︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︵ᠳᠣᠷᠣᠭᠰᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠭᠡᠵᠦ ᠲᠣᠪᠴᠢᠯᠠᠪᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠶᠢᠲᠡᠯᠡᠬᠦ ᠬᠠᠤᠯᠢ ᠪᠠᠷ ᠲᠣᠭᠲᠠᠭᠠᠭᠰᠠᠨ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠵᠠᠷᠯᠢᠭ ᠨᠡᠶᠢᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ ᠨᠡᠶᠢᠲᠡ ᠶᠢᠨ ᠴᠠᠭ ᠲᠤᠬᠠᠢ ᠳᠤ ᠨᠢ ᠯᠠᠪᠯᠠᠨ ᠦᠵᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠯᠠᠪᠯᠠᠨ ᠦᠵᠡᠬᠦ ᠠᠷᠭ᠎ᠠ ᠵᠠᠮ ᠢ ᠳᠣᠣᠷᠠᠬᠢ ᠮᠡᠲᠦ ᠵᠠᠷᠯᠠᠶ᠎ᠠ᠃
ᠨᠢᠭᠡ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ
ᠨᠡᠶᠢᠲᠡ ᠣᠯᠠᠨ ᠢᠶᠠᠷ ᠢᠶᠠᠨ ᠲᠣᠰ ᠭᠠᠵᠠᠷ ᠣᠷᠣᠨ ᠤ ᠪᠠᠨ ᠲᠠᠩᠰᠠ ᠡᠪᠬᠡᠮᠡᠯ ᠤᠨ ᠣᠷᠳᠣᠨ᠂ ᠨᠣᠮ ᠤᠨ ᠰᠠᠩ᠂ ᠵᠠᠰᠠᠭ ᠤᠨ ᠶᠠᠪᠤᠳᠠᠯ ︵ᠵᠠᠰᠠᠭ ᠵᠠᠬᠢᠷᠭᠠᠨ︶ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠲᠠᠯᠠᠪᠤᠷ ᠲᠤ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠯᠠᠪᠯᠠᠨ ᠦᠵᠡᠵᠦ ᠪᠣᠯᠣᠨ᠎ᠠ᠃
ᠬᠤᠶᠠᠷ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠲᠷᠣᠨ ᠬᠡᠪᠯᠡᠯ
ᠨᠡᠶᠢᠲᠡ ᠣᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ︾ ᠸᠢᠴᠠᠲ ᠤᠨ ᠨᠡᠶᠢᠲᠡ ᠶᠢᠨ ᠲᠠᠪᠴᠠᠩ ᠳᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠦ ᠬᠤᠷᠠᠯ ᠪᠠ ᠥᠪᠥᠷ ᠮᠣᠩᠭᠤᠯ ᠤᠨ ᠨᠣᠮ ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠶᠢᠨ ᠸᠢᠴᠠᠲ ᠤᠨ ᠨᠡᠶᠢᠲᠡ ᠶᠢᠨ ᠲᠠᠪᠴᠠᠩ ᠵᠢᠴᠢ ︽ᠮᠦᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠪᠧᠨ ᠲᠧᠩ ᠬᠠᠮ ᠵᠠᠭᠤᠴᠢᠯᠠᠭᠤᠷ︾ ᠵᠡᠷᠭᠡ APP ᠲᠠᠬᠢ ︽ᠵᠠᠰᠠᠭ ᠤᠨ ᠣᠷᠳᠣᠨ ᠤ ᠠᠯᠪᠠᠨ ᠮᠡᠳᠡᠭᠡ︾ ᠲᠤᠰᠬᠠᠢ ᠪᠤᠯᠤᠩ ᠢᠶᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭᠠᠵᠤ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠲᠷᠣᠨ ᠬᠡᠪᠯᠡᠯ ᠳᠤ ᠨᠡᠶᠢᠲᠡᠯᠡᠭᠰᠡᠨ ᠠᠭᠤᠯᠭ᠎ᠠ ᠶᠢ ᠪᠠᠭᠤᠯᠭᠠᠨ ᠳᠠᠷᠤᠮᠠᠯᠯᠠᠵᠤ ᠪᠣᠯᠣᠨ᠎ᠠ᠃
2024 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ
︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶