ᠸᠠᠩ ᠯᠢ ᠰᠢᠶᠠ ᠲᠦᠩᠯᠢᠶᠣᠣ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠣᠯᠭᠠᠭᠤᠯᠬᠤ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/26


      9 ᠰᠠᠷ᠎ᠠ ᠶᠢᠨ 24 ᠠᠴᠠ 25 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠦᠩᠯᠢᠶᠣᠣ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ ᠃


0926王莉霞在通辽市调研巩固拓展脱贫攻坚成果.jpg


      ᠨᠢᠰᠬᠡᠯ ᠠᠴᠠ ᠪᠠᠭᠤᠮᠠᠭᠴᠠ ᠂ ᠸᠠᠩ ᠯᠢ ᠰᠢᠶᠠ ᠶᠠᠳᠠᠭᠤ ᠠᠴᠠ ᠠᠩᠭᠢᠵᠢᠷᠠᠭᠰᠠᠨ ᠡᠷᠦᠭᠡ ᠷᠦᠩ ᠮᠣᠣ ᠭᠧ ᠶᠢᠨ ᠭᠡᠷ ᠲᠤ ᠬᠦᠷᠴᠦ ᠂ ᠡᠪᠡᠳᠴᠢᠨ ᠦᠵᠡᠭᠦᠯᠭᠦ ᠳᠤ ᠳᠥᠭᠦᠮ ᠪᠠᠶᠢᠬᠤ ᠡᠰᠡᠬᠦ ᠂ ᠬᠥᠭᠰᠢᠨ ᠤ ᠬᠢᠨᠢ ᠪᠡᠶ᠎ᠡ ᠮᠠᠬᠠᠪᠤᠳ ᠨᠢ ᠶᠠᠮᠠᠷ ᠵᠡᠷᠭᠡ ᠪᠠᠶᠢᠬᠤ ᠂ ᠬᠡᠦᠬᠡᠳ ᠨᠢ ᠬᠠᠮᠢᠭ᠎ᠠ ᠠᠵᠢᠯ ᠣᠯᠣᠭᠰᠠᠨ ᠢ ᠬᠠᠯᠠᠮᠵᠢᠯᠠᠨ ᠠᠰᠠᠭᠤᠵᠤ ᠂ ᠳᠡᠳᠡᠨ ᠤ ᠣᠷᠣᠯᠭ᠎ᠠ ᠶᠢ ᠠᠰᠠᠭᠤᠵᠤ ᠂ ᠬᠤᠷᠢᠶᠠᠯᠲᠠ ᠶᠢ ᠶᠠᠷᠢᠵᠤ ᠂ ᠭᠡᠷ ᠵᠠᠭᠤᠷ᠎ᠠ ᠶᠢᠨ ᠵᠣᠭᠤᠭ ᠳᠡᠯᠭᠡᠪᠡ ᠃ ᠳᠠᠷᠠᠭ᠎ᠠ ᠨᠢ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠰᠢᠭᠤᠳ ᠶᠠᠳᠠᠭᠤ ᠠᠴᠠ ᠠᠩᠭᠢᠵᠢᠷᠠᠭᠰᠠᠨ ᠡᠷᠦᠭᠡ ᠴᠧᠨ ᠢᠦᠢ ᠵᠢᠶᠦ᠋ᠨ ᠤ ᠭᠡᠷ ᠲᠤ ᠬᠦᠷᠴᠦ ᠂ ᠬᠦᠷᠢᠶᠡᠨ ᠳᠣᠲᠣᠷᠠᠬᠢ ᠠᠷᠪᠠᠨ ᠬᠡᠳᠦᠨ ᠦᠬᠡᠷ ᠢ ᠦᠵᠡᠭᠡᠳ ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠣᠷᠣᠯᠭ᠎ᠠ ᠳᠤ ᠦᠵᠡᠭᠦᠯᠭᠦ ᠨᠥᠯᠥᠭᠡ ᠶᠡᠭᠡ ᠡᠰᠡᠬᠦ ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠡᠰᠡᠬᠦ ᠶᠢ ᠨᠢ ᠠᠰᠠᠭᠤᠪᠠ ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠲᠡᠷᠡ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠪᠣᠳᠠᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠢᠭᠡ ᠡᠷᠦᠭᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ᠂ ᠤᠨᠢᠨ ᠳᠡᠭᠡᠷ᠎ᠡ ᠨᠢ ᠲᠥᠷᠥ ᠶᠢᠨ ᠪᠣᠳᠣᠯᠭ᠎ᠠ ᠬᠡᠷᠡᠭᠵᠢᠭᠦᠯᠵᠦ ᠂ ᠶᠠᠳᠠᠭᠤ ᠠᠴᠠ ᠠᠩᠭᠢᠵᠢᠷᠠᠭᠰᠠᠨ ᠡᠷᠦᠭᠡ ᠶᠢᠨ ᠣᠷᠣᠯᠭ᠎ᠠ ᠶᠢᠨ ᠲᠦᠪᠰᠢᠨ ᠢ ᠪᠠᠭᠤᠷᠠᠭᠤᠯᠬᠤ ᠦᠭᠡᠢ ᠂ ᠠᠮᠢᠳᠤᠷᠠᠯ ᠤᠨ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ ᠃



      ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠣᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠨᠣᠮ ᠤᠩᠰᠢᠬᠤ ᠳᠠᠭᠤᠨ ᠬᠠᠩᠭᠢᠨᠠᠨ᠎ᠠ ᠃ ᠸᠠᠩ ᠯᠢ ᠰᠢᠶᠠ ᠬᠢᠴᠢᠶᠡᠯ ᠤᠨ ᠭᠡᠷ ᠲᠤ ᠣᠷᠣᠵᠤ ᠂ ᠲᠤᠬᠠᠢ ᠶᠢᠨ ᠲᠠᠯᠠᠪᠠᠢ ᠳᠤ ᠵᠢᠭᠠᠨ ᠰᠤᠷᠭᠠᠯᠲᠠ ᠶᠢᠨ ᠪᠠᠶᠢᠳᠠᠯ ᠢ ᠲᠣᠭᠤᠷᠢᠨ ᠦᠵᠡᠵᠦ ᠂ ᠰᠤᠷᠭᠠᠭᠤᠯᠢ ᠶᠢᠨ ᠵᠠᠬᠢᠷᠤᠯ ᠂ ᠪᠠᠭᠰᠢ ᠪᠣᠯᠣᠨ ᠠᠳᠠᠯᠢ ᠪᠤᠰᠤ ᠣᠨ ᠤ ᠰᠤᠷᠤᠬᠴᠢᠳ ᠲᠠᠢ ᠶᠠᠷᠢᠯᠴᠠᠨ ᠰᠣᠯᠢᠯᠴᠠᠵᠤ ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ ᠃


 

      25 ᠤ ᠦᠳᠡ ᠶᠢᠨ ᠬᠤᠶᠢᠨ᠎ᠠ ᠂ ᠸᠠᠩ ᠯᠢ ᠰᠢᠶᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠵᠡᠭᠦᠨ ᠬᠡᠰᠡᠭ ᠤᠨ ᠣᠷᠣᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠤᠬᠠᠮᠰᠠᠷ ᠠᠴᠠ ᠪᠠᠨ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠂ ᠦᠨᠳᠦᠰᠦ ᠶᠢ ᠪᠠᠬᠢᠵᠢᠭᠦᠯᠬᠦ ᠤᠯᠤᠰ ᠲᠦᠷᠦ ᠶᠢᠨ ᠥᠨᠳᠥᠷᠴᠡ ᠳᠤ ᠵᠣᠭᠰᠣᠨ ᠡᠯ᠎ᠡ ᠵᠦᠢᠯ ᠤᠨ ᠠᠵᠢᠯ ᠢᠶᠠᠨ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠲᠡᠷᠡ ᠂ ︽ ᠠᠯᠢᠪᠠ ᠪᠦᠭᠦᠨ ᠬᠡᠦᠬᠡᠳ ᠤᠨ ᠲᠥᠯᠥᠭᠡ ︾ ᠪᠠᠶᠢᠬᠤ ᠪᠣᠯ ᠰᠤᠷᠭᠠᠨ ᠬᠥᠮᠦᠵᠢᠯ ᠤᠨ ᠦᠨᠳᠦᠰᠦᠨ ᠣᠶᠢᠯᠠᠭᠠᠭᠳᠠᠬᠤᠨ ᠮᠥᠨ ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠬᠡᠳᠦᠢ ᠡᠷᠲᠡ ᠭᠦᠷᠳᠡᠪᠡᠯ ᠬᠡᠦᠬᠡᠳ ᠤᠨ ᠦᠰᠦᠨ ᠪᠣᠶᠢᠵᠢᠵᠤ ᠴᠢᠳᠠᠪᠤᠷᠢᠲᠠᠨ ᠪᠤᠯᠬᠤ ᠳᠤ ᠲᠡᠳᠦᠢ ᠠᠰᠢᠭᠲᠠᠢ ᠶᠤᠮ ᠃ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠂ ᠦᠨᠳᠦᠰᠦᠲᠡᠨ ᠨᠦᠭᠦᠳ ᠤᠨ ᠬᠡᠦᠬᠡᠳ ᠲᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠭᠦᠯᠵᠦ ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠲᠤᠷ ᠡᠵᠡᠮᠰᠢᠭᠦᠯᠵᠦ ᠂ ᠣᠳᠣᠬᠢᠴᠢᠯᠠᠭᠰᠠᠨ ᠮᠡᠷᠭᠡᠵᠢᠯ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ ᠂ ᠭᠤᠣᠯ ᠰᠢᠵᠢᠮ ᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠂ ᠰᠢᠨᠵᠢᠯᠡᠭᠡᠨ ᠤ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ ᠂ ᠦᠨᠳᠦᠰᠦᠲᠡᠨ ᠨᠦᠭᠦᠳ ᠤᠨ ᠰᠤᠷᠤᠬᠴᠢᠳ ᠲᠤ ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠲᠠᠭᠠᠨ ᠤᠷᠤᠭᠰᠢᠯᠠᠬᠤ ᠶᠢ ᠰᠤᠷᠭᠠᠨ ᠬᠥᠮᠥᠵᠢᠭᠦᠯᠵᠦ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠪᠡ ᠃

      ᠶᠠᠩ ᠵᠢᠶᠧ ᠬᠡᠰᠡᠭ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ