᠤ︔

      ︵ᠵᠢᠷᠭᠤᠭ᠎ᠠ ︶ ᠦᠨᠡᠯᠡᠨ ᠵᠢᠱᠢᠬᠦ ᠴᠢᠬᠤᠯᠠ ᠲᠠᠢ ᠪᠤᠰᠤᠳ ᠪᠠᠶᠢᠳᠠᠯ᠃

      ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠢᠯᠭᠡᠵᠦ ᠪᠣᠯᠣᠨ᠎ᠠ᠃

      ᠳᠡᠭᠡᠳᠦ ᠪᠠᠶᠢᠷᠢ ᠶᠢᠨ ᠬᠠᠤᠯᠢ ᠳᠤ ᠲᠣᠬᠢᠷᠠᠭᠤᠯᠤᠯᠲᠠ ᠬᠢᠭᠰᠡᠨ ᠪᠤᠶᠤ ᠪᠠᠴᠢᠮ ᠪᠠᠶᠢᠳᠠᠯ ᠲᠤᠯᠭᠠᠷᠠᠭᠰᠠᠨ ᠠᠴᠠ ᠪᠣᠯᠵᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠢᠬᠦ ᠦᠭᠡᠢ ᠪᠠᠶᠢᠭᠰᠠᠨ ᠴᠤ ᠪᠣᠯᠣᠨ᠎ᠠ᠃

      ᠳᠥᠴᠢᠨ ᠳᠥᠷᠪᠡᠳᠦᠭᠡᠷ ᠵᠦᠢᠯ  ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠪᠠᠨ ᠵᠠᠰᠠᠭ ᠤᠨ ᠣᠷᠳᠣᠨ ᠤ  ᠲᠣᠭᠲᠠᠭᠠᠯ ᠳᠦᠷᠢᠮ ᠤᠨ ᠬᠠᠤᠯᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠶᠢ ᠪᠠᠶᠢᠴᠠᠭᠠᠬᠤ ᠪᠠ ᠦᠨᠡᠯᠡᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ᠃

      ᠳᠥᠴᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠳᠡᠭᠡᠳᠦ ᠪᠠᠶᠢᠷᠢ ᠶᠢᠨ ᠬᠠᠤᠯᠢ ᠶᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ  ᠲᠣᠭᠲᠠᠭᠠᠯ ᠳᠦᠷᠢᠮ ᠢ ᠢᠯᠭᠠᠷᠠᠭᠤᠯᠬᠤ ᠠᠵᠢᠯ ᠢᠶᠠᠨ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃

      ᠳᠥᠴᠢᠨ ᠵᠢᠷᠭᠤᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ ᠄ 

      ︵ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠶᠢᠴᠡᠭᠰᠡᠨ︔

      ︵ᠬᠤᠶᠠᠷ ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠯᠤᠭ᠎ᠠ ᠬᠠᠷᠰᠢᠯᠳᠤᠭᠰᠠᠨ ᠪᠤᠶᠤ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔

      ︵ᠭᠤᠷᠪᠠ ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ︔

      ︵ᠳᠥᠷᠪᠡ ︶ ᠲᠣᠬᠢᠷᠠᠭᠤᠯᠤᠯᠲᠠ ᠬᠢᠬᠦ ᠡᠲᠡᠭᠡᠳ ᠨᠢ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ︔

      ︵ᠲᠠᠪᠤ ︶ ᠬᠡᠷᠡᠭᠵᠢᠭᠦᠯᠬᠦ ᠭᠤᠣᠯ ᠴᠣᠭᠴᠠ ᠳᠤ ᠬᠤᠪᠢᠷᠠᠯᠲᠠ ᠭᠠᠷᠤᠭᠰᠠᠨ︔

      ︵ᠵᠢᠷᠭᠤᠭ᠎ᠠ ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔

      ︵ᠲᠤᠯᠤᠭ᠎ᠠ ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠣᠰᠣᠲᠠᠢ ᠪᠤᠰᠤᠳ ᠪᠠᠶᠢᠳᠠᠯ᠃

      ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ

      ᠳᠥᠴᠢᠨ ᠳᠣᠯᠣᠳᠤᠭᠠᠷ ᠵᠦᠢᠯ  ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠳᠡᠰ ᠳᠠᠷᠠᠭᠠᠯᠠᠯ ᠳᠤ ᠲᠣᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃

      ᠳᠥᠴᠢᠨ ᠨᠠᠢᠮᠠᠳᠤᠭᠠᠷ ᠵᠦᠢᠯ  ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃

      ᠳᠥᠴᠢ ᠶᠢᠰᠦᠳᠦᠭᠡᠷ ᠵᠦᠢᠯ  ᠲᠣᠰ ᠲᠣᠭᠲᠠᠭᠠᠯ ᠢ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1998 ᠣᠨ ᠤ 10 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠲᠣᠭᠲᠠᠭᠠᠯ ᠳᠦᠷᠢᠮ ᠢ ᠲᠣᠭᠲᠠᠭᠠᠬᠤ ᠲᠣᠭᠲᠠᠭᠠᠯ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 91 ᠳ᠋ᠦ᠋ᠭᠡᠷ ᠲᠣᠭᠠᠲᠤ ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

 


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ

ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ


      ︵2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 257 ᠳ᠋ᠤᠭᠠᠷ ᠲᠣᠭᠠᠲᠤ ᠪᠠᠷ ᠨᠡᠶᠢᠲᠡᠯᠡᠪᠡ  2024 ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠵᠠᠰᠠᠪᠤᠷᠢ ᠣᠷᠣᠭᠤᠯᠪᠠ ︶

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

      ᠭᠤᠷᠪᠠᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ ᠶᠢᠨ ᠳᠣᠣᠷ᠎ᠠ ᠵᠢᠭᠰᠠᠭᠠᠭᠰᠠᠨ ᠠᠷᠭ᠎ᠠ ᠬᠡᠯᠪᠡᠷᠢ ᠪᠠᠷ ᠣᠯᠣᠭᠰᠠᠨ ᠪᠤᠶᠤ ᠪᠦᠷᠢᠯᠳᠦᠭᠦᠯᠦᠭᠰᠡᠨ ᠡᠳ᠋ ᠬᠥᠷᠥᠩᠭᠡ ᠶᠢ ᠵᠢᠭᠠᠵᠤ ᠪᠣᠢ ᠄

      ︵ᠨᠢᠭᠡ ︶ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠪᠦᠷᠢᠯᠳᠦᠭᠰᠡᠨ ᠡᠳ᠋ ᠬᠥᠷᠥᠩᠭᠡ︔

      ︵ᠬᠤᠶᠠᠷ ︶ ᠰᠢᠯᠵᠢᠭᠦᠯᠦᠨ ᠥᠭᠬᠦ ᠶᠢ ᠬᠦᠯᠢᠶᠡᠨ ᠠᠪᠤᠭᠰᠠᠨ ᠪᠤᠶᠤ ᠰᠢᠯᠵᠢᠭᠦᠯᠦᠨ ᠥᠭᠭᠦᠭᠰᠡᠨ᠂ ᠰᠣᠯᠢᠭᠰᠠᠨ ᠠᠴᠠ ᠪᠤᠶ ᠪᠣᠯᠤᠭᠰᠠᠨ ᠡᠳ᠋ ᠬᠥᠷᠥᠩᠭᠡ︔

      ︵ᠭᠤᠷᠪᠠ ︶ ᠪᠡᠯᠡᠭᠯᠡᠨ ᠬᠦᠷᠭᠡᠭᠰᠡᠨ ᠢ ᠬᠦᠯᠢᠶᠡᠨ ᠠᠪᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠷ ᠨᠤᠲᠠᠯᠠᠨ ᠲᠣᠭᠲᠠᠭᠠᠭᠰᠠᠨ︔

      ︵ᠳᠥᠷᠪᠡ ︶ ᠤᠯᠤᠰ ᠤᠨ ᠥᠮᠴᠢᠯᠡᠯᠲᠦ ᠪᠤᠰᠤᠳ ᠡᠳ᠋ ᠬᠥᠷᠥᠩᠭᠡ᠃

      ᠳᠥᠷᠪᠡᠳᠦᠭᠡᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠢᠯᠡᠷᠡᠬᠦ ᠬᠡᠯᠪᠡᠷᠢ ᠨᠢ ᠄ ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠪᠣᠯᠣᠨ᠎ᠠ᠃

      ᠲᠠᠪᠤᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃

      ᠵᠢᠷᠭᠤᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠵᠢᠷᠤᠮᠵᠢᠯ ᠲᠠᠢ᠂ ᠠᠷᠪᠢᠲᠠᠢ ᠥᠨᠳᠥᠷ ᠪᠦᠲᠦᠮᠵᠢᠲᠡᠶ᠂ ᠢᠯᠡ ᠲᠣᠳᠣ ᠪᠠᠶᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠵᠠᠷᠴᠢᠮ ᠢ ᠵᠢᠷᠤᠮᠯᠠᠨ᠂ ᠪᠣᠳᠠᠲᠤ ᠡᠳ᠋ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠯᠤᠭ᠎ᠠ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃

      ᠳᠣᠯᠣᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠢ᠃

      ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃

      ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠢ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃

      ᠠᠷᠪᠠᠳᠤᠭᠠᠷ ᠵᠦᠢᠯ  ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠦᠨ᠎ᠡ᠃

      ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠢ ᠬᠠᠮᠢᠶᠠᠷᠤᠯᠲᠠ ᠶᠢ ᠬᠠᠷᠢᠭᠤᠴᠠᠵᠤ᠂ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃

      ᠠᠷᠪᠠᠨ ᠨᠢᠭᠡᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠵᠢᠭᠠᠯᠲᠠ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃

      ᠬᠤᠶᠠᠳᠤᠭᠠᠷ ᠪᠦᠯᠦᠭ  ᠡᠳ᠋ ᠬᠥᠷᠥᠩᠭᠡ ᠶᠢᠨ ᠲᠣᠬᠢᠷᠠᠭᠤᠯᠤᠯᠲᠠ ᠪᠠ ᠲᠥᠰᠥᠪ ᠤᠨ ᠬᠠᠮᠢᠶᠠᠷᠤᠯᠲᠠ

      ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠲᠣᠬᠢᠷᠠᠭᠤᠯᠤᠨ ᠵᠣᠬᠢᠴᠠᠭᠤᠯᠬᠤ᠂ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠪᠡᠯᠡᠭᠯᠡᠨ ᠬᠦᠷᠭᠡᠬᠦ ᠶᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠪᠠᠭᠲᠠᠨ᠎ᠠ᠃

      ᠠᠷᠪᠠᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠶᠢ ᠵᠣᠬᠢᠶᠠᠨ ᠪᠠᠶᠢᠭᠤᠯᠵᠤ᠂ ᠲᠣᠬᠢᠷᠠᠭᠤᠯᠬᠤ ᠲᠤᠭ᠎ᠠ ᠬᠡᠮᠵᠢᠶ᠎ᠡ᠂ ᠥᠷᠲᠡᠭ᠂ ᠵᠡᠷᠭᠡ ᠳᠡᠰ᠂ ᠬᠠᠮᠤᠭ ᠤᠨ ᠳᠣᠣᠷ᠎ᠠ ᠬᠡᠷᠡᠭᠯᠡᠬᠦ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠢ᠃

      ᠠᠷᠪᠠᠨ ᠳᠥᠷᠪᠡᠳᠦᠭᠡᠷ ᠵᠦᠢᠯ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠶᠢ ᠠᠷᠪᠢᠯᠠᠨ ᠭᠠᠮᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠬᠦ ᠪᠠ ᠪᠣᠬᠢᠷᠳᠤᠯ ᠦᠭᠡᠢ ᠪᠥᠭᠡᠳ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠵᠠᠬ᠎ᠠ ᠳᠡᠯᠭᠡᠭᠦᠷ ᠤᠨ ᠦᠨ᠎ᠡ ᠶᠢᠨ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ᠂ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ ᠲᠣᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠢ᠃

      ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠵᠤ ᠨᠡᠶᠢᠲᠡᠯᠡᠬᠦ ᠬᠡᠷᠡᠭᠲᠡᠢ᠃ ᠲᠤᠰᠬᠠᠢ ᠬᠡᠷᠡᠭᠯᠡᠬᠦ ᠡᠳ᠋ ᠬᠥᠷᠥᠩᠭᠡ ᠶᠢᠨ ᠲᠣᠬᠢᠷᠠᠭᠤᠯᠬᠤ ᠪᠠᠷᠢᠮᠵᠢᠶ᠎ᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡᠯᠡᠨ᠎ᠡ᠃

      ᠠᠷᠪᠠᠨ ᠲᠠᠪᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠪᠠᠷ ᠳᠠᠮᠵᠢᠭᠤᠯᠤᠨ᠂ ᠦᠯᠡᠳᠡᠭᠡᠯ ᠡᠳ᠋ ᠬᠥᠷᠥᠩᠭᠡ ᠶᠢ ᠭᠦᠢᠴᠡᠳ ᠠᠰᠢᠭᠯᠠᠬᠤ ᠪᠠ ᠲᠣᠬᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ ᠬᠡᠷᠡᠭᠲᠡᠢ᠃ ᠣᠳᠣ ᠪᠠᠶᠢᠭ᠎ᠠ ᠦᠯᠡᠳᠡᠭᠡᠯ ᠡᠳ᠋ ᠬᠥᠷᠥᠩᠭᠡ ᠨᠢ ᠴᠢᠳᠠᠮᠵᠢ ᠪᠠᠷ ᠳᠠᠯᠳᠠ ᠬᠦᠴᠦᠨ ᠢ ᠠᠭᠤᠳᠠᠯᠬᠤ᠂ ᠬᠠᠭᠤᠴᠢᠨ ᠢ ᠵᠠᠰᠠᠵᠤ ᠬᠠᠶᠠᠭᠳᠠᠮᠠᠯ ᠢ ᠠᠰᠢᠭᠯᠠᠭᠠᠳ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠬᠠᠩᠭᠠᠵᠤ ᠳᠡᠶᠢᠯᠪᠡᠯ᠂ ᠲᠣᠬᠢᠷᠠᠭᠤᠯᠬᠤ ᠪᠠᠨ ᠪᠠᠭᠠᠰᠬᠠᠵᠤ᠂ ᠬᠡᠷᠡᠭᠯᠡᠭᠳᠡᠵᠦ ᠪᠠᠶᠢᠭ᠎ᠠ ᠡᠳ᠋ ᠬᠥᠷᠥᠩᠭᠡ ᠪᠠ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠬᠦ ᠥᠷᠲᠡᠭ᠂ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃

      ᠠᠷᠪᠠᠨ ᠵᠢᠷᠭᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠡᠳ᠋ ᠬᠥᠷᠥᠩᠭᠡ ᠶᠢᠨ ᠦᠯᠡᠳᠡᠭᠡᠯ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ ᠲᠣᠬᠢᠷᠠᠭᠤᠯᠤᠨ ᠵᠣᠬᠢᠴᠠᠭᠤᠯᠬᠤ ᠠᠷᠭ᠎ᠠ ᠪᠠᠷ ᠡᠳ᠋ ᠬᠥᠷᠥᠩᠭᠡ ᠶᠢ ᠤᠷᠢᠳ ᠢᠶᠠᠷ ᠲᠣᠬᠢᠷᠠᠭᠤᠯᠤᠨ ᠳᠦᠬᠦᠷᠵᠢᠭᠦᠯᠬᠦ ᠬᠡᠷᠡᠭᠲᠡᠢ᠃ ᠲᠣᠬᠢᠷᠠᠭᠤᠯᠤᠨ ᠵᠣᠬᠢᠴᠠᠭᠤᠯᠵᠤ ᠳᠡᠶᠢᠯᠬᠦ ᠦᠭᠡᠢ ᠪᠣᠯ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠶᠢ ᠠᠪᠴᠤ ᠪᠣᠯᠣᠨ᠎ᠠ᠃

      ᠠᠷᠪᠠᠨ ᠳᠣᠯᠣᠳᠤᠭᠠᠷ ᠵᠦᠢᠯ  ᠴᠢᠬᠤᠯᠠ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠵᠡᠷᠭᠡ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠ ᠲᠠᠢ ᠪᠣᠯ ᠲᠣᠬᠢᠷᠠᠭᠤᠯᠤᠨ ᠵᠣᠬᠢᠴᠠᠭᠤᠯᠬᠤ ᠠᠷᠭ᠎ᠠ ᠪᠠᠷ ᠰᠢᠢᠳᠪᠦᠷᠢᠯᠡᠨ᠎ᠡ᠃ ᠦᠨᠡᠨ ᠬᠦ ᠬᠤᠳᠠᠯᠳᠤᠨ ᠠᠪᠬᠤ ᠴᠢᠬᠤᠯᠠ ᠲᠠᠢ ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃

      ᠠᠷᠪᠠᠨ ᠨᠠᠢᠮᠠᠳᠤᠭᠠᠷ ᠵᠦᠢᠯ  ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠨ ᠠᠯᠪᠠᠨ ᠤ ᠡᠳ᠋ ᠤᠨ ᠬᠥᠮᠥᠷᠭᠡ ᠪᠠᠶᠢᠭᠤᠯᠬᠤ ᠶᠢ ᠨᠢ ᠵᠣᠷᠢᠭᠵᠢᠭᠤᠯᠵᠤ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠪᠠ ᠲᠣᠮᠣ ᠬᠡᠯᠪᠡᠷᠢ ᠶᠢᠨ ᠬᠤᠷᠠᠯ ︵ᠠᠵᠢᠯᠯᠠᠭ᠎ᠠ ︶᠂ ᠲᠥᠷ ᠴᠠᠭ ᠤᠨ ᠪᠠᠶᠢᠭᠤᠯᠤᠮᠵᠢ ᠶᠢᠨ ᠲᠣᠬᠢᠷᠠᠭᠤᠯᠤᠭᠰᠠᠨ ᠬᠥᠷᠥᠩᠭᠡ ᠵᠡᠷᠭᠡ ᠶᠢ ᠠᠯᠪᠠᠨ ᠤ ᠡᠳ᠋ ᠤᠨ ᠬᠥᠮᠥᠷᠭᠡ ᠳᠤ ᠨᠢᠭᠡᠳᠦᠯᠲᠡᠢ ᠣᠷᠣᠭᠤᠯᠵᠤ ᠲᠥᠪᠯᠡᠷᠡᠭᠦᠯᠦᠨ ᠬᠠᠮᠢᠶᠠᠷᠴᠤ᠂ ᠲᠣᠬᠢᠷᠠᠭᠤᠯᠤᠨ ᠬᠡᠷᠡᠭᠯᠡᠬᠦ ᠬᠡᠷᠡᠭᠲᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳᠤ ᠪᠠᠨ ᠡᠩ ᠲᠡᠷᠢᠭᠦᠨ ᠳᠤ ᠠᠯᠪᠠᠨ ᠤ ᠡᠳ᠋ ᠤᠨ ᠬᠥᠮᠥᠷᠭᠡ ᠠᠴᠠ ᠲᠣᠬᠢᠷᠠᠭᠤᠯᠤᠨ ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠢ᠃

      ᠠᠷᠪᠠ ᠶᠢᠰᠦᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠳᠣᠲᠣᠭᠠᠳᠤ ᠳᠤ ᠪᠠᠨ ᠲᠣᠬᠢᠷᠠᠭᠤᠯᠤᠨ ᠠᠰᠢᠭᠯᠠᠬᠤ ᠬᠡᠷᠡᠭᠲᠡᠢ᠃ ᠬᠡᠷᠡᠭᠯᠡᠭᠡᠨ ᠤ ᠥᠷᠲᠡᠭ ᠢᠶᠠᠷ ᠶᠡᠭᠡ᠂ ᠠᠰᠢᠭᠯᠠᠬᠤ ᠬᠡᠪᠴᠢᠶ᠎ᠡ ᠪᠠᠷ ᠥᠷᠭᠡᠨ ᠪᠠᠶᠢᠭ᠎ᠠ ᠪᠥᠭᠡᠳ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠳᠤ ᠰᠠᠯᠠᠭ᠎ᠠ ᠮᠥᠴᠢᠷ᠂ ᠭᠠᠵᠠᠷ ᠣᠷᠣᠨ᠂ ᠵᠡᠷᠭᠡ ᠲᠠᠰ ᠠᠯᠤᠰᠯᠠᠨ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠬᠦ ᠶᠢ ᠢᠳᠡᠪᠬᠢᠲᠡᠢ ᠠᠬᠢᠭᠤᠯᠤᠨ᠎ᠠ︔ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠨᠡᠳᠬᠡᠬᠦ ᠴᠢᠬᠤᠯᠠ ᠲᠠᠢ ᠪᠣᠯᠪᠠᠴᠤ ᠮᠥᠨ ᠴᠦ ᠬᠡᠷᠡᠭᠯᠡᠭᠡᠨ ᠤ ᠥᠷᠲᠡᠭ ᠲᠠᠢ ᠡᠳ᠋ ᠬᠥᠷᠥᠩᠭᠡ ᠶᠢ ᠬᠡᠷᠡᠭᠴᠡᠭᠡ ᠶᠢ ᠨᠢ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ ᠪᠠᠶᠢᠭ᠎ᠠ ᠰᠠᠯᠠᠭ᠎ᠠ ᠮᠥᠴᠢᠷ᠂ ᠨᠢᠭᠡᠴᠢ ᠳᠤ ᠲᠣᠬᠢᠷᠠᠭᠤᠯᠤᠨ᠎ᠠ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠢ ᠪᠠᠶᠢᠭᠤᠯᠤᠮᠵᠢ ᠳᠤ ᠨᠠᠶᠢᠳᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ ᠪᠥᠭᠡᠳ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠬᠦ ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠵᠦ ᠪᠣᠯᠣᠨ᠎ᠠ᠃

      ᠬᠤᠷᠢᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠡᠳ᠋ ᠬᠥᠷᠥᠩᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠪᠠᠨ ᠡᠳ᠋ ᠬᠥᠷᠥᠩᠭᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠬᠥᠷᠥᠩᠭᠡ ᠲᠣᠬᠢᠷᠠᠭᠤᠯᠬᠤ ᠬᠠᠮᠢᠶ᠎ᠠ ᠪᠦᠬᠦᠢ ᠵᠠᠷᠤᠯᠭ᠎ᠠ ᠶᠢᠨ ᠲᠥᠰᠥᠪ ᠢ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠣᠬᠤᠯᠠᠪᠤᠷᠢᠯᠠᠭᠰᠠᠨ ᠲᠥᠰᠥᠪ ᠶᠣᠰᠣᠭᠠᠷ ᠡᠳ᠋ ᠬᠥᠷᠥᠩᠭᠡ ᠲᠣᠬᠢᠷᠠᠭᠤᠯᠬᠤ ᠬᠡᠷᠡᠭᠲᠡᠢ᠃

      ᠬᠤᠷᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠦᠷ᠎ᠡ ᠪᠦᠲᠦᠮᠵᠢ ᠶᠢ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠶᠢ ᠲᠣᠬᠢᠷᠠᠭᠤᠯᠬᠤ ᠲᠥᠰᠥᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠥᠪ ᠤᠨ ᠬᠢᠵᠠᠭᠠᠷᠯᠠᠯ ᠢᠶᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠵᠦ ᠠᠰᠢᠭᠯᠠᠬᠤ ᠶᠢ ᠠᠬᠢᠭᠤᠯᠬᠤ ᠬᠡᠷᠡᠭᠲᠡᠢ᠃

      ᠡᠳ᠋ ᠬᠥᠷᠥᠩᠭᠡ ᠶᠢ ᠰᠤᠯᠠ ᠲᠠᠯᠪᠢᠨ ᠪᠦᠷᠢᠯᠭᠡᠵᠦ ᠪᠠᠶᠢᠭ᠎ᠠ ᠨᠢ ᠬᠦᠨᠳᠦ ᠨᠣᠴᠢᠲᠠᠢ ᠰᠠᠯᠠᠭ᠎ᠠ ᠮᠥᠴᠢᠷ᠂ ᠨᠢᠭᠡᠴᠢ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠶᠢᠳᠠᠯ ᠢ ᠨᠢ ᠠᠵᠢᠵᠤ ᠪᠠᠶᠢᠭᠠᠳ ᠰᠢᠨ᠎ᠡ ᠪᠠᠷ ᠨᠡᠮᠡᠭᠳᠡᠭᠦᠯᠬᠦ ᠡᠳ᠋ ᠬᠥᠷᠥᠩᠭᠡ ᠶᠢ ᠲᠣᠬᠢᠷᠠᠭᠤᠯᠬᠤ ᠲᠥᠰᠥᠪ ᠢ ᠴᠣᠬᠤᠯᠠᠪᠤᠷᠢᠯᠠᠬᠤ ᠪᠠᠨ ᠵᠣᠭᠰᠣᠭᠠᠵᠤ ᠪᠣᠯᠣᠨ᠎ᠠ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠠᠳᠠᠯᠢ ᠲᠦᠷᠦᠯ ᠤᠨ ᠡᠳ᠋ ᠬᠥᠷᠥᠩᠭᠡ ᠶᠢ ᠬᠤᠳᠠᠯᠳᠤᠨ ᠠᠪᠴᠤ ᠪᠣᠯᠬᠤ ᠦᠭᠡᠢ᠃ ᠤᠯᠤᠰ ᠲᠤ ᠪᠤᠰᠤᠳ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

      ᠬᠤᠷᠢᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠳᠤ ᠪᠠᠨ᠂ ᠪᠡᠯᠡ ᠮᠥᠩᠭᠦ ᠶᠢᠨ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠥᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠬᠠᠮᠲᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠬᠤ ᠬᠡᠷᠡᠭᠲᠡᠢ᠃

      ᠬᠤᠷᠢᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠢᠳᠪᠦᠷᠢᠯᠡᠭᠰᠡᠨ ᠵᠡᠷᠭᠡ ᠶᠢᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃

      ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠳ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠢ ᠬᠠᠮᠢᠶᠠᠷᠤᠯᠲᠠ ᠶᠢᠨ ᠠᠷᠭ᠎ᠠ ᠲᠣᠭᠲᠠᠭᠠᠨ᠎ᠠ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ ᠡᠳ᠋ ᠬᠥᠷᠥᠩᠭᠡ ᠪᠠᠨ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠡᠳ᠂ ᠣᠯᠣᠭᠰᠠᠨ ᠵᠣᠭᠤᠰ ᠢᠶᠠᠨ ᠪᠦᠬᠦᠨ ᠢ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃

      ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠨᠡᠷ᠎ᠡ ᠪᠠᠷ᠂ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠤᠶᠤ ᠬᠤᠳᠠᠯ ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠭᠡᠳ ᠡᠳ᠋ ᠤᠨ ᠵᠠᠰᠠᠭ ᠤᠨ ᠣᠷᠣᠯᠭ᠎ᠠ ᠪᠠᠨ ᠬᠠᠭᠤᠷᠮᠠᠭ ᠢᠶᠠᠷ ᠨᠡᠮᠡᠭᠳᠡᠭᠦᠯᠬᠦ ᠶᠢ ᠴᠠᠭᠠᠵᠠᠯᠠᠨ᠎ᠠ᠃

      ᠭᠤᠷᠪᠠᠳᠤᠭᠠᠷ ᠪᠦᠯᠦᠭ  ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ

      ᠬᠤᠷᠢᠨ ᠳᠥᠷᠪᠡᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠢ ᠨᠢᠭᠲᠠᠯᠠᠨ ᠪᠤᠳᠤᠬᠤ ᠳᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠢ᠂ ᠪᠣᠶ ᠪᠦᠬᠦᠢ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠡᠳ᠋ ᠬᠥᠷᠥᠩᠭᠡ ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠠᠴᠠ ᠭᠠᠳᠠᠨᠠᠬᠢ ᠡᠳ᠋ ᠬᠥᠷᠥᠩᠭᠡ ᠪᠣᠯᠭᠠᠵᠤ ᠪᠣᠯᠬᠤ ᠦᠭᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠬᠠᠮᠢᠶ᠎ᠠ ᠪᠦᠬᠦᠢ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ ᠲᠠᠶᠢᠯᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ᠃

      ᠬᠤᠷᠢᠨ ᠲᠠᠪᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠯᠡᠨ ᠡᠳ᠋ ᠬᠥᠷᠥᠩᠭᠡ ᠲᠣᠬᠢᠷᠠᠭᠤᠯᠬᠤ ᠳᠤ ᠪᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠳ᠋ ᠬᠥᠷᠥᠩᠭᠡ ᠲᠤᠰᠢᠶᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠶᠢᠨ ᠬᠠᠮᠲᠤ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠵᠦ᠂ ᠴᠠᠭ ᠤᠨ ᠬᠢᠵᠠᠭᠠᠷ ᠢ ᠬᠠᠮᠤᠭ ᠤᠨ ᠤᠷᠲᠤ ᠳᠤ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠤᠰᠢᠶᠠᠭᠰᠠᠨ ᠪᠣᠯᠪᠠᠴᠤ ᠪᠠᠷᠢᠯᠭ᠎ᠠ ᠳᠠᠭᠤᠰᠬᠠᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠬᠢᠭᠡᠳᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠳᠦᠷᠢᠮ ᠶᠣᠰᠣᠭᠠᠷ ᠡᠳ᠋ ᠬᠥᠷᠥᠩᠭᠡ ᠶᠢᠨ ᠦᠷᠳᠡᠭ ᠢ ᠨᠤᠲᠠᠯᠠᠬᠤ ᠬᠡᠷᠡᠭᠲᠡᠢ᠃

      ᠬᠤᠷᠢᠨ ᠵᠢᠷᠭᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠴᠢᠬᠤᠯᠠ ᠲᠠᠢ ᠡᠳ᠋ ᠬᠥᠷᠥᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃ ᠳᠠᠩᠰᠠᠨ ᠳᠤ ᠲᠡᠮᠳᠡᠭᠯᠡᠭᠰᠡᠨ ᠴᠦ ᠡᠷᠬᠡ ᠶᠢᠨ ᠦᠨᠡᠮᠯᠡᠯ ᠤᠨ ᠭᠠᠷᠳᠠᠮ ᠨᠢ ᠪᠦᠷᠢᠨ ᠪᠤᠰᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠨᠢ ᠨᠤᠲᠠᠯᠠᠭᠤᠯᠬᠤ ᠭᠤᠶᠤᠴᠢᠯᠠᠯ ᠭᠠᠷᠭᠠᠵᠤ᠂ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠠᠵᠢᠯ ᠢ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠤᠰᠤᠳ ᠨᠢᠭᠡᠴᠢ ᠪᠠ ᠬᠤᠪᠢ ᠬᠥᠮᠥᠨ ᠯᠦᠭᠡ ᠡᠳ᠋ ᠬᠥᠷᠥᠩᠭᠡ ᠶᠢᠨ ᠵᠢᠭᠤᠷᠠᠯᠳᠤᠭᠠᠨ ᠡᠭᠦᠰᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃

      ᠬᠤᠷᠢᠨ ᠳᠣᠯᠣᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃

      ᠬᠤᠷᠢᠨ ᠨᠠᠢᠮᠠᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠥᠷᠥᠩᠭᠡ ᠪᠠᠨ ᠲᠣᠭᠠᠯᠠᠨ ᠪᠦᠷᠢᠳᠬᠡᠵᠦ᠂ ᠲᠡᠩᠰᠠ ᠬᠠᠷᠭᠤᠭᠤᠯᠬᠤ ᠬᠡᠷᠡᠭᠲᠡᠢ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ ᠠᠯᠳᠠᠭᠳᠠᠯ ᠭᠠᠷᠤᠭᠰᠠᠨ ᠪᠣᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠪᠣᠯᠣᠨ ᠪᠣᠳᠠᠲᠠᠢ ᠨᠢ ᠬᠠᠷᠢᠯᠴᠠᠨ ᠨᠡᠶᠢᠴᠡᠬᠦ ᠪᠠ ᠳᠠᠩᠰᠠ ᠪᠣᠯᠣᠨ ᠳᠠᠩᠰᠠ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠪᠠᠨ ᠲᠣᠭᠠᠯᠠᠨ ᠪᠦᠷᠢᠳᠬᠡᠬᠦ ᠠᠵᠢᠯ ᠲᠠᠢ ᠪᠠᠨ ᠤᠶᠠᠯᠳᠤᠭᠤᠯᠵᠤ ᠲᠤᠰᠬᠠᠶᠢᠯᠠᠨ ᠢᠯᠭᠠᠷᠠᠭᠤᠯᠤᠨ ᠳᠢᠭᠯᠡᠵᠦ᠂ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ ᠳᠢᠭᠯᠡᠵᠦ᠂ ᠦᠷ᠎ᠡ ᠠᠰᠢᠭ ᠪᠠᠷᠤᠭᠲᠠᠢ ᠪᠠᠷ ᠠᠵᠢᠯᠯᠠᠭᠤᠯᠵᠤ ᠪᠠᠶᠢᠭ᠎ᠠ᠂ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠭᠠᠵᠠᠷ ᠰᠢᠷᠣᠢ᠂ ᠲᠡᠷᠭᠡ ᠬᠥᠰᠬᠡ᠂ ᠠᠯᠪᠠᠯᠠᠬᠤ ᠲᠥᠬᠦᠭᠡᠷᠦᠮᠵᠢ ᠭᠡᠷ ᠤᠨ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠲᠣᠨᠤᠭ ᠵᠡᠷᠭᠡ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠲᠤ ᠪᠠᠷ ᠭᠥᠷᠳᠡᠬᠦ᠂  ᠲᠣᠬᠢᠷᠠᠭᠤᠯᠤᠨ ᠵᠣᠬᠢᠴᠠᠭᠤᠯᠬᠤ᠂ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠪᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠶᠢ ᠠᠬᠢᠭᠤᠯᠵᠤ᠂ ᠡᠳ᠋ ᠬᠥᠷᠥᠩᠭᠡ ᠶᠢ ᠠᠰᠢᠭᠯᠠᠬᠤ ᠦᠢᠯᠡᠳᠦᠯ ᠢ ᠪᠠᠳᠠᠷᠠᠭᠤᠯᠤᠨ᠎ᠠ᠃

      ᠬᠤᠷᠢ ᠶᠢᠰᠦᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠡᠯ᠎ᠡ ᠵᠦᠢᠯ ᠤᠨ ᠠᠷᠭ᠎ᠠ ᠶᠢ ᠠᠰᠢᠭᠯᠠᠨ᠂ ᠲᠤᠰ ᠨᠢᠭᠡᠴᠢ ᠶᠢᠨ ᠢᠶᠠᠨ ᠬᠡᠪᠴᠢᠶᠡᠨ ᠳᠤ ᠴᠢᠯᠦᠭᠡᠲᠡᠢ ᠭᠦᠢᠯᠭᠡᠭᠡᠵᠦ ᠳᠡᠶᠢᠯᠬᠦ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠨ ᠠᠰᠢᠭᠯᠠᠬᠤ ᠪᠠᠨ ᠲᠦᠷᠭᠡᠳᠬᠡᠬᠦ ᠬᠡᠷᠡᠭᠲᠡᠢ︔ ᠲᠤᠰ ᠨᠢᠭᠡᠴᠢ ᠳᠤ ᠪᠠᠨ ᠴᠢᠯᠦᠭᠡᠲᠡᠢ ᠭᠦᠢᠯᠭᠡᠭᠡᠬᠦ ᠶᠢᠨ ᠠᠷᠭ᠎ᠠ ᠦᠭᠡᠢ ᠡᠳ᠋ ᠬᠥᠷᠥᠩᠭᠡ ᠳᠤ᠂ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃

      ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠨᠢᠭᠡᠴᠢ ᠨᠦᠭᠦᠳ ᠢᠶᠠᠨ ᠵᠢᠭᠠᠨ ᠵᠢᠯᠤᠭᠤᠳᠴᠤ ᠪᠠᠶᠢᠭᠠᠳ ᠡᠳ᠋ ᠬᠥᠷᠥᠩᠭᠡ ᠶᠢ ᠲᠣᠬᠢᠷᠠᠭᠤᠯᠤᠨ ᠵᠣᠬᠢᠴᠠᠭᠤᠯᠬᠤ ᠵᠡᠷᠭᠡ ᠠᠷᠭ᠎ᠠ ᠪᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠵᠦ᠂ ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠤᠨ ᠬᠤᠭᠤᠷᠣᠨᠳᠤ ᠴᠢᠯᠦᠭᠡᠲᠡᠢ ᠭᠦᠢᠯᠭᠡᠭᠡᠵᠦ ᠠᠰᠢᠭᠯᠠᠬᠤ ᠶᠢ ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠴᠢᠯᠦᠭᠡᠲᠡᠢ ᠭᠦᠢᠯᠭᠡᠭᠡᠵᠦ ᠳᠡᠶᠢᠯᠬᠦ ᠦᠭᠡᠢ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠲᠤᠰᠬᠠᠬᠤ ᠬᠡᠷᠡᠭᠲᠡᠢ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠨ ᠪᠠᠶᠢᠭᠤᠯᠤᠨ ᠪᠦᠷᠢᠨᠰᠢᠭᠦᠯᠵᠦ᠂ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠭᠳᠠᠵᠤ ᠪᠠᠶᠢᠭ᠎ᠠ ᠠᠴᠠ ᠨᠢ ᠬᠡᠷᠡᠭᠯᠡᠭᠳᠡᠵᠦ ᠪᠠᠶᠢᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠠᠮ ᠢ ᠨᠡᠪᠲᠡᠷᠡᠭᠦᠯᠬᠦ ᠬᠡᠷᠡᠭᠲᠡᠢ᠃

      ᠭᠤᠴᠢᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠪᠡᠶᠡᠲᠦ ᠪᠤᠰᠤ ᠡᠳ᠋ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠢ ᠵᠢᠷᠤᠮᠵᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠡᠢ᠃

      ᠭᠤᠴᠢᠨ ᠨᠢᠭᠡᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠬᠤᠪᠢ ᠬᠥᠮᠥᠨ ᠳᠤ ᠬᠦᠷᠲᠡᠯ᠎ᠡ ᠳᠠᠭᠠᠯᠭᠠᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠠ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ ᠲᠦᠪᠰᠢᠨ ᠪᠥᠭᠡᠳ ᠪᠦᠷᠢᠨ ᠪᠦᠲᠦᠨ᠂ ᠥᠨᠳᠥᠷ ᠪᠦᠲᠦᠮᠵᠢᠲᠡᠶ ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃

      ᠡᠳ᠋ ᠬᠥᠷᠥᠩᠭᠡ ᠶᠢ ᠬᠡᠷᠡᠭᠯᠡᠭᠴᠢ᠂ ᠬᠠᠮᠢᠶᠠᠷᠤᠭᠴᠢ ᠨᠢ ᠳᠦᠷᠢᠮ ᠵᠢᠷᠤᠮ ᠤᠨ ᠶᠣᠰᠣᠭᠠᠷ ᠡᠳ᠋ ᠬᠥᠷᠥᠩᠭᠡ ᠶᠢ ᠵᠦᠢ ᠵᠣᠬᠢᠰᠲᠠᠢ  ᠬᠡᠷᠡᠭᠯᠡᠬᠦ ᠪᠠ ᠬᠠᠮᠢᠶᠠᠷᠴᠤ᠂ ᠡᠳ᠋ ᠬᠥᠷᠥᠩᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠳ᠋ ᠬᠥᠷᠥᠩᠭᠡ ᠶᠢ ᠵᠠᠰᠠᠬᠤ᠂ ᠠᠷᠠᠴᠢᠯᠠᠬᠤ᠂ ᠲᠣᠬᠢᠷᠠᠭᠤᠯᠤᠨ ᠵᠣᠬᠢᠴᠠᠭᠤᠯᠬᠤ᠂ ᠰᠢᠨᠡᠳᠬᠡᠬᠦ᠂ ᠬᠡᠷᠡᠭᠯᠡᠭᠡᠨ ᠠᠴᠠ ᠭᠠᠷᠭᠠᠬᠤ ᠴᠢᠬᠤᠯᠠ ᠲᠠᠢ ᠪᠣᠯ᠂ ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠠᠴᠠ ᠴᠠᠭ ᠲᠤᠬᠠᠢ ᠳᠤ ᠨᠢ ᠳᠤᠷᠠᠳᠴᠤ ᠭᠠᠷᠭᠠᠬᠤ ᠬᠡᠷᠡᠭᠲᠡᠢ᠃

      ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠨᠢ ᠰᠣᠯᠢᠭᠳᠠᠭᠰᠠᠨ ᠪᠠᠶᠢᠪᠠᠯ᠂ ᠡᠳ᠋ ᠬᠥᠷᠥᠩᠭᠡ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃

      ᠭᠤᠴᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠢ᠃

      ᠵᠠᠰᠠᠭ ᠵᠠᠬᠢᠷᠭᠠᠨ ᠤ ᠨᠢᠭᠡᠴᠢ ᠨᠢ ᠶᠠᠮᠠᠷᠪᠠ ᠬᠡᠯᠪᠡᠷᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠭᠠᠳᠠᠭᠰᠢ ᠪᠠᠨ ᠪᠡᠯᠡ ᠣᠷᠣᠭᠤᠯᠬᠤ ᠪᠤᠶᠤ ᠠᠰᠢᠭ ᠣᠯᠵᠠᠪᠤᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

      ᠭᠤᠴᠢᠨ ᠭᠤᠷᠪᠠᠳᠤᠭᠠᠷ ᠵᠦᠢᠯ  ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠬᠡᠷᠡᠭᠲᠡᠢ᠃

      ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠰᠢ ᠪᠠᠨ ᠪᠡᠯᠡ ᠣᠷᠣᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠲᠠᠢ ᠨᠡᠶᠢᠴᠡᠬᠦ ᠪᠥᠭᠡᠳ ᠠᠵᠢᠯ ᠦᠢᠯᠡᠰ ᠤᠨ ᠬᠥᠭᠵᠢᠯᠲᠡ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠠᠰᠢᠭᠲᠠᠢ ᠪᠠᠶᠢᠬᠤ ᠶᠢᠨ ᠬᠠᠮᠲᠤ᠂ ᠪᠣᠯᠣᠮᠵᠢᠲᠤ ᠰᠤᠳᠤᠯᠤᠯ ᠪᠠ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠳᠠᠮᠵᠢᠭᠤᠯᠵᠤ᠂ ᠲᠣᠭᠲᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠬᠤ ᠬᠡᠷᠡᠭᠲᠡᠢ᠃

      ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠠᠨ ᠪᠡᠯᠡ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠵᠢᠴᠢ ᠬᠠᠮᠢᠶ᠎ᠠ ᠪᠦᠬᠦᠢ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠠᠯ ᠶᠣᠰᠣᠭᠠᠷ ᠭᠠᠳᠠᠭᠰᠢ ᠪᠠᠨ ᠪᠡᠯᠡ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠪᠠᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃

      ᠭᠤᠴᠢᠨ ᠳᠥᠷᠪᠡᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠦᠢᠯᠡᠰ ᠢ ᠲᠦᠷᠭᠡᠳᠬᠡᠨ ᠭᠦᠢᠴᠡᠳᠬᠡᠬᠦ ᠬᠡᠷᠡᠭᠲᠡᠢ᠃

      ᠭᠤᠴᠢᠨ ᠲᠠᠪᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠲᠣᠬᠢᠷᠠᠭᠤᠯᠤᠨ ᠠᠰᠢᠭᠯᠠᠬᠤ ᠳᠤ ᠪᠡᠷᠬᠡᠲᠡᠢ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠭᠠᠳᠠᠭᠰᠢ ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠣᠨ᠎ᠠ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠪᠠᠶᠢᠬᠤ ᠪᠠ ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃

      ᠭᠤᠴᠢᠨ ᠵᠢᠷᠭᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠯᠡᠭᠯᠡᠨ ᠬᠦᠷᠭᠡᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ᠂ ᠪᠡᠯᠡᠭᠯᠡᠨ ᠬᠦᠷᠭᠡᠬᠦ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠢ᠃

      ᠪᠡᠯᠡᠭᠯᠡᠨ ᠬᠦᠷᠭᠡᠭᠴᠢ ᠶᠢᠨ ᠬᠦᠰᠡᠯ ᠪᠤᠳᠤᠯ ᠨᠢ ᠲᠣᠳᠣ ᠦᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ ᠦᠭᠡᠢ ᠪᠣᠯ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠬᠦ ᠬᠡᠷᠡᠭᠲᠡᠢ᠃

      ᠭᠤᠴᠢᠨ ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠨᠥᠬᠦᠴᠡᠯ ᠪᠦᠷᠢᠳᠦᠭᠰᠡᠨ ᠡᠳ᠋ ᠬᠥᠷᠥᠩᠭᠡ ᠶᠢ ᠰᠢᠯᠢᠨ ᠰᠣᠩᠭᠤᠵᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠥᠷᠨᠢᠭᠦᠯᠦᠨ᠎ᠡ᠂ ᠡᠭᠦᠨ ᠳᠤ ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠪᠠᠭᠲᠠᠨ᠎ᠠ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠣᠰ ᠨᠢᠭᠡᠴᠢ ᠶᠢᠨ ᠢᠶᠠᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠠᠩᠭᠠᠭᠰᠠᠨ ᠲᠠᠯ᠎ᠠ ᠳᠤ ᠵᠦᠢ ᠵᠣᠬᠢᠰᠲᠠᠢ ᠨᠥᠬᠦᠪᠦᠷᠢ ᠥᠭᠴᠦ ᠪᠣᠯᠣᠨ᠎ᠠ᠃

      ᠭᠤᠴᠢᠨ ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠵᠤ᠂ ᠲᠥᠰᠥᠪ ᠤᠨ ᠪᠡᠯᠡ ᠮᠥᠩᠭᠦ ᠪᠠᠷ ᠪᠦᠷᠢᠯᠳᠦᠭᠰᠡᠨ ᠡᠳ᠋ ᠬᠥᠷᠥᠩᠭᠡ ᠶᠢᠨ ᠪᠥᠬᠦ ᠬᠡᠯᠬᠢᠶᠡᠰᠦᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠵᠡᠷᠭᠡ ᠲᠠᠰ ᠠᠯᠤᠰᠯᠠᠨ ᠬᠠᠮᠲᠤ ᠳᠤ ᠪᠠᠨ ᠭᠥᠷᠳᠡᠵᠦ ᠲᠣᠬᠢᠷᠠᠭᠤᠯᠬᠤ ᠶᠢ  ᠠᠬᠢᠭᠤᠯᠤᠨ ᠪᠡᠶᠡᠯᠡᠭᠦᠯᠬᠦ ᠬᠡᠷᠡᠭᠲᠡᠢ᠃

      ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠬᠥᠳᠡᠯᠦᠩᠭᠦᠢ ᠬᠢᠨᠠᠨ ᠰᠢᠨᠵᠢᠯᠲᠡ ᠶᠢ ᠥᠷᠨᠢᠭᠦᠯᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠠᠭ ᠲᠤᠬᠠᠢ ᠳᠤ ᠨᠢ ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠨ᠎ᠠ᠃

      ᠳᠥᠷᠪᠡᠳᠦᠭᠡᠷ ᠪᠦᠯᠦᠭ  ᠡᠳ᠋ ᠬᠥᠷᠥᠩᠭᠡ ᠶᠢ ᠰᠢᠢᠳᠪᠦᠷᠢᠯᠡᠬᠦ

      ᠭᠤᠴᠢ ᠶᠢᠰᠦᠳᠦᠭᠡᠷ ᠵᠦᠢᠯ  ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ ᠦᠭᠡᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠪᠡᠰᠦᠪᠡᠨ ᠰᠢᠢᠳᠪᠦᠷᠢᠯᠡᠵᠦ ᠪᠣᠯᠬᠤ ᠦᠭᠡᠢ᠃

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠭᠡᠳ ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃

      ᠳᠥᠴᠢᠳᠦᠭᠡᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠳᠣᠣᠷ᠎ᠠ ᠵᠢᠭᠰᠠᠭᠠᠭᠰᠠᠨ ᠵᠠᠷᠴᠢᠮ ᠤᠳ ᠢ ᠵᠢᠷᠤᠮᠯᠠᠬᠤ ᠬᠡᠷᠡᠭᠲᠡᠢ ᠄

      ︵ᠨᠢᠭᠡ ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ︔

      ︵ᠬᠤᠶᠠᠷ ︶ ᠡᠳ᠋ ᠬᠥᠷᠥᠩᠭᠡ ᠶᠢ ᠰᠢᠢᠳᠪᠦᠷᠢᠯᠡᠬᠦ ᠪᠠ ᠡᠳ᠋ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠶᠢ ᠤᠶᠠᠯᠳᠤᠭᠤᠯᠬᠤ︔

      ︵ᠭᠤᠷᠪᠠ ︶ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠲᠡᠪᠴᠢᠬᠦ᠃

      ᠳᠥᠴᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ ᠬᠡᠯᠪᠡᠷᠢ ᠳᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠭᠠᠳᠠᠭᠰᠢ ᠪᠡᠯᠡᠭᠯᠡᠨ ᠬᠦᠷᠭᠡᠬᠦ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠯᠡᠭᠡᠨ ᠠᠴᠠ ᠭᠠᠷᠭᠠᠬᠤ᠂ ᠰᠦᠢᠳᠦᠭᠰᠡᠨ ᠢᠶᠠᠷ ᠮᠡᠳᠡᠭᠦᠯᠬᠦ ᠪᠠᠭᠲᠠᠨ᠎ᠠ᠃

      ᠳᠥᠴᠢᠨ ᠬᠤᠶᠠᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠨ ᠠᠴᠠ ᠭᠠᠷᠭᠠᠬᠤ᠂ ᠰᠦᠢᠳᠦᠭᠰᠡᠨ ᠢᠶᠠᠷ ᠮᠡᠳᠡᠭᠦᠯᠬᠦ ᠬᠡᠷᠡᠭᠲᠡᠢ ᠄

      ︵ᠨᠢᠭᠡ ︶ ᠮᠡᠷᠭᠡᠵᠢᠯ ᠤᠨ ᠰᠢᠯᠲᠠᠭᠠᠨ ᠠᠴᠠ ᠪᠣᠯᠵᠤ ᠦᠨᠡᠨ ᠬᠦ᠋‍ ᠰᠢᠭᠰᠢᠭᠳᠡᠭᠦᠯᠬᠦ ᠴᠢᠬᠤᠯᠠ ᠲᠠᠢ ᠪᠤᠶᠤ ᠵᠠᠰᠠᠬᠤ ᠶᠢᠨ ᠠᠷᠭ᠎ᠠ ᠦᠭᠡᠢ᠂ ᠰᠡᠯᠪᠢᠨ ᠵᠠᠰᠠᠬᠤ ᠦᠨ᠎ᠡ ᠥᠷᠲᠡᠭ ᠦᠭᠡᠢ ᠡᠳ᠋ ᠬᠥᠷᠥᠩᠭᠡ︔

      ︵ᠬᠤᠶᠠᠷ ︶  ᠪᠦᠷᠢᠳᠬᠡᠯ ᠤᠨ ᠠᠯᠳᠠᠪᠤᠷᠢ᠂ ᠮᠠᠭᠤ ᠳᠠᠩᠰᠠ ᠵᠢᠴᠢ ᠬᠡᠪ ᠤᠨ ᠪᠤᠰᠤ ᠪᠠᠷ ᠰᠦᠢᠳᠦᠭᠰᠡᠨ ᠳᠤ ᠬᠤᠯᠪᠣᠭᠳᠠᠭᠰᠠᠨ ᠡᠳ᠋ ᠬᠥᠷᠥᠩᠭᠡ︔

      ︵ᠭᠤᠷᠪᠠ ︶ ᠬᠡᠷᠡᠭᠯᠡᠬᠦ ᠵᠢᠯ ᠬᠢᠵᠠᠭᠠᠷ ᠠᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠠᠷᠭ᠎ᠠ ᠦᠭᠡᠢ ᠪᠣᠯᠤᠭᠰᠠᠨ ᠡᠳ᠋ ᠬᠥᠷᠥᠩᠭᠡ︔

      ︵ᠳᠥᠷᠪᠡ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠪᠳᠡᠭᠳᠡᠨ ᠰᠦᠢᠳᠦᠭᠰᠡᠨ᠂ ᠤᠰᠠᠳᠤᠭᠰᠠᠨ ᠡᠳ᠋ ᠬᠥᠷᠥᠩᠭᠡ᠃

      ᠳᠥᠴᠢᠨ ᠭᠤᠷᠪᠠᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠲᠣᠬᠢᠷᠠᠭᠤᠯᠬᠤ ᠵᠡᠷᠭᠡ ᠪᠠᠶᠢᠳᠠᠯ ᠭᠠᠷᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠵᠤ ᠬᠦᠯᠢᠶᠡᠨ ᠠᠪᠬᠤ ᠭᠠᠷᠳᠠᠮ ᠭᠦᠢᠴᠡᠳᠬᠡᠬᠦ ᠬᠡᠷᠡᠭᠲᠡᠢ᠃

      ᠳᠥᠴᠢᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ ᠥᠪᠡᠷ ᠤᠨ ᠢᠶᠠᠨ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ ᠪᠠᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

      ᠳᠥᠴᠢᠨ ᠲᠠᠪᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠠᠴᠠ ᠳᠡᠭᠡᠭᠰᠢ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ︔ ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠠᠴᠠ ᠳᠣᠷᠣᠭᠰᠢ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠬᠦ ᠲᠣᠭᠲᠠᠭᠠᠯ ᠢ ᠵᠢᠷᠤᠮᠯᠠᠨ᠎ᠠ᠃

      ᠳᠥᠴᠢᠨ ᠵᠢᠷᠭᠤᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠬᠤᠯᠪᠣᠭᠳᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠦᠨᠡᠨ ᠬᠦ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠣᠬᠢᠴᠠᠭᠤᠯᠤᠨ ᠰᠢᠢᠳᠪᠦᠷᠢᠯᠡᠭᠦᠯᠬᠦ ᠴᠢᠬᠤᠯᠠ ᠲᠠᠢ ᠪᠣᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃

      ᠲᠠᠪᠤᠳᠤᠭᠠᠷ ᠪᠦᠯᠦᠭ  ᠡᠳ᠋ ᠬᠥᠷᠥᠩᠭᠡ ᠶᠢ ᠦᠨᠡᠯᠡᠨ ᠵᠢᠱᠢᠬᠦ ᠪᠠ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ

      ᠳᠥᠴᠢᠨ ᠳᠣᠯᠣᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠢ ᠄

      ︵ᠨᠢᠭᠡ ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠦᠨ᠎ᠡ ᠬᠠᠶᠠᠵᠤ ᠬᠤᠳᠠᠯᠳᠤᠬᠤ᠂  ᠰᠣᠯᠢᠬᠤ᠂ ᠭᠠᠳᠠᠭᠰᠢ ᠪᠠᠨ ᠪᠡᠯᠡ ᠣᠷᠤᠭᠤᠯᠬᠤ ᠵᠡᠷᠭᠡ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ︔

      ︵ᠬᠤᠶᠠᠷ ︶ ᠠᠵᠢᠯ ᠦᠢᠯᠡᠰ ᠤᠨ ᠨᠢᠭᠡᠴᠢ ᠨᠢ ᠪᠦᠬᠦᠯᠢ ᠴᠣᠭᠴᠠ ᠪᠠᠷ ᠢᠶᠠᠨ ᠪᠤᠶᠤ ᠬᠡᠰᠡᠭ ᠨᠢ ᠪᠠᠶᠢᠭᠤᠯᠤᠯ ᠢᠶᠠᠨ ᠥᠭᠡᠷᠡᠴᠢᠯᠡᠨ ᠠᠵᠤ ᠠᠬᠤᠶᠢᠯᠠᠯ ᠪᠣᠯᠭᠠᠬᠤ ᠳᠤ ᠬᠤᠯᠪᠣᠭᠳᠠᠭᠰᠠᠨ᠂ ᠡᠰᠡᠬᠦᠯ᠎ᠡ ᠵᠣᠭᠤᠰᠤᠨ ᠤ ᠪᠤᠰᠤ ᠴᠢᠨᠠᠷᠲᠠᠢ ᠡᠳ᠋ ᠬᠥᠷᠥᠩᠭᠡ ᠪᠠᠷ ᠭᠠᠳᠠᠭᠰᠢ ᠪᠠᠨ ᠪᠡᠯᠡ  ᠣᠷᠤᠭᠤᠯᠬᠤ︔

      ︵ᠭᠤᠷᠪᠠ ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠬᠦ᠂ ᠰᠠᠯᠭᠠᠬᠤ᠂ ᠢᠯᠭᠠᠷᠠᠭᠤᠯᠵᠤ ᠪᠤᠳᠤᠬᠤ︔

      ︵ᠳᠥᠷᠪᠡ ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠴᠣᠭᠴᠠ ᠶᠢᠨ ᠪᠤᠶᠤ ᠬᠡᠰᠡᠭ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠪᠤᠰᠤ ᠨᠢᠭᠡᠴᠢ ᠳᠤ ᠲᠦᠷᠢᠶᠡᠰᠦᠯᠡᠨ ᠥᠭᠬᠦ︔

      ︵ᠲᠠᠪᠤ ︶ ᠵᠠᠷᠭᠤ ᠳᠤ ᠬᠤᠯᠪᠣᠭᠳᠠᠭᠰᠠᠨ ᠡᠳ᠋ ᠬᠥᠷᠥᠩᠭᠡ ᠶᠢᠨ ᠦᠷᠳᠡᠭ ᠢ ᠨᠢ ᠲᠣᠭᠲᠠᠭᠠᠬᠤ︔

      ︵ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠ ᠲᠠᠢ ᠪᠤᠰᠤᠳ ᠪᠠᠶᠢᠳᠠᠯ᠃

      ᠡᠳ᠋ ᠬᠥᠷᠥᠩᠭᠡ ᠶᠢ ᠦᠨᠡᠯᠡᠨ ᠵᠢᠱᠢᠬᠦ ᠳᠤ ᠪᠠᠨ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠬᠡᠮ ᠲᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠢ᠃

      ᠳᠥᠴᠢᠨ ᠨᠠᠢᠮᠠᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ ᠳᠠᠭᠠᠭᠠᠬᠤ᠂ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ ᠬᠡᠷᠡᠭᠲᠡᠢ᠃

      ᠳᠥᠴᠢ ᠶᠢᠰᠦᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ ᠪᠤᠳᠤᠭᠴᠢ ᠶᠢᠨ ᠨᠤᠲᠠᠯᠠᠯᠲᠠ ᠬᠢᠵᠦ ᠲᠠᠩᠰᠠᠨ ᠳᠤ ᠣᠷᠣᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ ᠦᠨᠳᠦᠰᠦᠯᠡᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ ᠪᠣᠯᠭᠠᠵᠤ ᠪᠣᠯᠣᠨ᠎ᠠ᠃

      ᠲᠠᠪᠢᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃

      ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢᠶᠠᠷ ᠬᠡᠷᠡᠭᠵᠢᠭᠦᠯᠬᠦ ᠲᠥᠷᠥᠯ ᠵᠦᠢᠯ ᠤᠨ ᠬᠡᠪᠴᠢᠶ᠎ᠡ ᠵᠡᠷᠭᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

      ᠲᠠᠪᠢᠨ ᠨᠢᠭᠡᠳᠦᠭᠡᠷ ᠵᠦᠢᠯ  ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠢ ᠄

      ︵ᠨᠢᠭᠡ ︶ ᠳᠡᠭᠡᠳᠦ ᠱᠠᠲᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔

      ︵ᠬᠤᠶᠠᠷ ︶ ᠴᠢᠬᠤᠯᠠ ᠶᠡᠭᠡ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔

      ︵ᠭᠤᠷᠪᠠ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠳ᠋ ᠬᠥᠷᠥᠩᠭᠡ ᠡᠪᠳᠡᠭᠳᠡᠨ ᠰᠦᠢᠳᠦᠭᠰᠡᠨ᠂ ᠤᠰᠠᠳᠤᠭᠰᠠᠨ︔

      ︵ᠳᠥᠷᠪᠡ ︶ ᠨᠢᠭᠲᠠᠯᠠᠨ ᠪᠤᠳᠤᠬᠤ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠶᠢᠷᠠᠭᠰᠠᠨ︔

      ︵ᠲᠠᠪᠤ ︶ ᠤᠯᠤᠰ ᠤᠨ ᠨᠢᠭᠲᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠬᠤᠯᠪᠣᠭᠳᠠᠬᠤ ᠴᠢᠬᠤᠯᠠ ᠬᠤᠪᠢᠷᠠᠯᠲᠠ ᠭᠠᠷᠤᠭᠰᠠᠨ︔

      ︵ᠵᠢᠷᠭᠤᠭ᠎ᠠ ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ᠃

      ᠲᠠᠪᠢᠨ ᠬᠤᠶᠠᠳᠤᠭᠠᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤ ᠲᠠᠩᠰᠠ ᠪᠠ ᠪᠣᠳᠠᠲᠠᠢ ᠨᠢ ᠨᠡᠶᠢᠴᠡᠬᠦ ᠦᠭᠡᠢ᠂ ᠲᠠᠩᠰᠠ ᠪᠠ ᠲᠠᠩᠰᠠ ᠨᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠯᠠᠵᠤ ᠲᠣᠳᠣᠷᠬᠠᠶᠢᠯᠠᠬᠤ ᠶᠢᠨ ᠬᠠᠮᠲᠤ ᠢᠯᠭᠠᠷᠠᠭᠤᠯᠤᠨ ᠪᠠᠶᠢᠴᠠᠭᠠᠭᠰᠠᠨ ᠳ᠋ᠦᠩ ᠲᠠᠢ ᠬᠠᠮᠲᠤ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠢᠨᠠᠨ ᠵᠥᠪᠰᠢᠶᠡᠷᠡᠭᠰᠡᠨ ᠳ᠋ᠦᠩ ᠢ ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ᠃

      ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠤ ᠡᠳ᠋ ᠬᠥᠷᠥᠩᠭᠡ ᠶᠢ ᠡᠪᠳᠡᠭᠳᠡᠨ ᠰᠦᠢᠳᠬᠡᠵᠦ᠂ ᠤᠰᠠᠳᠬᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

      ᠵᠢᠷᠭᠤᠳᠤᠭᠠᠷ ᠪᠦᠯᠦᠭ  ᠡᠳ᠋ ᠬᠥᠷᠥᠩᠭᠡ ᠶᠢᠨ ᠮᠡᠳᠡᠭᠦᠯᠦᠯᠲᠡ ᠬᠢᠭᠡᠳ ᠬᠢᠨᠠᠯᠲᠠ ᠬᠠᠮᠢᠶᠠᠷᠤᠯᠲᠠ

      ᠲᠠᠪᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃

      ᠲᠠᠪᠢᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠳᠤ ᠭᠤᠣᠯᠳᠠᠭᠤ ᠳᠣᠣᠷ᠎ᠠ ᠵᠢᠭᠰᠠᠭᠠᠭᠰᠠᠨ ᠠᠭᠤᠯᠭ᠎ᠠ ᠨᠤᠭᠤᠳ ᠪᠠᠭᠲᠠᠨ᠎ᠠ ᠄

      ︵ᠨᠢᠭᠡ ︶ ᠡᠳ᠋ ᠬᠥᠷᠥᠩᠭᠡ ᠥᠷᠢ ᠥᠭᠴᠡᠭᠡ ᠶᠢᠨ ᠶᠡᠷᠦᠩᠬᠡᠢ ᠬᠡᠮᠵᠢᠶᠡᠨ ᠤ ᠪᠠᠶᠢᠳᠠᠯ︔

      ︵ᠬᠤᠶᠠᠷ ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ︔

      ︵ᠭᠤᠷᠪᠠ ︶ ᠡᠳ᠋ ᠬᠥᠷᠥᠩᠭᠡ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ ᠠᠰᠢᠭ ᠤᠨ ᠪᠠᠶᠢᠳᠠᠯ︔

      ︵ᠳᠥᠷᠪᠡ ︶ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠭᠰᠡᠨ ᠪᠠᠶᠢᠳᠠᠯ︔

      ︵ᠲᠠᠪᠤ ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ᠂ ᠠᠵᠢᠯ ᠦᠢᠯᠡᠰ ᠤᠨ ᠬᠥᠭᠵᠢᠯᠲᠡ ᠪᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠠᠲᠤᠯᠠᠭᠰᠠᠨ ᠪᠠᠶᠢᠳᠠᠯ︔

      ︵ᠵᠢᠷᠭᠤᠭ᠎ᠠ ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ︔

      ︵ᠲᠤᠯᠤᠭ᠎ᠠ ︶ ᠮᠡᠳᠡᠭᠦᠯᠬᠦ ᠴᠢᠬᠤᠯᠠ ᠲᠠᠢ ᠪᠤᠰᠤᠳ ᠪᠠᠶᠢᠳᠠᠯ᠃

      ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃

      ᠲᠠᠪᠢᠨ ᠲᠠᠪᠤᠳᠤᠭᠠᠷ ᠵᠦᠢᠯ  ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠵᠢᠯ ᠪᠦᠷᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠢ᠃

      ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃

      ᠲᠠᠪᠢᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠣᠣᠷ᠎ᠠ ᠱᠠᠲᠤᠨ ᠤ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃

      ᠲᠠᠪᠢᠨ ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠵᠦ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠡᠳ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃

      ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠬᠦ ᠬᠡᠷᠡᠭᠲᠡᠢ᠃

      ᠲᠠᠪᠢᠨ ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠬᠢᠨᠠᠯᠲᠠ ᠲᠠᠯᠪᠢᠵᠤ ᠪᠠᠶᠢᠴᠠᠭᠠᠭᠰᠠᠨ ᠳ᠋ᠦᠩ ᠢᠶᠠᠨ ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃

      ᠲᠠᠪᠢ ᠶᠢᠰᠦᠳᠦᠭᠡᠷ ᠵᠦᠢᠯ  ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠤᠬᠤ ᠡᠷᠬᠡ ᠲᠠᠢ᠃ ᠢᠯᠡᠴᠢᠯᠡᠯᠲᠡ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ  ᠶᠢᠨ ᠬᠠᠮᠲᠤ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃

      ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠠ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃

      ᠳᠣᠯᠣᠳᠤᠭᠠᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ

      ᠵᠢᠷᠠᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃

      ᠵᠢᠷᠠᠨ ᠨᠢᠭᠡᠳᠦᠭᠡᠷ ᠵᠦᠢᠯ  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠲᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

      ᠨᠠᠢᠮᠠᠳᠤᠭᠠᠷ ᠪᠦᠯᠦᠭ  ᠳᠠᠭᠠᠯᠳᠤᠭᠤᠯᠤᠯ ᠳᠦᠷᠢᠮ

      ᠵᠢᠷᠠᠨ ᠬᠤᠶᠠᠳᠤᠭᠠᠷ ᠵᠦᠢᠯ  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠵᠠᠬᠢᠷᠴᠤ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

      ᠵᠢᠷᠠᠨ ᠭᠤᠷᠪᠠᠳᠤᠭᠠᠷ ᠵᠦᠢᠯ  ᠵᠣᠭᠤᠰᠤᠨ ᠤ ᠬᠡᠯᠪᠡᠷᠢ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

      ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠭᠠᠳᠠᠭᠰᠢ ᠪᠠᠨ ᠪᠡᠯᠡ ᠣᠷᠣᠭᠤᠯᠤᠭᠰᠠᠨ ᠪᠦᠷᠢᠨ ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠦᠭᠡᠢ᠃

      ᠵᠢᠷᠠᠨ ᠳᠥᠷᠪᠡᠳᠦᠭᠡᠷ ᠵᠦᠢᠯ  ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡᠯᠡᠭᠰᠡᠨ ᠡᠳ᠋ ᠪᠣᠳᠠᠰ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

      ᠵᠢᠷᠠᠨ ᠲᠠᠪᠤᠳᠤᠭᠠᠷ ᠵᠦᠢᠯ  ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳ᠋ᠦ᠋ᠭᠡᠷ ᠲᠣᠭᠠᠲᠤ ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

      2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ