9 ᠳ᠋ᠦ᠋ᠭᠡᠷ ᠰᠠᠷ᠎ᠠ ᠶᠢᠨ 23 ᠤ ᠡᠳᠦᠷ᠂ ᠷᠦᠩ ᠱᠧᠩ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ 138.62 ᠳ᠋ᠦᠩᠰᠢᠭᠤᠷ ᠲᠥᠭᠦᠷᠢᠭ ᠢᠶᠠᠷ ᠵᠡᠭᠦᠨᠭᠠᠷ ᠤᠨ ᠳᠤᠮᠳᠠ ᠬᠡᠰᠡᠭ ᠲᠠᠬᠢ ᠠᠭᠤᠷᠬᠠᠶ ᠶᠢᠨ ᠲᠤᠭᠤᠷᠢᠭ ᠤᠨ ᠬᠠᠳᠠᠲᠤ ᠠᠭᠤᠷᠬᠠᠶ ᠶᠢᠨ ᠰᠠᠪᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠠᠶᠢᠨ ᠰᠢᠨᠵᠢᠬᠦ ᠡᠷᠬᠡ ᠶᠢ ᠥᠷᠢᠰᠦᠯᠳᠦᠨ ᠣᠯᠪᠠ᠃ 59.44 ᠺᠦᠸᠠᠳ᠋ ᠺᠢᠯᠣᠮᠧᠲᠷ ᠲᠠᠯᠠᠪᠠᠢ ᠲᠠᠢ ᠠᠭᠤᠷᠬᠠᠢ ᠶᠢᠨ ᠰᠠᠪᠠ ᠶᠢᠨ ᠡᠬᠢ ᠪᠠᠶᠠᠯᠢᠭ ᠤᠨ ᠬᠡᠮᠵᠢᠶ᠎ᠡ ᠨᠢ ᠪᠠᠷᠤᠭ 20 ᠳ᠋ᠦᠩᠰᠢᠭᠤᠷ ᠲᠣᠨ ᠪᠣᠯᠬᠤ ᠶᠢ ᠪᠠᠶᠢᠴᠠᠭᠠᠨ ᠲᠣᠳᠣᠯᠠᠵᠤ᠂ ᠵᠢᠯ ᠳᠤ 800 ᠲᠦᠮᠡᠨ ᠲᠣᠨ ᠦᠢᠯᠡᠳᠪᠦᠷᠢᠯᠡᠬᠦ ᠬᠡᠪᠴᠢᠶᠡᠵᠢᠯ ᠲᠠᠢ ᠪᠠᠶᠢᠯᠭᠠᠬᠤ ᠪᠠᠷ ᠲᠦᠯᠦᠪᠵᠢᠭᠦᠯᠵᠦ ᠪᠠᠶᠢᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠡᠭᠦᠨᠭᠠᠷ ᠬᠤᠰᠢᠭᠤᠨ ᠤ ᠵᠠᠰᠠᠭ ᠤᠨ ᠣᠷᠳᠣᠨ︶
9 ᠳ᠋ᠦ᠋ᠭᠡᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠠᠯᠠᠱᠠ ᠠᠶᠢᠮᠠᠭ ᠦᠬᠠᠶ ᠬᠤᠲᠠ ᠯᠤᠭ᠎ᠠ ᠤᠯᠠᠭᠠᠨᠪᠤᠬ᠎ᠠ ᠶᠢᠨ ᠦᠬᠠᠶ ᠨᠠᠭᠤᠷ ᠤᠨ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ︵ᠦᠬᠠᠢ ᠬᠤᠳᠠ ᠶᠢᠨ ᠵᠠᠰᠠᠭ ᠤᠨ ᠤᠷᠳᠤᠨ᠂ ᠠᠯᠠᠱᠠ ᠠᠶᠢᠮᠠᠭ ᠤᠨ ᠵᠠᠬᠢᠷᠭ᠎ᠠ︶
ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠠᠬᠢᠷ ᠬᠦᠢᠲᠡᠨ ᠭᠠᠵᠠᠷ ᠣᠷᠣᠨ ᠢᠶᠠᠷ ᠵᠢᠯ ᠳᠤ ᠬᠤᠶᠠᠷ ᠤᠳᠠᠭ᠎ᠠ ᠬᠤᠷᠢᠶᠠᠬᠤ ᠨᠣᠬᠠᠢ ᠶᠢᠨ ᠬᠤᠰᠢᠭᠤ ᠶᠢ ᠲᠤᠷᠰᠢᠨ ᠲᠠᠷᠢᠭᠠᠳ ᠠᠮᠵᠢᠯᠲᠠ ᠣᠯᠵᠤ᠂ ᠪᠦᠬᠦ ᠣᠷᠣᠨ ᠳᠠᠬᠢ ᠠᠳᠠᠯᠢ ᠥᠷᠭᠡᠷᠢᠭᠲᠦ ᠬᠠᠬᠢᠷ ᠬᠦᠢᠲᠡᠨ ᠭᠠᠵᠠᠷ ᠣᠷᠣᠨ ᠢᠶᠠᠷ ᠨᠣᠬᠠᠢ ᠶᠢᠨ ᠬᠤᠰᠢᠭᠤ ᠶᠢ ᠵᠢᠯ ᠳᠤ ᠬᠤᠶᠠᠷ ᠤᠳᠠᠭ᠎ᠠ ᠬᠤᠷᠢᠶᠠᠬᠤ ᠠᠩᠬᠠᠳᠠᠭᠴᠢ ᠭᠠᠵᠠᠷ ᠣᠷᠣᠨ ᠪᠣᠯᠣᠭᠰᠠᠨ ᠪᠠᠶᠢᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶
ᠣᠳᠣᠬᠠᠨ ᠪᠣᠯᠲᠠᠯ᠎ᠠ᠂ ᠮᠧᠩ ᠱᠠᠩ ᠪᠠᠩᠬᠢ ᠶᠢᠨ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ ᠦᠯᠡᠳᠡᠪᠦᠷᠢ 103 ᠳ᠋ᠦᠩᠰᠢᠭᠤᠷ ᠲᠥᠭᠦᠷᠢᠭ ᠪᠠᠶᠢᠵᠤ᠂ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠳᠤ 160 ᠲᠦᠮᠡ ᠭᠠᠷᠤᠶ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠪᠠ᠃ ︵ᠮᠧᠩ ᠱᠠᠩ ᠪᠠᠩᠬᠢ︶