ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠤ ᠠᠵᠤ ᠦᠢᠯᠡᠳᠪᠦᠷᠢ ᠪᠠᠷᠤᠭ ᠶᠠᠳᠠᠭᠤ ᠬᠤᠭᠤᠰᠤᠨ ᠪᠠᠶᠢᠭᠰᠠᠨ ᠰᠠᠭᠤᠷᠢᠨ ᠳᠡᠭᠡᠷ᠎ᠡ᠂ ᠲᠦᠷᠦᠯ ᠵᠦᠢᠯ ᠨᠢ ᠪᠦᠷᠢᠨ ᠭᠦᠢᠴᠡᠳ᠂ ᠳᠠᠪᠠᠭᠤᠯᠢᠭ ᠣᠨᠴᠠᠯᠢᠭ ᠨᠢ ᠢᠯᠡ ᠲᠣᠳᠣ᠂ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠭᠰᠡᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠯᠡᠨ ᠠᠬᠢᠭᠤᠯᠵᠤ᠂ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠴᠢᠷᠮᠠᠶᠢᠨ ᠪᠦᠳᠦᠭᠡᠨ ᠪᠠᠶᠢᠭᠤᠯᠵᠤ᠂ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠬᠤ ᠴᠢᠳᠠᠪᠤᠷᠢ ᠪᠦᠲᠦᠮᠵᠢᠲᠡᠢ ᠳᠡᠭᠡᠭᠰᠢᠯᠡᠵᠦ᠂ ᠦᠪᠦᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃
ᠨᠢᠭᠡ᠂ ᠬᠡᠪᠴᠢᠶᠡᠵᠢᠯ ᠤᠨ ᠶᠡᠷᠦᠩᠬᠡᠶ ᠬᠡᠮᠵᠢᠶ᠎ᠡ ᠡᠳᠦᠷ ᠢᠷᠡᠬᠦᠶ᠎ᠡ ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ
︵ᠨᠢᠭᠡ︶ ᠣᠯᠠᠨ ᠲᠥᠷᠥᠯ ᠤᠨ ᠠᠵᠤ ᠠᠬᠤᠢ ᠶᠢᠨ ᠬᠡᠯᠪᠡᠷᠢ ᠥᠷᠨᠢᠨ ᠬᠥᠭᠵᠢᠵᠦ᠂ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠣᠨᠴᠠᠭᠠᠶᠢᠯᠠᠨ ᠥᠭᠡᠷᠡᠴᠢᠯᠡᠯᠲᠡ ᠨᠡᠭᠡᠭᠡᠯᠲᠡ ᠶᠢᠨ ᠲᠠᠰᠤᠷᠠᠯᠲᠠ ᠤᠢᠭᠡᠢ ᠭᠦᠨᠵᠡᠭᠡᠶᠢᠷᠡᠬᠦ ᠶᠢ ᠳᠠᠭᠠᠯᠳᠤᠨ᠂ ᠪᠦᠬᠦ ᠣᠷᠣᠨ ᠳᠤ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ ᠦᠶ᠎ᠡ ᠶᠢᠨ ᠤᠯᠤᠰ ᠤᠨ ᠥᠮᠴᠢᠯᠡᠯᠲᠦ ᠪᠠ ᠬᠠᠮᠲᠤ ᠨᠡᠶᠢᠲᠡ ᠬᠤᠶᠠᠷ ᠵᠦᠢᠯ ᠤᠨ ᠠᠵᠤ ᠠᠬᠤᠶ ᠶᠢᠨ ᠬᠡᠯᠪᠡᠷᠢ ᠪᠠᠶᠢᠭᠰᠠᠨ ᠠᠴᠠ ᠨᠡᠶᠢᠲᠡ ᠶᠢᠨ ᠥᠮᠴᠢᠯᠡᠯᠲᠦ ᠠᠵᠤ ᠦᠢᠯᠡᠳᠪᠦᠷᠢ ᠪᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠥᠮᠴᠢᠯᠡᠯᠲᠦ᠂ ᠬᠠᠮᠲᠤ ᠨᠡᠶᠢᠲᠡ᠂ ᠬᠤᠪᠢ ᠶᠢᠨ ᠡᠵᠡᠩᠨᠡᠯᠲᠡ ᠵᠡᠷᠭᠡ ᠠᠵᠤ ᠠᠬᠤᠶ ᠶᠢᠨ ᠬᠡᠯᠪᠡᠷᠢ ᠵᠡᠷᠭᠡᠴᠡᠨ ᠣᠷᠣᠰᠢᠭᠰᠠᠨ ᠥᠮᠴᠢᠯᠡᠯ ᠤᠨ ᠳᠦᠷᠢᠮ ᠤᠨ ᠪᠦᠲᠦᠴᠡ ᠪᠣᠯᠵᠤ ᠬᠦᠭᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠠᠵᠤ ᠦᠢᠯᠡᠳᠪᠦᠷᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠪᠠ᠃ 2023 ᠣᠨ ᠤ ᠡᠴᠦᠰ ᠢᠶᠠᠷ ᠪᠥᠬᠦ ᠣᠷᠣᠨ ᠤ ᠡᠯ᠎ᠡ ᠲᠥᠷᠥᠯ ᠤᠨ ᠠᠵᠤ ᠠᠬᠤᠶ ᠶᠢᠨ ᠪᠦᠷᠢᠯᠳᠦᠬᠦᠨ ᠲᠠᠢ ᠠᠵᠤ ᠦᠢᠯᠡᠳᠪᠦᠷᠢ ᠶᠢᠨ ᠬᠠᠤᠯᠢ ᠶᠢᠨ ᠬᠦᠮᠦᠨ ᠤ ᠶᠡᠷᠦᠩᠬᠡᠶ ᠲᠤᠭ᠎ᠠ 45018 ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 3779 ᠪᠣᠯᠪᠠ᠃ ᠡᠭᠦᠨ ᠤ ᠳᠣᠲᠣᠷ᠎ᠠ ᠦᠢᠯᠡᠳᠬᠦᠨ ᠤ ᠥᠷᠲᠡᠭ ᠨᠢ ︽ᠵᠠᠭᠤᠨ ᠳ᠋ᠦᠩᠰᠢᠭᠤᠷ︾ ᠠᠴᠠ ᠳᠡᠭᠡᠭᠰᠢᠬᠢ ᠠᠵᠤ ᠠᠬᠤᠶᠢᠯᠠᠯ 34 ᠡᠷᠦᠬᠡ ᠪᠠᠶᠢᠵᠤ᠂ ᠦᠢᠯᠡᠳᠬᠦᠨ ᠤ ᠥᠷᠲᠡᠭ ᠨᠢ ︽ᠠᠷᠪᠠᠨ ᠳ᠋ᠦᠩᠰᠢᠭᠤᠷ︾ ᠠᠴᠠ ᠳᠡᠭᠡᠭᠰᠢᠬᠢ ᠠᠵᠤ ᠠᠬᠤᠶᠢᠯᠠᠯ 513 ᠡᠷᠦᠬᠡ ᠪᠣᠯᠤᠭᠰᠠᠨ ᠪᠠᠶᠢᠨ᠎ᠠ᠃

︵ᠬᠤᠶᠠᠷ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠳᠲᠡᠷ ᠲᠦᠷᠭᠡᠨ ᠬᠥᠭᠵᠢᠵᠦ᠂ ᠶᠡᠷᠦᠩᠬᠡᠢ ᠬᠡᠮᠵᠢᠶᠡᠨ ᠤ ᠬᠡᠪᠴᠢᠶᠡᠵᠢᠯ ᠦᠷᠭᠦᠯᠵᠢᠯᠡᠨ ᠳᠡᠭᠡᠭᠰᠢᠯᠡᠪᠡ᠃ 1949 ᠣᠨ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠥᠪᠬᠡᠨ 0.5 ᠳ᠋ᠦᠩᠰᠢᠭᠤᠷ ᠲᠥᠭᠦᠷᠢᠭ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠤ ᠠᠵᠤ ᠦᠢᠯᠡᠳᠪᠦᠷᠢ ᠯᠤᠲᠤ ᠶᠡᠭᠡ ᠠᠮᠢᠯᠠᠯ ᠤᠨ ᠪᠠ ᠠᠮᠢᠵᠢᠷᠠᠯ ᠤᠨ ᠬᠦᠴᠦᠨ ᠢᠶᠠᠷ ᠪᠠᠳᠠᠷᠠᠵᠤ᠂ ᠠᠵᠤ ᠠᠬᠤᠶ ᠶᠢᠨ ᠬᠡᠪᠴᠢᠶᠡᠵᠢᠯ ᠦᠳᠲᠡᠷ ᠲᠦᠷᠭᠡᠨ ᠪᠤᠵᠠᠭᠠᠶᠢᠷᠠᠪᠠ᠃ 1992 ᠣᠨ ᠳᠤ ᠪᠦᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 100 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠵᠤ᠂ 2005 ᠣᠨ ᠳᠤ 1000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠵᠤ᠂ 2018 ᠣᠨ ᠳᠤ 5000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠵᠤ᠂ 2023 ᠣᠨ ᠪᠣᠯᠬᠤ ᠳᠤ ᠨᠡᠮᠡᠭᠳᠡᠭᠡᠳ ᠪᠠᠷᠤᠭ ᠳ᠋ᠦᠩᠰᠢᠭᠤᠷ ᠲᠥᠭᠦᠷᠢᠭ ᠪᠣᠯᠪᠠ᠃ ᠣᠨᠴᠠᠭᠠᠶᠢᠯᠠᠨ 21 ᠳ᠋ᠦ᠋ᠭᠡᠷ ᠵᠠᠭᠤᠨ ᠪᠣᠯᠬᠤ ᠳᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠬᠤᠷᠳᠤᠴᠠ ᠪᠠᠨ ᠲᠦᠷᠭᠡᠳᠬᠡᠪᠡ᠃ 2002 ᠣᠨ ᠠᠴᠠ 2009 ᠣᠨ ᠪᠣᠯᠲᠠᠯ᠎ᠠ᠂ 2002 ᠣᠨ ᠪᠠ 2007 ᠣᠨ ᠢ ᠭᠠᠷᠭᠠᠪᠠᠯ ᠪᠦᠬᠦ ᠣᠷᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠪᠦᠬᠦ ᠤᠯᠤᠰ ᠤᠨ 31 ᠮᠤᠵᠢ ᠣᠷᠣᠨ ᠬᠤᠲᠠ ᠶᠢᠨ ᠬᠡᠪᠴᠢᠶᠡᠨ ᠳᠠᠬᠢ ᠨᠡᠮᠡᠭᠳᠡᠯ ᠤᠨ ᠬᠤᠷᠳᠤᠴᠠ ᠨᠢ 2 ᠳ᠋ᠤᠭᠠᠷ ᠲᠤ ᠵᠢᠭᠰᠠᠭᠠᠭᠳᠠᠭᠰᠠᠨ ᠠᠴᠠ ᠭᠠᠳᠠᠨ᠎ᠠ᠂ ᠪᠤᠰᠤᠳ 6 ᠵᠢᠯ ᠤᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠤᠯᠤᠰ ᠤᠨ ᠲᠡᠷᠢᠭᠦᠨ ᠪᠠᠶᠢᠷᠢᠨ ᠳᠤ ᠣᠷᠣᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠠᠵᠤ ᠦᠢᠯᠡᠳᠪᠦᠷᠢᠵᠢᠯᠲᠡ ᠶᠢᠨ ᠠᠬᠢᠴᠠ ᠲᠣᠭᠲᠠᠭᠤᠨ ᠢᠶᠠᠷ ᠭᠦᠨᠵᠡᠭᠡᠶᠢᠷᠡᠨ ᠬᠥᠭᠵᠢᠵᠦ᠂ ᠬᠤᠪᠢᠷᠠᠯᠲᠠ ᠦᠭᠡᠢ ᠦᠨ᠎ᠡ ᠪᠠᠷ ᠪᠤᠳᠤᠪᠠᠯ᠂ 2023 ᠣᠨ ᠤ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2012 ᠣᠨ ᠤ ᠬᠢ ᠠᠴᠠ 2.8 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 9.7% ᠨᠡᠮᠡᠭᠳᠡᠪᠡ᠂ ᠤᠯᠤᠰ ᠠᠷᠠᠳ ᠤᠨ ᠠᠵᠤ ᠠᠬᠤᠶ ᠳᠤ ᠡᠵᠡᠯᠡᠬᠦ ᠬᠤᠪᠢ ᠶᠢᠨ ᠵᠢᠩ ᠨᠢ ᠠᠷᠪᠠᠨ ᠵᠢᠯ ᠳᠠᠷᠠᠭᠠᠯᠠᠨ 30% ᠠᠴᠠ ᠳᠡᠭᠡᠭᠰᠢ ᠪᠠᠶᠢᠬᠤ ᠶᠢ ᠪᠠᠲᠤᠯᠠᠵᠤ᠂ 2022 ᠣᠨ ᠠᠴᠠ ᠡᠬᠢᠯᠡᠨ ᠡᠵᠡᠯᠡᠬᠦ ᠬᠤᠪᠢ ᠶᠢᠨ ᠵᠢᠩ ᠨᠢ ᠳᠡᠭᠡᠭᠰᠢᠯᠡᠭᠡᠳ 40% ᠠᠴᠠ ᠳᠡᠭᠡᠭᠰᠢ ᠪᠠᠶᠢᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
︵ᠭᠤᠷᠪᠠ︶ ᠦᠢᠯᠡᠳᠪᠦᠷᠢᠯᠡᠬᠦ ᠴᠢᠳᠠᠪᠤᠷᠢ ᠥᠳᠲᠡᠷ ᠲᠦᠷᠭᠡᠨ ᠨᠡᠮᠡᠭᠳᠡᠵᠦ᠂ ᠡᠨᠧᠷᠭᠢ ᠶᠢᠨ ᠦᠢᠯᠡᠳᠭᠦᠨ ᠤ ᠭᠠᠷᠤᠯᠲᠠ ᠪᠦᠬᠦ ᠣᠯᠣᠰ ᠤᠨ ᠲᠡᠷᠢᠭᠦᠨ ᠤ ᠡᠩᠨᠡᠭᠡᠨ ᠳᠤ ᠣᠷᠣᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠡ᠂ ᠮᠠᠨ ᠤ ᠣᠷᠣᠨ ᠤ ᠠᠵᠤ ᠦᠢᠯᠡᠳᠪᠦᠷᠢ ᠬᠠᠷᠢᠴᠠᠩᠭᠤᠶ ᠬᠤᠴᠣᠷᠤᠩᠭᠤᠶ ᠪᠠᠶᠢᠵᠤ᠂ ᠦᠢᠯᠡᠳᠪᠦᠷᠢᠯᠡᠯ ᠤᠨ ᠬᠡᠪᠴᠢᠶᠡᠵᠢᠯ ᠪᠠ ᠴᠢᠳᠠᠪᠤᠷᠢ ᠨᠡᠯᠢᠶᠡᠳ ᠳᠣᠤᠷ᠎ᠠ ᠪᠠᠶᠢᠪᠠ᠃ 75 ᠵᠢᠯ ᠢ ᠦᠩᠭᠡᠷᠡᠭᠡᠭᠡᠳ ᠣᠨᠴᠠᠭᠠᠶᠢᠯᠠᠨ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢᠬᠢ ᠲᠦᠷᠭᠡᠨ ᠬᠥᠭᠵᠢᠯᠲᠡ ᠶᠢ ᠳᠠᠮᠵᠢᠭᠠᠳ᠂ ᠮᠠᠨ ᠤ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠦᠳᠲᠡᠷ ᠲᠦᠷᠭᠡᠨ ᠨᠡᠮᠡᠭᠳᠡᠵᠦ᠂ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠪᠠ᠃ ᠡᠭᠦᠨ ᠳᠤ᠂ ᠲᠦᠭᠦᠬᠡᠶ ᠨᠡᠭᠦᠷᠡᠰᠦ᠂ ᠴᠠᠬᠢᠯᠭᠠᠨ ᠭᠠᠷᠭᠠᠭᠰᠠᠨ ᠬᠡᠮᠵᠢᠶ᠎ᠡ᠂ ᠬᠡᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠲᠣᠰ ᠲᠣᠰ ᠪᠥᠬᠦ ᠤᠯᠤᠰ ᠤᠨ ᠬᠤᠶᠠᠳᠤᠭᠠᠷ᠂ ᠨᠢᠭᠡᠳᠦᠭᠡᠷ᠂ ᠬᠤᠶᠠᠳᠤᠭᠠᠷ᠂ ᠳᠥᠷᠪᠡᠳᠦᠭᠡᠷ ᠪᠠ ᠨᠢᠭᠡᠳᠦᠭᠡᠷ ᠲᠤ ᠵᠢᠭᠰᠠᠭᠠᠭᠳᠠᠪᠠ᠃ 2023 ᠣᠨ ᠳᠤ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ 12.34 ᠳ᠋ᠦᠩᠰᠢᠭᠤᠷ ᠲᠣᠨ ᠳᠤ ᠬᠦᠷᠴᠦ᠂ 1949 ᠣᠨ ᠤ 2681.9 ᠳᠠᠬᠢᠨ ᠪᠠᠶᠢᠵᠤ᠂ ᠵᠢᠯ ᠪᠦᠷᠢ ᠳᠤᠮᠳᠠᠴᠢ ᠪᠠᠷ 11.3% ᠨᠡᠮᠡᠭᠳᠡᠨ᠂ ᠣᠨᠴᠠᠭᠠᠶᠢᠯᠠᠨ 2002 ᠣᠨ ᠳᠤ ᠭᠠᠷᠤᠯᠲᠠ ᠶᠢᠨ ᠬᠡᠮᠵᠢᠶ᠎ᠡ ᠨᠢ ᠳ᠋ᠦᠩᠰᠢᠭᠤᠷ ᠲᠣᠨ ᠢ ᠳᠠᠪᠠᠭᠰᠠᠨ ᠠᠴᠠ ᠰᠡᠭᠦᠯᠡᠷ᠂ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠤᠨ ᠠᠯᠬᠤᠴᠠ ᠲᠦᠷᠭᠡᠳᠴᠦ᠂ ᠪᠥᠬᠦ ᠤᠯᠤᠰ ᠤᠨ ᠭᠠᠷᠤᠯᠲᠠ ᠶᠢᠨ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 2002 ᠣᠨ ᠳᠤ 7.4% ᠪᠠᠶᠢᠭᠰᠠᠨ ᠠᠴᠠ 2023 ᠣᠨ ᠳᠤ 26.2% ᠪᠣᠯᠵᠤ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠠᠬᠢᠯᠭᠠᠨ ᠬᠦᠴᠦᠨ ᠤ ᠬᠥᠭᠵᠢᠯᠲᠡ ᠶᠢᠨ ᠬᠠᠨᠳᠤᠰᠢ ᠮᠠᠰᠢ ᠲᠦᠷᠭᠡᠨ ᠪᠠᠶᠢᠪᠠ᠃ 2023 ᠣᠨ ᠳᠤ᠂ ᠶᠡᠷᠦᠩᠬᠡᠢ ᠴᠠᠬᠢᠯᠭᠠᠨ ᠭᠠᠷᠭᠠᠭᠰᠠᠨ ᠬᠡᠮᠵᠢᠶ᠎ᠡ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ᠂ ᠢᠯᠴᠢ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠵᠡᠷᠭᠡ ᠣᠯᠠᠨ ᠵᠦᠢᠯ ᠤᠨ ᠭᠦᠢᠴᠡᠳᠬᠡᠯ ᠲᠤᠭ᠎ᠠ ᠨᠢ ᠴᠥᠮ ᠪᠥᠬᠦ ᠤᠯᠤᠰ ᠤᠨ ᠲᠡᠷᠢᠭᠦᠨ ᠳᠤ ᠵᠢᠭᠰᠠᠭᠠᠭᠳᠠᠪᠠ᠃ 2023 ᠣᠨ ᠳᠤ᠂ ᠮᠠᠨ ᠤ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ 7629.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 1949 ᠣᠨ ᠤ 6.4 ᠲᠦᠮᠡᠨ ᠳᠠᠬᠢᠨ ᠪᠠᠶᠢᠵᠣ᠂ ᠵᠢᠯ ᠪᠦᠷᠢ ᠳᠤᠮᠳᠠᠴᠢ ᠪᠠᠷ 16.1% ᠨᠡᠮᠡᠭᠳᠡᠪᠡ᠃
ᠬᠤᠶᠠᠷ᠂ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠪᠠᠲᠤ ᠪᠠᠬᠢ ᠪᠠᠶᠢᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠦᠭᠰᠡᠨ ᠦᠷ᠎ᠡ ᠪᠦᠲᠦᠮᠵᠢ ᠢᠯᠡᠳᠲᠡ ᠪᠣᠯᠪᠠ
︵ᠨᠢᠭᠡ︶ ᠠᠵᠤ ᠦᠢᠯᠡᠳᠪᠦᠷᠢ ᠶᠢᠨ ᠲᠣᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠵᠦ᠂ ᠬᠥᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠠᠵᠤ ᠦᠢᠯᠡᠳᠪᠦᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ ᠠᠬᠢᠭᠤᠯᠵᠤ᠂ ᠨᠡᠭᠦᠷᠡᠰᠦ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠣᠯᠣᠳ ᠲᠡᠮᠦᠷ᠂ ᠴᠢᠯᠠᠭᠤᠨ ᠲᠣᠰᠣ ᠪᠣᠯᠪᠠᠰᠤᠷᠠᠭᠤᠯᠬᠤ᠂ ᠢᠳᠡᠭᠡᠨ ᠤ ᠵᠦᠢᠯ᠂ ᠡᠮ ᠡᠮᠨᠡᠯᠭᠡ᠂ ᠮᠠᠰᠢᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠳ ᠲᠠᠰᠤᠷᠠᠯᠲᠠ ᠤᠢᠭᠡᠢ ᠬᠥᠭᠵᠢᠨ ᠪᠤᠵᠠᠭᠠᠶᠢᠷᠠᠵᠤ᠂ ᠴᠠᠬᠢᠯᠭᠠᠨ ᠬᠡᠷᠡᠭᠰᠡᠯ ᠤᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠠᠵᠢᠯ ᠲᠥᠷᠥᠯ ᠪᠠᠶᠢᠬᠤ ᠦᠭᠡᠶ ᠪᠠᠶᠢᠭᠰᠠᠨ ᠠᠴᠠ ᠪᠠᠨ ᠪᠠᠶᠢᠬᠤ ᠪᠣᠯᠵᠤ ᠦᠳᠲᠡᠷ ᠲᠦᠷᠭᠡᠨ ᠬᠥᠭᠵᠢᠨ ᠴᠡᠴᠡᠭᠯᠡᠪᠡ᠃ ᠣᠳᠣᠬᠠᠨ ᠳᠤ ᠪᠦᠬᠦ ᠣᠷᠣᠨ ᠳᠤ ᠨᠢᠭᠡᠨᠲᠡ 37 ᠠᠵᠤ ᠦᠢᠯᠡᠳᠪᠦᠷᠢ ᠶᠢᠨ ᠶᠡᠭᠡ ᠲᠥᠷᠥᠯ᠂ 141 ᠳᠤᠮᠳᠠ ᠲᠥᠷᠥᠯ᠂ 292 ᠪᠠᠭ᠎ᠠ ᠲᠥᠷᠥᠯ ᠲᠠᠢ ᠪᠣᠯᠵᠤ᠂ ᠨᠢᠭᠡ ᠠᠵᠢᠯ ᠲᠥᠷᠥᠯ ᠳᠤ ᠠᠪᠴᠤ ᠬᠡᠯᠡᠪᠡᠯ ᠨᠡᠯᠢᠶᠡᠳ ᠪᠦᠷᠢᠨ ᠭᠦᠢᠴᠡᠳ᠂ ᠮᠡᠷᠭᠡᠵᠢᠯ ᠤᠨ ᠬᠢᠷᠢ ᠬᠡᠮᠵᠢᠶ᠎ᠡ ᠪᠠᠷ ᠨᠡᠯᠢᠶᠡᠳ ᠰᠠᠶᠢᠨ ᠪᠠᠶᠢᠬᠤ ᠣᠳᠣ ᠦᠶ᠎ᠡ ᠶᠢᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠠᠭ ᠲᠦᠷᠭᠡᠨ ᠪᠤᠶ ᠪᠣᠯᠵᠤ ᠪᠠᠶᠢᠨ᠎ᠠ᠃

︵ᠬᠤᠶᠠᠷ︶ ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠢᠶᠠᠨ ᠬᠦᠭᠵᠢᠭᠡᠵᠦ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠦᠨᠵᠡᠭᠡᠶᠢᠷᠡᠨ ᠠᠬᠢᠬᠤ ᠶᠢ ᠲᠠᠭᠠᠯᠳᠤᠨ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠪᠠ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ︽ᠬᠤᠣᠰ ᠠᠷᠭ᠎ᠠ ᠶᠢ ᠵᠡᠷᠭᠡ ᠪᠠᠷ ᠬᠡᠷᠡᠭᠯᠡᠨ︾᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠪᠥᠬᠦ ᠣᠷᠣᠨ ᠤ ᠥᠩᠭᠡᠲᠦ ᠲᠡᠮᠦᠷᠯᠢᠭ ᠪᠣᠯᠪᠠᠰᠤᠷᠠᠭᠤᠯᠬᠤ ᠬᠡᠯᠬᠢᠶ᠎ᠡ ᠶᠢ ᠬᠥᠩᠭᠡᠨᠴᠠᠭᠠᠨ ᠢᠯᠲᠠᠰᠤ᠂ ᠴᠠᠶᠢᠷ ᠤᠨ ᠬᠠᠪᠲᠠᠰᠤ ᠵᠡᠷᠭᠡ ᠦᠵᠦᠭᠦᠷ ᠤᠨ ᠦᠢᠯᠡᠳᠬᠦᠨ ᠬᠦᠷᠲᠡᠯ᠎ᠡ ᠤᠷᠲᠤᠳᠬᠠᠵᠤ᠂ ᠮᠡᠷᠭᠡᠵᠢᠯ ᠤᠨ ᠳᠠᠪᠰᠢᠯᠲᠠ ᠶᠢ ᠦᠷᠭᠦᠯᠵᠢᠯᠡᠨ ᠠᠬᠢᠭᠤᠯᠪᠠ︔ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠨᠢ ᠨᠢᠭᠡᠨᠲᠡ ᠮᠧᠬᠠᠨᠢᠭ᠂ ᠠᠭᠤᠷᠬᠠᠶ ᠶᠢᠨ ᠮᠠᠰᠢᠨ ᠮᠧᠬᠠᠨᠢᠭ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ᠂ ᠬᠦᠨᠳᠦ ᠬᠡᠯᠪᠡᠷᠢ ᠶᠢᠨ ᠪᠠᠷᠠᠭᠠᠨ ᠤ ᠲᠡᠷᠭᠡ ᠦᠢᠯᠡᠳᠬᠦ ᠣᠯᠠᠨ ᠡᠰᠢᠴᠢᠯᠡᠭᠰᠡᠨ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠪᠡ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠢᠯ ᠲᠥᠷᠥᠯ ᠤᠨ ᠬᠢᠨ ᠰᠦᠨ ᠲᠠᠯᠬ᠎ᠠ᠂ ᠤᠰᠤ ᠥᠬᠡᠶᠢᠳᠡᠭᠦᠯᠦᠭᠰᠡᠨ ᠨᠣᠭᠤᠭ᠎ᠠ᠂ ᠦᠬᠡᠷ ᠤᠨ ᠪᠣᠷᠴᠠ ᠵᠡᠷᠭᠡ ᠣᠨᠴᠠᠯᠢᠭᠲᠤ ᠪᠦᠲᠦᠭᠡᠭᠳᠡᠬᠦᠨ ᠢᠶᠠᠨ ᠳᠡᠯᠡᠬᠡᠶ ᠳ᠋ᠠᠬᠢᠨ ᠳᠤ ᠲᠠᠨᠢᠭᠤᠯᠵᠤ᠂ ᠢ ᠯᠢ ᠪᠦᠯᠦᠭᠯᠡᠯ ᠨᠢ ︽ᠪᠥᠬᠦ ᠪᠥᠮᠪᠥᠷᠴᠡᠭ ᠤᠨ ᠰᠦᠨ ᠤ ᠦᠢᠯᠡᠰ ᠤᠨ ᠠᠷᠪᠠᠨ ᠬᠦᠴᠦᠷᠬᠡᠭ︾ ᠤᠨ ᠡᠩᠨᠡᠭᠡᠨ ᠳᠤ ᠵᠢᠭᠰᠠᠭᠠᠭᠳᠠᠪᠠ︔ ᠨᠡᠭᠦᠷᠡᠰᠦ ᠪᠣᠯᠪᠠᠰᠤᠷᠠᠭᠤᠯᠤᠯᠲᠠ ᠳᠤ ᠳᠥᠭᠦᠮᠬᠡᠨ ᠢᠶᠠᠷ ᠨᠡᠭᠦᠷᠡᠰᠦ ᠬᠡᠦᠷᠰᠢᠭᠦᠯᠵᠦ ᠪᠠᠶᠢᠭᠰᠠᠨ ᠠᠴᠠ ᠨᠡᠭᠦᠷᠡᠰᠦ ᠪᠠᠷ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠬᠡᠢ ᠪᠣᠯᠪᠠᠰᠤᠷᠠᠭᠤᠯᠬᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠪᠣᠯᠪᠠᠰᠤᠷᠠᠭᠤᠯᠬᠤ ᠪᠠ ᠨᠡᠭᠦᠷᠡᠰᠦ ᠪᠠᠷ ᠠᠯᠺᠧᠨ ᠪᠣᠯᠪᠠᠰᠤᠷᠠᠭᠤᠯᠬᠤ ᠵᠡᠷᠭᠡ ᠪᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠡᠶᠢᠰᠢ ᠤᠷᠲᠤᠳᠬᠠᠨ᠂ 2023 ᠣᠨ ᠤ ᠪᠥᠬᠦ ᠣᠷᠣᠨ ᠤ ᠨᠡᠭᠦᠷᠡᠰᠦ ᠪᠠᠷ ᠠᠯᠺᠧᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ 350 ᠲᠦᠮᠡᠨ ᠲᠣᠨ ᠢ ᠳᠠᠪᠠᠪᠠ︔ ᠭᠡᠷᠡᠯᠴᠢ ᠴᠡᠨᠡᠭ ᠤᠨ ᠦᠢᠯᠡᠳᠪᠦᠷᠢᠯᠡᠬᠦ ᠴᠢᠳᠠᠪᠤᠷᠢ ᠨᠢ ᠰᠢᠨ᠎ᠡ ᠬᠡᠯᠪᠡᠷᠢ ᠶᠢᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠢᠵᠢ ᠪᠥᠷᠢᠳᠦᠭᠰᠡᠨ ᠠᠵᠤ ᠦᠢᠯᠡᠰ ᠤᠨ ᠪᠦᠯᠦᠭᠯᠡᠨ ᠬᠥᠭᠵᠢᠬᠦ ᠲᠡᠶᠢᠰᠢ ᠤᠷᠤᠭᠰᠢᠯᠠᠵᠤ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠬᠦ ᠴᠢᠳᠠᠪᠤᠷᠢ ᠴᠥᠮ ᠪᠥᠬᠦ ᠤᠯᠤᠰ ᠤᠨ ᠦᠢᠯᠡᠳᠪᠦᠷᠢᠯᠡᠬᠦ ᠴᠢᠳᠠᠪᠤᠷᠢ ᠶᠢᠨ 40% ᠠᠴᠠ ᠳᠡᠭᠡᠭᠰᠢᠬᠢ ᠶᠢ ᠡᠵᠡᠯᠡᠪᠡ᠃
︵ᠭᠤᠷᠪᠠ︶ ᠡᠨᠧᠷᠭᠢ ᠶᠢᠨ ᠦᠢᠯᠡᠳᠪᠦᠷᠢᠯᠡᠯ ᠰᠢᠨ᠎ᠡ ᠪᠠ ᠪᠣᠬᠢᠷᠳᠣᠯ ᠦᠭᠡᠢ ᠲᠡᠶᠢᠰᠢ ᠤᠷᠤᠭᠰᠢᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ︽ᠲᠦᠷᠭᠡᠨ ᠬᠥᠭᠵᠢᠯᠲᠡ︾ ᠶᠢ ᠪᠡᠶᠡᠯᠡᠭᠦᠯᠪᠡ᠃ 75 ᠵᠢᠯ ᠤᠨ ᠲᠤᠷᠰᠢ᠂ ᠮᠠᠨ ᠤ ᠣᠷᠣᠨ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠪᠴᠢᠯᠡᠨ ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠶ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠡᠨᠧᠷᠭᠢ ᠶᠢᠨ ᠦᠢᠯᠡᠳᠪᠦᠷᠢᠯᠡᠯ ᠤᠨ ᠪᠦᠲᠦᠴᠡ ᠶᠢ ᠢᠯᠡᠳᠲᠡ ᠰᠠᠶᠢᠵᠢᠷᠠᠭᠤᠯᠪᠠ᠃ 2023 ᠣᠨ ᠳᠤ᠂ ᠠᠩᠬᠠᠨ ᠤ ᠡᠨᠧᠷᠭᠢ ᠶᠢᠨ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠳᠠᠬᠢ ᠲᠥᠭᠦᠬᠡᠢ ᠨᠡᠭᠦᠷᠡᠰᠦᠨ ᠤ ᠡᠵᠡᠯᠡᠬᠦ ᠬᠤᠪᠢ ᠶᠢᠨ ᠵᠢᠩ ᠨᠢ 88.3% ᠪᠠᠶᠢᠵᠤ᠂ 1978 ᠣᠨ ᠤ ᠬᠢ ᠠᠴᠠ 11.5 ᠵᠠᠭᠤᠨ ᠤ ᠴᠡᠭ ᠢᠶᠠᠷ ᠪᠠᠭᠤᠷᠠᠪᠠ︔ ᠪᠠᠶᠢᠭᠠᠯᠢ ᠶᠢᠨ ᠰᠢᠲᠠᠮᠠᠬᠠᠶ ᠬᠡᠢ ᠶᠢᠨ ᠡᠵᠡᠯᠡᠬᠦ ᠬᠠᠷᠢᠴᠠᠯ ᠨᠢ 4.8% ᠪᠠᠶᠢᠵᠤ᠂ 2001 ᠣᠨ ᠤ ᠬᠢ ᠠᠴᠠ 3.4 ᠵᠠᠭᠤᠨ ᠤ ᠴᠡᠭ ᠢᠶᠠᠷ ᠳᠡᠭᠡᠭᠰᠢᠯᠡᠪᠡ︔ ᠠᠩᠬᠠᠨ ᠤ ᠡᠨᠧᠷᠭᠢ ᠶᠢᠨ ᠦᠢᠯᠡᠳᠪᠦᠷᠢᠯᠡᠯ ᠤᠨ ᠶᠡᠷᠦᠩᠬᠡᠢ ᠬᠡᠮᠵᠢᠶ᠎ᠡ ᠳᠠᠬᠢ ᠰᠠᠯᠬᠢ ᠭᠡᠷᠡᠯᠴᠢ ᠵᠡᠷᠭᠡ ᠴᠠᠬᠢᠯᠭᠠᠨ ᠬᠦᠴᠦᠨ ᠤ ᠡᠵᠡᠯᠡᠬᠦ ᠬᠠᠷᠢᠴᠠᠯ ᠨᠢ 6.5% ᠪᠠᠶᠢᠵᠤ᠂ 2005 ᠣᠨ ᠤ ᠬᠢ ᠠᠴᠠ 6.2 ᠵᠠᠭᠤᠨ ᠤ ᠴᠡᠭ ᠢᠶᠠᠷ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ᠂ ᠴᠠᠬᠢᠯᠭᠠᠨ ᠭᠠᠷᠭᠠᠭᠰᠠᠨ ᠬᠡᠮᠵᠢᠶ᠎ᠡ ᠶᠢ ᠲᠠᠰᠤᠷᠠᠯᠳᠠ ᠦᠭᠡᠢ ᠥᠷᠭᠡᠳᠬᠡᠪᠡ᠃ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠠᠴᠠ ᠦᠵᠡᠪᠡᠯ᠂ 2023 ᠣᠨ ᠤ ᠡᠴᠦᠰ ᠲᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 9322.6 ᠲᠦᠮᠡᠨ ᠺᠢᠯᠣᠸᠠᠲ ᠲᠤ ᠬᠦᠷᠴᠦ᠂ ᠪᠥᠬᠦ ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 43.2% ᠢ ᠡᠵᠡᠯᠡᠵᠦ᠂ 2012 ᠣᠨ ᠤ ᠰᠡᠭᠦᠯᠴᠢ ᠶᠢᠨ ᠬᠢ ᠠᠴᠠ 21.4 ᠵᠠᠭᠤᠨ ᠤ ᠴᠡᠭ ᠢᠶᠠᠷ ᠳᠡᠭᠡᠭᠰᠢᠯᠡᠪᠡ︔ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 2012 ᠣᠨ ᠤ ᠰᠡᠭᠦᠯᠴᠢ ᠶᠢᠨ ᠬᠢ ᠠᠴᠠ ᠪᠠᠨ 4.5 ᠳᠠᠬᠢᠨ ᠨᠡᠮᠡᠭᠳᠡᠵᠦ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 3.1 ᠳᠠᠬᠢᠨ ᠨᠡᠮᠡᠭᠳᠡᠵᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 130 ᠳᠠᠬᠢᠨ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ 2023 ᠣᠨ ᠳᠤ ᠮᠠᠨ ᠤ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1665.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠴᠠᠬᠢᠯᠭᠠᠨ ᠭᠠᠷᠭᠠᠭᠰᠠᠨ ᠬᠡᠮᠵᠢᠶᠡᠨ ᠤ 21.8% ᠶᠢ ᠡᠵᠡᠯᠡᠵᠦ᠂ 2012 ᠣᠨ ᠤ ᠬᠢ ᠠᠴᠠ 12.4 ᠵᠠᠭᠤᠨ ᠤ ᠴᠡᠭ ᠢᠶᠠᠷ ᠳᠡᠭᠡᠭᠰᠢᠯᠡᠪᠡ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 4.7 ᠳᠠᠬᠢᠨ ᠨᠡᠮᠡᠭᠳᠡᠵᠦ᠂ ᠵᠢᠯ ᠪᠦᠷᠢ ᠶᠢᠨ ᠳᠤᠮᠳᠠᠴᠢ ᠨᠡᠮᠡᠭᠳᠡᠯ ᠨᠢ 17.1% ᠳᠤ ᠬᠦᠷᠪᠡ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 1354.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 3.8 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 15.2% ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 290.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 191.7 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 61.3% ᠨᠡᠮᠡᠭᠳᠡᠪᠡ᠃
︵ᠲᠦᠷᠪᠡ︶ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠪᠦᠷᠢᠯᠳᠦᠨ ᠬᠥᠭᠵᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠲᠦᠷᠭᠡᠨ ᠪᠣᠶᠢᠵᠢᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠵᠤ ᠦᠢᠯᠡᠳᠪᠦᠷᠢ ᠨᠢ ᠭᠤᠤᠯᠳᠠᠭᠤ ᠦᠨᠳᠦᠰᠦᠲᠡᠨ ᠤ ᠭᠠᠷ ᠦᠢᠯᠡᠳᠪᠦᠷᠢ ᠪᠠᠷ ᠭᠤᠤᠯ ᠪᠣᠯᠭᠠᠵᠤ ᠪᠠᠶᠢᠪᠠ᠃ 21 ᠳ᠋ᠦ᠋ᠭᠡᠷ ᠵᠠᠭᠤᠨ ᠪᠣᠯᠬᠤ ᠳᠤ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠬᠥᠭᠵᠢᠯᠲᠡ ᠶᠢᠨ ᠣᠨᠤᠯᠵᠢᠬᠤᠨ ᠤ ᠳᠠᠭᠠᠭᠤᠯᠭ᠎ᠠ ᠳᠣᠣᠷ᠎ᠠ᠂ ᠮᠠᠨ ᠤ ᠣᠷᠣᠨ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠤᠨ ᠬᠥᠭᠵᠢᠯᠲᠡ ᠶᠢ ᠱᠠᠯᠠᠪᠳᠠᠨ ᠪᠠᠶᠢᠷᠢᠰᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠵᠡᠷᠭᠡ ᠰᠢᠨ᠎ᠡ ᠬᠥᠳᠡᠯᠭᠡᠭᠴᠢ ᠬᠦᠴᠦᠨ ᠢ ᠲᠦᠷᠭᠡᠨ ᠪᠣᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢ ᠬᠦᠳᠦᠯᠦᠨ ᠳᠠᠭᠠᠭᠤᠯᠵᠤ ︽ᠰᠢᠨ᠎ᠡ ᠤᠷᠤᠯᠳᠤᠭᠠᠨ ᠤ ᠵᠠᠮ︾ ᠳᠤ ᠣᠷᠤᠭᠤᠯᠪᠠ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠳᠡᠭᠡᠷ᠎ᠡ ᠵᠢᠯ ᠤᠨ ᠬᠢ ᠠᠴᠠ 11.4% ᠪᠠ 9.6% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠠᠴᠠ ᠵᠠᠭᠤᠨ ᠤ ᠴᠡᠭ ᠢᠶᠠᠷ 4 ᠪᠠ 2.2 ᠲᠦᠷᠭᠡᠰᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 2.1% ᠪᠠ 1.9% ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 13.5% ᠪᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 6.1 ᠵᠠᠭᠤᠨ ᠤ ᠴᠡᠭ ᠥᠨᠳᠦᠷᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 7.5% ᠪᠣᠯᠪᠠ᠃ ᠭᠤᠤᠯ ᠲᠥᠯᠥᠭᠡᠯᠡᠬᠦ ᠴᠢᠨᠠᠷᠲᠠᠢ ᠦᠢᠯᠡᠳᠬᠦᠨ ᠤ ᠨᠡᠮᠡᠭᠳᠡᠯ ᠨᠢ ᠬᠦᠴᠦᠲᠡᠢ ᠪᠠᠶᠢᠨ᠎ᠠ᠃ 2023 ᠣᠨ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠠᠩ ᠲᠠᠯᠠᠰᠲᠤ ᠴᠠᠬᠢᠭᠤᠷ ᠤᠨ ᠭᠠᠷᠤᠯᠲᠠ 58.9 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 42.3% ᠪᠠᠷ ᠨᠡᠮᠡᠭᠳᠡᠪᠡ︔ ᠣᠯᠠᠨ ᠲᠠᠯᠠᠰᠲᠤ ᠴᠠᠬᠢᠭᠤᠷ ᠤᠨ ᠭᠠᠷᠤᠯᠲᠠ 43 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.1 ᠳᠠᠬᠢᠨ ᠨᠡᠮᠡᠭᠳᠡᠪᠡ︔ ᠬᠤᠪᠣᠷ ᠰᠢᠷᠣᠶ ᠶᠢᠨ ᠰᠣᠷᠢᠨᠵᠢᠨ ᠮᠠᠲ᠋ᠧᠷᠢᠶᠠᠯ 2.3 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 18.7% ᠪᠠᠷ ᠨᠡᠮᠡᠭᠳᠡᠪᠡ︔ ᠰᠠᠯᠬᠢᠨ ᠬᠦᠴᠦ ᠪᠠᠷ ᠴᠠᠬᠢᠯᠭᠠᠨ ᠭᠠᠷᠭᠠᠭᠰᠠᠨ ᠮᠠᠰᠢᠨ ᠴᠣᠭᠴᠠᠯᠠᠪᠤᠷᠢ 322.3 ᠲᠦᠮᠡᠨ ᠺᠢᠯᠣᠸᠠᠲ ᠲᠤ ᠬᠦᠷᠴᠦ᠂ ᠳᠡᠭᠡᠷ᠎ᠡ ᠵᠢᠯ ᠤᠨ ᠬᠢ ᠠᠴᠠ 67.6% ᠪᠠᠷ ᠨᠡᠮᠡᠭᠳᠡᠪᠡ᠃
ᠭᠤᠷᠪᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠶᠢ ᠡᠭᠦᠳᠦᠨ ᠬᠥᠭᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠵᠡᠷᠭᠡ ᠪᠠᠷ ᠤᠷᠤᠭᠰᠢᠯᠠᠪᠠ
︵ᠨᠢᠭᠡ︶ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠳᠡᠭᠡᠭᠰᠢᠯᠡᠵᠦ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ ᠬᠥᠭᠵᠢᠯᠲᠡ ᠲᠡᠩᠴᠡᠭᠦᠷᠢᠲᠡᠶ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠬᠠᠷᠢᠯᠴᠠᠨ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠵᠣᠬᠢᠴᠠᠩᠭᠤᠶ ᠪᠠᠷ ᠬᠦᠭᠵᠢᠭᠰᠡᠨ ᠰᠢᠨ᠎ᠡ ᠪᠠᠶᠢᠳᠠᠯ ᠲᠦᠷᠭᠡᠳᠴᠦ ᠪᠦᠷᠢᠯᠳᠦᠪᠡ᠃ ᠳᠤᠮᠳᠠ ᠬᠡᠰᠡᠭ ᠤᠨ ᠭᠠᠵᠠᠷ ᠣᠷᠣᠨ ᠠᠵᠤ ᠦᠢᠯᠡᠳᠪᠦᠷᠢ ᠶᠢᠨ ᠠᠵᠤ ᠠᠬᠤᠶ ᠶᠢᠨ ︽ᠴᠢᠭᠳᠠᠭ᠎ᠠ︾ ᠪᠠ ︽ᠵᠦᠭᠯᠡᠭᠦᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ 2023 ᠣᠨ ᠳᠤ ᠮᠠᠨ ᠤ ᠣᠷᠣᠨ ᠤ ᠳᠤᠮᠳᠠ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 10.2% ᠢᠶᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 2.8 ᠵᠠᠭᠤᠨ ᠤ ᠴᠡᠭ ᠥᠨᠳᠦᠷᠵᠢᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 2012 ᠣᠨ ᠳᠤ 54.1% ᠪᠠᠶᠢᠭᠰᠠᠨ ᠠᠴᠠ ᠳᠡᠭᠡᠭᠰᠢᠯᠡᠭᠡᠳ 69.6% ᠪᠣᠯᠪᠠ᠃ ᠪᠠᠷᠠᠭᠤᠨ ᠬᠡᠰᠡᠭ ᠤᠨ ᠭᠠᠵᠠᠷ ᠣᠷᠣᠨ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢ ᠭᠤᠤᠯᠳᠠᠯᠭ᠎ᠠ ᠲᠠᠢ ᠴᠣᠭᠴᠠᠯᠠᠵᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ︽ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ︾ ᠳᠤ ᠢᠳᠡᠪᠬᠢᠲᠡᠶ ᠠᠭᠤᠰᠤᠯᠴᠠᠵᠤ᠂ ᠵᠡᠭᠦᠨ ᠪᠠᠷᠠᠭᠤᠨ ᠬᠡᠰᠡᠭ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠤᠶᠠᠷ ᠣᠷᠣᠨ ᠪᠦᠰᠡ ᠶᠢᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 2012 ᠣᠨ ᠳᠤ 35.2% ᠪᠠ 10.8% ᠪᠠᠶᠢᠭᠰᠠᠨ ᠠᠴᠠ 2023 ᠣᠨ ᠳᠤ 20.8% ᠪᠠ 9.6% ᠪᠣᠯᠭᠠᠨ ᠲᠣᠬᠢᠷᠠᠭᠤᠯᠵᠤ᠂ ᠵᠡᠭᠦᠨ ᠪᠠᠷᠠᠭᠤᠨ ᠬᠡᠰᠡᠭ ᠤᠨ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠪᠠ᠃
︵ᠬᠤᠶᠠᠷ︶ ᠪᠣᠬᠢᠷᠳᠣᠯ ᠦᠭᠡᠢ ᠲᠡᠶᠢᠰᠢ ᠵᠠᠮᠨᠠᠨ ᠰᠢᠨ᠎ᠡ ᠡᠨᠧᠷᠭᠢ ᠲᠡᠶᠢᠰᠢ ᠤᠷᠤᠭᠰᠢᠯᠠᠵᠤ᠂ ᠪᠣᠬᠢᠷᠲᠤᠯ ᠥᠬᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠮᠢᠳᠤᠯᠢᠭ ᠢᠶᠠᠷ ᠦᠢᠯᠡᠳᠦᠯᠭᠡᠵᠢᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠡᠬᠢ ᠪᠠᠶᠠᠯᠢᠭ ᠤᠨ ᠨᠥᠬᠡᠴᠡ ᠬᠦᠴᠦᠨ ᠤ ᠳᠠᠪᠠᠭᠤᠯᠢᠭ ᠲᠤ ᠪᠠᠨ ᠰᠠᠭᠤᠷᠢᠯᠠᠵᠤ᠂ ᠪᠦᠬᠦ ᠠᠵᠤ ᠦᠢᠯᠡᠰ ᠤᠨ ᠬᠡᠯᠬᠢᠶᠡᠨ ᠤ ᠰᠡᠳᠬᠢᠬᠦᠢ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠤᠨ ᠬᠠᠷᠠᠯᠲᠠ ᠶᠢ ᠲᠠᠬᠢᠨ ᠴᠣᠭᠴᠠᠯᠠᠵᠤ᠂ ᠰᠢᠨ᠎ᠡ ᠡᠨᠧᠷᠭᠢ ᠶᠢᠨ ᠬᠦᠳᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠪᠣᠷ ᠰᠢᠷᠣᠢ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠦᠬᠦ ᠤᠯᠤᠰ ᠲᠠᠬᠢ ᠬᠠᠮᠤᠭ ᠤᠨ ᠶᠡᠭᠡ ︽ᠬᠤᠪᠣᠷ ᠰᠢᠷᠣᠢ + ᠰᠢᠨ᠎ᠡ ᠮᠠᠲ᠋ᠧᠷᠢᠶᠠᠯ︾᠂ ᠨᠡᠷᠡᠨ ᠤ ᠡᠨᠧᠷᠭᠢ ᠶᠢᠨ ᠲᠠᠯᠠᠰᠲᠤ ᠴᠠᠬᠢᠭᠤᠷ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠢᠴᠢ ᠪᠦᠬᠦ ᠤᠯᠤᠰ ᠲᠠᠬᠢ ᠨᠡᠭᠦᠷᠡᠰᠦ ᠶᠢ ᠲᠦᠯᠡᠰᠢ ᠪᠠᠷ ᠬᠡᠷᠡᠭᠯᠡᠵᠦ ᠪᠠᠶᠢᠭᠰᠠᠨ ᠠᠴᠠ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠬᠤ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠴᠢᠬᠤᠯᠠ ᠵᠢᠱᠢᠶ᠎ᠡ ᠦᠵᠡᠭᠦᠯᠬᠦ ᠣᠷᠣᠨ ᠢ ᠪᠦᠷᠢᠯᠳᠦᠭᠦᠯᠪᠡ᠃ 2023 ᠣᠨ ᠳᠤ᠂ ᠮᠠᠨ ᠤ ᠣᠷᠣᠨ ᠤ ᠬᠡᠪᠴᠢᠶᠡᠵᠢᠯ ᠠᠴᠠ ᠳᠡᠭᠡᠭᠰᠢᠬᠢ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 21% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 2.1% ᠪᠣᠯᠪᠠ᠃ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 16.1% ᠪᠠᠷ ᠨᠡᠮᠡᠭᠳᠡᠵᠦ᠂ ᠲᠡᠭᠦᠨ ᠤ ᠭᠤᠤᠯ ᠪᠣᠯᠬᠤ ᠦᠢᠯᠡᠳᠬᠦᠨ ᠨᠡᠷᠡᠨ ᠤ ᠡᠨᠧᠷᠭᠢ ᠶᠢᠨ ᠴᠡᠨᠡᠭ ᠤᠨ ᠦᠢᠯᠡᠳᠬᠦᠨ ᠤ ᠭᠠᠷᠤᠯᠲᠠ ᠨᠢ 352.7 ᠲᠦᠮᠡᠨ ᠺᠢᠯᠣᠸᠠᠲ ᠲᠤ ᠬᠦᠷᠴᠦ᠂ 21.2 ᠳᠠᠬᠢᠨ ᠨᠡᠮᠡᠭᠳᠡᠪᠡ︔ ᠯᠢᠲ᠋ᠢ ᠢᠶᠣᠨᠲᠤ ᠴᠡᠨᠡᠭ ᠤᠨ ᠭᠠᠷᠤᠯᠲᠠ ᠨᠢ 2161.4 ᠲᠦᠮᠡ ᠳᠤ ᠬᠦᠷᠴᠦ᠂ 1.7 ᠳᠠᠬᠢᠨ ᠨᠡᠮᠡᠭᠳᠡᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 15.4% ᠪᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠠᠬᠢ ᠡᠵᠡᠯᠡᠬᠦ ᠬᠤᠪᠢ ᠶᠢᠨ ᠵᠢᠩ ᠨᠢ 65% ᠳᠤ ᠬᠦᠷᠴᠦ᠂ ᠲᠡᠭᠦᠨ ᠤ ᠭᠤᠤᠯ ᠪᠣᠯᠬᠤ ᠦᠢᠯᠡᠳᠬᠦᠨ ᠨᠡᠭᠦᠷᠡᠰᠦ ᠪᠠᠷ ᠠᠯᠺᠧᠨ ᠪᠣᠯᠪᠠᠰᠤᠷᠠᠭᠤᠯᠬᠤ ᠦᠢᠯᠡᠳᠬᠦᠨ ᠤ ᠭᠠᠷᠤᠯᠲᠠ ᠨᠢ 388.2 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 11.5% ᠪᠠᠷ ᠨᠡᠮᠡᠭᠳᠡᠪᠡ᠃
︵ᠭᠤᠷᠪᠠ︶ ᠡᠷᠴᠢᠮᠵᠢᠭᠦᠯᠵᠦ ᠲᠦᠪᠯᠡᠷᠡᠭᠦᠯᠬᠦ ᠬᠢᠷᠢ ᠲᠦᠪᠰᠢᠨ ᠳᠡᠭᠡᠭᠰᠢᠯᠡᠵᠦ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠲᠦᠷᠭᠡᠳᠪᠡ᠃ 20 ᠳ᠋ᠤᠭᠠᠷ ᠵᠠᠭᠤᠨ ᠤ ᠶᠡᠷᠡᠭᠡᠳ ᠣᠨ ᠤ ᠡᠬᠢ ᠪᠠᠷ᠂ ᠮᠠᠨ ᠤ ᠣᠷᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠰᠢᠭᠡ ᠶᠢ ᠰᠡᠬᠦᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠮᠵᠢ ᠪᠠ ᠲᠥᠪᠯᠡᠷᠡᠯ ᠤᠨ ᠦᠢᠯᠡᠳᠦᠯ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠡᠬᠢ ᠪᠠᠶᠠᠯᠢᠭ᠂ ᠴᠢᠳᠠᠪᠤᠷᠢᠲᠠᠨ᠂ ᠮᠡᠳᠡᠭᠡ ᠵᠠᠩᠭᠢ᠂ ᠮᠡᠷᠭᠡᠵᠢᠯ ᠪᠠ ᠠᠵᠤ ᠦᠢᠯᠡᠰ ᠤᠨ ᠲᠥᠪᠯᠡᠷᠡᠯ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠰᠢᠨ᠎ᠡ ᠡᠭᠦᠳᠦᠯᠲᠡ᠂ ᠵᠣᠬᠢᠴᠠᠭᠤᠯᠭ᠎ᠠ᠂ ᠪᠣᠬᠢᠷᠲᠤᠯ ᠦᠭᠡᠶ᠂ ᠨᠡᠬᠡᠬᠡᠯᠲᠡᠲᠦ ᠬᠥᠭᠵᠢᠯᠲᠡ ᠶᠢ ᠳᠠᠶᠢᠴᠢᠯᠠᠵᠤ᠂ ᠣᠷᠣᠨ ᠪᠦᠰᠡ ᠶᠢᠨ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ 2023 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 2053 ᠪᠠᠶᠢᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠢᠭᠡᠴᠢ ᠲᠤᠭ᠎ᠠ ᠶᠢᠨ 54.3% ᠶᠢ ᠡᠵᠡᠯᠡᠵᠦ᠂ ᠦᠢᠯᠡᠳᠬᠦᠨ ᠤ ᠥᠷᠲᠡᠭ ᠨᠢ 68.1% ᠶᠢ ᠡᠵᠡᠯᠡᠵᠦ᠂ ᠡᠵᠡᠩᠨᠡᠯᠲᠡ ᠶᠢᠨ ᠣᠷᠣᠯᠭ᠎ᠠ ᠨᠢ 67.6% ᠶᠢ ᠡᠵᠡᠯᠡᠵᠦ᠂ ᠠᠰᠢᠭ ᠬᠤᠨᠵᠢᠪᠣᠷᠢ ᠨᠢ 46.8% ᠶᠢ ᠡᠵᠡᠯᠡᠪᠡ᠃ ᠪᠦᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠠᠭᠠᠰ ᠢᠯᠡᠭᠦᠦ ᠠᠵᠤ ᠠᠬᠤᠶᠢᠯᠠᠯ ᠢ ᠲᠥᠪᠯᠡᠷᠡᠭᠦᠯᠵᠦ᠂ ᠵᠢᠷᠭᠤᠭᠠᠨ ᠬᠤᠪᠢ ᠢᠯᠡᠭᠦᠦ ᠶᠢᠨ ᠦᠢᠯᠡᠳᠬᠦᠨ ᠤ ᠥᠷᠲᠡᠭ ᠪᠠ ᠡᠵᠡᠩᠨᠡᠯᠲᠡ ᠶᠢᠨ ᠣᠷᠣᠯᠭ᠎ᠠ ᠶᠢ ᠡᠭᠦᠳᠪᠡ᠃ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ ᠬᠦᠷᠢᠶᠡᠯᠡᠩ ᠲᠣᠭᠤᠷᠢᠭ 5 ᠪᠠᠶᠢᠵᠤ᠂ ᠲᠣᠰ ᠲᠣᠰ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠪᠤᠭᠤᠲᠤ ᠶᠢᠨ ᠬᠥᠨᠳᠡᠯᠡᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠦᠩᠯᠢᠶᠣᠤ ᠶᠢᠨ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠣᠷᠳᠣᠰ ᠤᠨ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠤᠨ᠎ᠠ︔ 1000 ᠳ᠋ᠦᠩᠰᠢᠭᠤᠷ ᠲᠥᠭᠦᠷᠢᠭ ᠢ ᠳᠠᠪᠠᠭᠰᠠᠨ ᠬᠦᠷᠢᠶᠡᠯᠡᠩ ᠲᠣᠭᠤᠷᠢᠭ 3 ᠪᠠᠶᠢᠵᠤ᠂ ᠲᠣᠰ ᠲᠣᠰ ᠪᠤᠭᠤᠲᠤ ᠶᠢᠨ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠣᠷᠳᠣᠰ ᠤᠨ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠤᠨ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠤᠨ᠎ᠠ᠃
ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠲᠦᠷᠭᠡᠨ ᠳᠠᠪᠰᠢᠯᠲᠠ ᠲᠠᠢ ᠪᠣᠯᠵᠣ᠂ ᠠᠵᠤ ᠦᠢᠯᠡᠰ ᠤᠨ ᠰᠠᠭᠤᠷᠢ ᠲᠠᠰᠤᠷᠠᠯᠲᠠ ᠥᠬᠡᠶ ᠪᠠᠬᠢᠵᠢᠵᠦ᠂ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠭᠰᠡᠨ ᠪᠣᠯᠪᠠᠴᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠪᠠᠰᠠ ᠮᠠᠰᠢ ᠣᠯᠠᠨ ᠬᠦᠴᠢᠷ ᠢ ᠲᠤᠭᠤᠯᠬᠤ ᠴᠢᠬᠤᠯᠠᠲᠠᠢ ᠮᠥᠷᠲᠡᠭᠡᠨ ᠪᠠᠰᠠ ᠮᠠᠰᠢ ᠣᠯᠠᠨ ᠵᠠᠮ ᠢᠶᠠᠷ ᠵᠠᠮᠨᠠᠬᠤ ᠴᠢᠬᠤᠯᠠᠲᠠᠢ ᠶᠤᠮ ᠪᠠᠶᠢᠨ᠎ᠠ᠃ ᠢᠷᠡᠭᠡᠳᠦᠶ ᠪᠠᠨ ᠪᠠᠷᠠᠯᠠᠬᠤᠶ᠎ᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠰᠢᠯᠢᠳᠡᠭᠵᠢᠭᠦᠯᠦᠨ ᠨᠥᠬᠦᠪᠥᠷᠢᠯᠡᠵᠦ᠂ ᠣᠷᠣᠨ ᠪᠦᠰᠡ ᠶᠢᠨ ᠳᠠᠪᠠᠭᠤᠯᠢᠭ ᠲᠠᠢ ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠤᠴᠤᠷᠤᠩᠭᠤᠢ ᠪᠠᠶᠢᠳᠠᠯ ᠢ ᠡᠪᠳᠡᠨ ᠰᠢᠪᠲᠤᠯᠤᠯᠲᠠ ᠭᠠᠷᠭᠠᠵᠤ᠂ ᠣᠷᠣᠨ ᠪᠠᠶᠢᠷᠢ ᠶᠢ ᠨᠢ ᠤᠷᠤᠭᠰᠢᠯᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶