1 — 8 ᠳ᠋ᠤᠭᠠᠷ ᠰᠠᠷ᠎ᠠ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2024/9/25

      1 — 8 ᠳ᠋ᠤᠭᠠᠷ ᠰᠠᠷ᠎ᠠ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ ᠦᠷᠭᠦᠯᠵᠢᠯᠡᠨ ᠨᠡᠮᠡᠭᠳᠡᠪᠡ᠃ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠲᠤᠭ᠎ᠠ 1345.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 4.7 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠲᠤᠭ᠎ᠠ 538.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠲᠤᠭ᠎ᠠ 806.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠶᠢᠨ ᠲᠠᠯ᠎ᠠ ᠠᠴᠠ ᠠᠪᠴᠤ ᠦᠵᠡᠪᠡᠯ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠤ᠂ ᠲᠣᠰ ᠲᠣᠰ 294.4 ᠳ᠋ᠦᠩᠰᠢᠭᠤᠷ ᠲᠥᠭᠦᠷᠢᠭ᠂ 224.9 ᠳ᠋ᠦᠩᠰᠢᠭᠤᠷ ᠲᠥᠭᠦᠷᠢᠭ ᠪᠠ 184.3 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠨᠡᠮᠡᠭᠳᠡᠯ ᠤᠨ ᠬᠡᠮᠵᠢᠶ᠎ᠡ ᠠᠴᠠ ᠠᠪᠴᠦ ᠦᠵᠡᠪᠡᠯ᠂ ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ ᠶᠢᠨ ᠬᠤᠪᠢ ᠨᠡᠮᠡᠷᠢ ᠨᠡᠯᠢᠶᠡᠳ ᠶᠡᠭᠡ ᠪᠠᠶᠢᠵᠤ᠂ ᠲᠣᠰ ᠲᠣᠰ 39 ᠳ᠋ᠦᠩᠰᠢᠭᠤᠷ ᠲᠥᠭᠦᠷᠢᠭ᠂ 35 ᠳ᠋ᠦᠩᠰᠢᠭᠤᠷ ᠲᠥᠭᠦᠷᠢᠭ ᠪᠠ 30.8 ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠢᠩᠭᠠᠨ ᠠᠶᠢᠮᠠᠭ᠂ ᠠᠯᠠᠱᠠ ᠠᠶᠢᠮᠠᠭ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠲᠣᠰ ᠲᠣᠰ 283.6%᠂ 37.8%᠂ 31% ᠪᠠᠷ ᠨᠡᠮᠡᠭᠳᠡᠪᠡ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ