ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2024〕 16 ᠳ᠋ᠤᠭᠠᠷ ᠲᠣᠭᠠᠲᠤ
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠂ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠵᠤ ᠂ 2032 ᠣᠨ ᠪᠣᠯᠬᠤ ᠳᠤ ᠲᠦᠷᠦᠭᠦᠯᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ ᠃
ᠨᠢᠭᠡ ᠂ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠢᠶᠠᠷ ᠬᠢ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ ᠃ ᠤᠯᠤᠰ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠦᠬᠦᠷᠵᠢᠭᠦᠯᠦᠨ ᠪᠡᠯᠡ ᠣᠷᠣᠭᠤᠯᠬᠤ ᠪᠠᠷ ᠱᠠᠭᠠᠷᠳᠠᠭᠰᠠᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ ᠂ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠬᠢᠨ ᠳᠠᠬᠢᠵᠤ ᠲᠥᠬᠦᠷᠵᠢᠭᠦᠯᠬᠦ ᠦᠭᠡᠢ ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ ᠂ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠂ ᠠᠳᠠᠯᠢ ᠪᠤᠰᠤ ᠭᠠᠵᠠᠷ ᠤᠨ ᠲᠥᠷᠥᠯ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠶᠣᠰᠣᠭᠠᠷ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ ᠂ ᠬᠤᠰᠢᠭᠤ ᠰᠢᠶᠠᠨ ︵ᠬᠤᠲᠠ ᠂ ᠲᠣᠭᠤᠷᠢᠭ︶ ᠢᠶᠠᠷ ᠨᠢᠭᠡᠴᠢ ᠪᠣᠯᠭᠠᠨ ᠨᠢᠭᠡᠳᠦᠯᠲᠡᠢ ᠲᠥᠯᠥᠪᠯᠡᠨ ᠪᠣᠳᠣᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠶᠠᠪᠤᠴᠠ ᠳᠤ ᠂ ᠮᠦ ᠪᠦᠷᠢ ᠳᠤ 100 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ ᠬᠥᠳᠡᠯᠮᠦᠷᠢ ᠬᠦᠴᠦ ᠣᠷᠣᠭᠤᠯᠬᠤ ᠬᠡᠷᠡᠭᠲᠡᠢ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠂ ᠤᠰᠤᠨ ᠠᠰᠢᠭᠯᠠᠯᠲᠠ ᠂ ᠣᠶ ᠰᠢᠭᠤᠢ ᠨᠤᠲᠤᠭ ᠪᠡᠯᠴᠢᠭᠡᠷ ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠰᠠᠨᠠᠭᠠᠴᠢᠯᠠᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠡᠵᠡᠩᠨᠡᠬᠦ ᠳᠤ ᠪᠥᠬᠦ ᠠᠵᠤ ᠦᠢᠯᠡᠰ ᠤᠨ ᠬᠡᠯᠬᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠬᠤ ᠪᠠ ᠣᠷᠣᠯᠴᠠᠬᠤ ᠶᠢ ᠨᠢ ᠵᠣᠷᠢᠭᠵᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠬᠤᠶᠠᠷ ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠢᠯᠢᠳᠡᠭᠵᠢᠭᠦᠯᠬᠦ ᠬᠡᠷᠡᠭᠲᠡᠢ
ᠦᠯᠡᠭᠦᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠨᠥᠭᠡᠴᠡ ᠲᠥᠷᠥᠯ ᠵᠦᠢᠯ ᠤᠨ ᠬᠥᠮᠥᠷᠭᠡ ᠳᠤ ᠠᠯᠬᠤᠮ ᠠᠯᠬᠤᠮ ᠢᠶᠠᠷ ᠣᠷᠣᠭᠤᠯᠵᠤ ᠂ ᠪᠣᠳᠠᠲᠤ ᠪᠠᠶᠢᠳᠠᠯ ᠳᠤ ᠪᠠᠨ ᠰᠠᠭᠤᠷᠢᠯᠠᠵᠤ ᠪᠦᠲᠦᠭᠡᠨ ᠪᠠᠶᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭᠠᠯᠠᠯ ᠢ ᠲᠣᠭᠲᠠᠭᠠᠨ ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠬᠢᠬᠦ ᠶᠢ ᠪᠠᠷᠢᠮᠲᠠᠯᠠᠵᠤ ᠂ ᠲᠤᠷᠰᠢᠯᠲᠠ ᠶᠢᠨ ᠭᠠᠵᠠᠷ ᠣᠷᠣᠨ ᠂ ᠬᠠᠷ᠎ᠠ ᠬᠥᠷᠥᠰᠥᠲᠦ ᠭᠠᠵᠠᠷ ᠣᠷᠣᠨ ᠂ ᠲᠠᠯ᠎ᠠ ᠭᠠᠵᠠᠷ ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ ᠪᠠᠷ ᠨᠡᠯᠢᠶᠡᠳ ᠴᠥᠭᠡᠨ ᠪᠠᠶᠢᠭ᠎ᠠ ᠪᠦᠬᠦᠯᠢ ᠪᠠᠶᠢᠭᠤᠯᠤᠮᠵᠢᠲᠤ ᠳᠦᠷᠢᠮ ᠤᠨ ᠭᠠᠵᠠᠷ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ ᠢ ᠵᠠᠰᠠᠵᠤ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠲᠥᠷᠥᠯ ᠵᠦᠢᠯ ᠲᠣᠭᠲᠠᠭᠠᠬᠤ ᠠᠴᠠ ᠡᠮᠦᠨᠡᠬᠢ 3 ᠵᠢᠯ ᠤᠨ ᠮᠦ ᠪᠦᠷᠢ ᠶᠢᠨ ᠳᠤᠮᠳᠠᠴᠢ ᠪᠣᠳᠠᠲᠠᠢ ᠵᠠᠷᠤᠯᠭ᠎ᠠ ᠶᠢᠨ ᠵᠣᠭᠤᠰᠤᠨ ᠲᠤᠭ᠎ᠠ ᠶᠣᠰᠣᠭᠠᠷ ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠂ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ ᠂ ᠪᠦᠲᠦᠭᠡᠨ ᠪᠠᠶᠢᠭᠤᠯᠬᠤ ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠶᠢ ᠦᠨᠡᠨ ᠬᠦ ᠪᠠᠲᠤᠯᠠᠨ ᠂ ︽ᠵᠣᠭᠤᠰ ᠨᠢ ᠲᠥᠷᠥᠯ ᠵᠦᠢᠯ ᠢ ᠬᠦᠯᠢᠶᠡᠬᠦ ︾ ᠠᠴᠠ ᠵᠠᠶᠢᠯᠠᠰᠬᠢᠨ᠎ᠡ ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ︾ ᠵᠢᠷᠤᠭ ᠲᠥᠯᠥᠪᠯᠡᠭᠡ ᠶᠢᠨ ᠣᠨᠣᠯᠵᠢᠬᠤᠨ ᠢ ᠪᠠᠷᠢᠮᠲᠠᠯᠠᠵᠤ ᠂ ᠭᠠᠵᠠᠷ ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ ᠂ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠥᠷᠨᠢᠭᠦᠯᠦᠨ᠎ᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠣᠶ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ ᠬᠠᠶᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠯ ᠵᠡᠷᠭᠡ ᠶᠢᠨ ᠵᠠᠮ ᠱᠤᠭᠤᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ ᠲᠣᠭᠲᠠᠭᠠᠬᠤ ᠲᠥᠰᠥᠯ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠢ ᠲᠣᠰ ᠲᠣᠰ ᠭᠠᠴᠠᠭ᠎ᠠ ᠲᠣᠰᠬᠤᠨ ᠤ ᠠᠷᠠᠳ ᠤᠨ ᠬᠤᠷᠠᠯ ᠢᠶᠠᠷ ᠰᠤᠳᠤᠯᠤᠨ ᠪᠠᠲᠤᠯᠠᠭᠤᠯᠬᠤ ᠶᠢᠨ ᠬᠠᠮᠲᠤ ᠭᠠᠷ ᠤᠨ ᠥᠰᠥᠭ ᠵᠢᠷᠤᠭᠤᠯᠵᠤ ᠨᠤᠲᠠᠯᠠᠨ ᠲᠣᠭᠲᠠᠭᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶
ᠭᠤᠷᠪᠠ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ
ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 ᠮᠦ ᠠᠴᠠ ᠳᠤᠲᠠᠭᠤ ᠪᠠᠶᠢᠯᠭᠠᠵᠤ ᠪᠣᠯᠬᠤ ᠦᠭᠡᠢ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠬᠢᠨ ᠤ ᠣᠨ ᠤ ᠪᠠᠷᠢᠯᠭ᠎ᠠ ᠶᠢᠨ ᠠᠵᠢᠯ ᠤᠨ ᠪᠠᠷᠢᠬᠤ ᠡᠭᠦᠷᠭᠡ ᠪᠠᠨ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠬᠤ ᠶᠢ ᠵᠥᠪᠰᠢᠶᠡᠷᠡᠨ᠎ᠡ ᠃ ᠪᠦᠬᠦ ᠶᠠᠪᠤᠴᠠ ᠶᠢᠨ ᠡᠯᠧᠺᠲᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠳᠡᠯᠭᠡᠷᠡᠭᠦᠯᠦᠨ ᠬᠡᠷᠡᠭᠵᠢᠭᠦᠯᠵᠦ ᠂ ᠵᠢᠷᠤᠭ ᠲᠥᠯᠥᠪᠯᠡᠭᠡ ᠶᠢᠨ ᠦᠯᠢᠭᠡᠷ ᠶᠠᠩᠵᠤ ᠂ ᠬᠢᠨᠠᠨ ᠵᠠᠬᠢᠷᠬᠤ ᠪᠠ ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠦᠯᠢᠭᠡᠷ ᠶᠠᠩᠵᠤ ᠂ ᠮᠠᠲ᠋ᠧᠷᠢᠶᠠᠯ ᠤᠨ ᠦᠯᠢᠭᠡᠷ ᠶᠠᠩᠵᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠬᠦᠴᠦᠨ ᠵᠦᠢᠯ ᠪᠠ ᠭᠡᠷ᠎ᠡ ᠭᠦᠢᠴᠡᠳᠬᠡᠬᠦ ᠪᠠᠷᠢᠮᠵᠢᠶ᠎ᠠ ᠪᠣᠯᠭᠠᠬᠤ ᠶᠢ ᠠᠬᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠦᠨ᠎ᠡ ᠃ ᠪᠠᠷᠢᠯᠭ᠎ᠠ ᠶᠢᠨ ᠭᠡᠷ᠎ᠡ ᠶᠢ ᠵᠠᠷᠯᠠᠨ ᠨᠡᠶᠢᠲᠡᠯᠡᠵᠦ ᠂ ︽ᠦᠨᠡᠨ ᠬᠤᠳᠠᠯ ᠭᠡᠷ᠎ᠡ ︾᠂ ︽ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠵᠤ ᠥᠨᠳᠥᠷ ᠦᠨ᠎ᠡ ᠪᠠᠷ ᠳ᠋ᠦᠩᠨᠡᠨ ᠪᠣᠳᠣᠬᠤ ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠥᠩᠭᠡᠨ ᠳᠡᠭᠡᠷ᠎ᠡ ᠪᠠᠨ ᠳᠠᠭᠠᠭᠠᠴᠢᠯᠠᠯᠲᠠ ᠵᠠᠷᠯᠠᠵᠤ ᠳᠠᠯᠳᠠᠭᠤᠷ ᠲᠣᠭᠲᠠᠭᠠᠬᠤ ᠂ ᠳᠠᠭᠠᠭᠠᠴᠢᠯᠠᠯᠲᠠ ᠬᠦᠯᠢᠶᠡᠬᠦ ᠳᠤ ᠬᠤᠤᠪᠢᠯᠳᠤᠵᠤ ᠬᠤᠮᠣᠷᠭᠠᠯᠠᠬᠤ ᠂ ᠰᠢᠯᠵᠢᠭᠦᠯᠦᠨ ᠳᠠᠭᠠᠭᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ ᠪᠠᠷ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠯᠠᠮᠠᠭᠴᠠ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ︵ᠳᠠᠭᠠᠭᠠᠴᠢᠯᠠᠯᠲᠠ ᠣᠨᠣᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ ᠂ 3 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠴᠠᠭᠠᠵᠠᠯᠠᠬᠤ ᠶᠢᠨ ᠬᠠᠮᠲᠤ ᠂ ᠬᠠᠮᠢᠶ᠎ᠠ ᠪᠦᠬᠦᠢ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶
ᠳᠥᠷᠪᠡ ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ
ᠲᠥᠷᠥᠯ ᠵᠦᠢᠯ ᠤᠨ ᠪᠡᠯᠡ ᠣᠷᠣᠭᠤᠯᠤᠯᠲᠠ ᠳᠤ ︽ᠨᠢᠭᠡ ᠭᠠᠵᠠᠷ ᠢ ᠨᠢᠭᠡ ᠵᠥᠪᠯᠡᠬᠦ ᠶᠢ ᠬᠡᠷᠡᠭᠵᠢᠭᠦᠯᠵᠦ ︾᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠬᠦ ᠳᠤ ᠪᠠᠨ ︽ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠦᠷᠢᠯᠡᠵᠦ ︾᠂ ᠤᠷᠢᠳ ᠢᠶᠠᠷ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠳᠠᠷᠠᠭ᠎ᠠ ᠨᠢ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠨᠡᠮᠡᠭᠳᠡᠭᠦᠯᠬᠦ ᠢᠨᠵᠧᠨᠧᠷᠢᠩ ᠤᠨ ᠳᠡᠰ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ ᠂ ᠲᠠᠷᠢᠶᠠᠨ ᠭᠠᠵᠠᠷ ᠂ ᠤᠰᠤ ᠂ ᠴᠠᠬᠢᠯᠭᠠᠨ ᠂ ᠵᠠᠮ ᠂ ᠣᠢ ᠰᠢᠭᠤᠢ ᠶᠢ ᠶᠡᠷᠦᠩᠬᠡᠶᠢᠯᠡᠨ ᠳᠦᠬᠦᠷᠵᠢᠭᠦᠯᠬᠦ ᠶᠢ ᠪᠡᠶᠡᠯᠡᠭᠦᠯᠵᠦ ᠂ ︽ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ ︾ ᠶᠢ ᠲᠠᠰᠤ ᠵᠣᠭᠰᠣᠭᠠᠵᠤ ᠂ ᠳᠠᠩ ᠭᠠᠭᠴᠠ ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠤᠶᠤ ᠳᠣᠣᠷ᠎ᠠ ᠪᠠᠶᠢᠯᠭᠠᠵᠤ ᠪᠣᠯᠣᠨ᠎ᠠ ᠃ ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠴᠢᠩᠭ᠎ᠠ ᠬᠢᠨᠠᠭᠤᠷ ᠪᠠᠶᠢᠬᠤ ᠵᠠᠷᠴᠢᠮ ᠤᠨ ᠶᠣᠰᠣᠭᠠᠷ ᠲᠤᠰᠠᠭᠠᠷ ᠵᠠᠷᠤᠳᠠᠯ ᠢ ᠦᠨᠡᠨ ᠪᠣᠳᠠᠲᠠᠢ ᠪᠠᠷ ᠵᠠᠷᠤᠯᠭ᠎ᠠ ᠪᠠᠷ ᠵᠢᠭᠰᠠᠭᠠᠨ ᠭᠠᠷᠭᠠᠵᠤ ᠂ ᠨᠡᠶᠢᠲᠡ ᠲᠤᠭ᠎ᠠ ᠶᠢ ᠲᠤᠰ ᠲᠥᠷᠥᠯ ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠢᠴᠢ ᠲᠡᠭᠦᠨ ᠠᠴᠠ ᠳᠡᠭᠡᠭᠰᠢᠬᠢ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5% ᠠᠴᠠ ᠬᠡᠲᠦᠷᠡᠭᠦᠯᠵᠦ ᠪᠣᠯᠬᠤ ᠦᠭᠡᠢ ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠂ ᠪᠥᠬᠦ ᠶᠠᠪᠤᠴᠠ ᠳᠤ ᠮᠥᠷᠳᠡᠵᠦ ᠬᠢᠨᠠᠨ ᠪᠤᠳᠤᠬᠤ ᠠᠵᠢᠯ ᠢ ᠥᠷᠨᠢᠭᠦᠯᠵᠦ ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠲᠣᠭᠠᠴᠠᠭ᠎ᠠ ᠬᠢᠵᠦ ᠂ ᠪᠠᠷᠢᠯᠭ᠎ᠠ ᠶᠢᠨ ᠠᠬᠢᠴᠠ ᠶᠢᠨ ᠵᠣᠭᠤᠰ ᠥᠭᠬᠦ ᠬᠠᠷᠢᠴᠠᠯ ᠢ ᠨᠢᠭᠡᠨᠲᠡ ᠱᠠᠲᠤᠯᠠᠨ ᠰᠢᠯᠭᠠᠨ ᠬᠤᠷᠢᠶᠠᠵᠤ ᠠᠪᠬᠤ ᠶᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ ᠪᠠᠷᠢᠯᠭ᠎ᠠ ᠶᠢᠨ ᠦᠨ᠎ᠡ ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠪᠤᠰᠤᠳ ᠥᠭᠬᠦ ᠶᠣᠰᠣᠲᠠᠢ ᠪᠠᠷᠢᠯᠭ᠎ᠠ ᠶᠢᠨ ᠵᠣᠭᠤᠰ ᠢ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠥᠭᠬᠦ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠲᠠᠪᠤ ᠂ ᠨᠡᠮᠡᠭᠳᠡᠭᠦᠯᠦᠭᠰᠡᠨ ᠭᠠᠵᠠᠷ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠴᠠ ᠡᠮᠦᠨ᠎ᠡ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠵᠠᠷ ᠤᠨ ᠲᠥᠷᠥᠯ ᠤᠨ ᠰᠢᠨᠵᠢ ᠴᠢᠨᠠᠷ ᠢ ᠨᠤᠲᠠᠯᠠᠵᠤ ᠂ ᠣᠳᠣᠬᠢ ᠪᠠᠶᠢᠳᠠᠯ ᠳᠠᠬᠢ ᠲᠠᠷᠢᠮᠠᠯ ᠤᠨ ᠪᠠᠶᠢᠳᠠᠯ ᠤᠨ ᠡᠬᠡ ᠲᠠᠩᠰᠠ ᠶᠢ ᠪᠠᠶᠢᠭᠤᠯᠤᠨ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠣᠷᠣᠨ ᠪᠠᠶᠢᠷᠢ ᠂ ᠲᠤᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ ᠃ ︽ᠨᠢᠭᠡ ᠡᠷᠦᠬᠡ ᠳᠤ ᠨᠢᠭᠡ ᠬᠡᠰᠡᠭ ᠲᠠᠷᠢᠶᠠᠨ ᠭᠠᠵᠠᠷ ︾ ᠤᠨ ᠪᠠᠷᠢᠮᠵᠢᠶ᠎ᠠ ᠶᠣᠰᠣᠭᠠᠷ ︽ᠭᠤᠷᠪᠠ ᠶᠢ ᠬᠤᠪᠢᠷᠠᠭᠠᠬᠤ ᠂ ᠲᠠᠪᠤ ᠶᠢ ᠨᠢᠭᠡᠳᠦᠯᠲᠡᠢ ᠬᠢᠬᠦ ᠂ ᠨᠢᠭᠡ ᠶᠢ ᠳᠠᠬᠢᠨᠲᠠ ᠬᠤᠪᠢᠶᠠᠷᠢᠯᠠᠬᠤ ︾ ︵ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠬᠤᠪᠢᠷᠠᠭᠠᠬᠤ ᠂ ᠡᠮᠬᠢ ᠳᠢᠭᠯᠢᠮ ᠦᠭᠡᠢ ᠭᠠᠵᠠᠷ ᠬᠡᠰᠡᠭ ᠤᠨ ᠵᠠᠭᠠᠭ ᠬᠢᠵᠠᠭᠠᠷ ᠢ ᠬᠤᠪᠢᠷᠠᠭᠠᠬᠤ ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠵᠠᠮ ᠤᠨ ᠪᠠᠶᠢᠷᠢᠰᠢᠭᠤᠯᠤᠯᠲᠠ ᠶᠢ ᠬᠤᠪᠢᠷᠠᠭᠠᠬᠤ︔ ᠰᠢᠨ᠎ᠡ ᠵᠢᠷᠤᠭ ᠲᠥᠯᠥᠪᠯᠡᠭᠡ ᠶᠢᠨ ᠶᠣᠰᠣᠭᠠᠷ ᠂ ᠨᠢᠭᠡᠳᠦᠯᠲᠡᠢ ᠭᠤᠤ ᠰᠤᠪᠠᠭ ᠮᠠᠯᠲᠠᠬᠤ ᠂ ᠨᠢᠭᠡᠳᠦᠯᠲᠡᠢ ᠵᠠᠮ ᠵᠠᠰᠠᠬᠤ ᠂ ᠨᠢᠭᠡᠳᠦᠯᠲᠡᠢ ᠮᠣᠳᠣ ᠲᠠᠷᠢᠵᠤ ᠣᠶᠢᠵᠢᠭᠤᠯᠬᠤ ᠂ ᠭᠠᠵᠠᠷ ᠰᠢᠷᠣᠢ ᠶᠢ ᠨᠢᠭᠡᠳᠦᠯᠲᠡᠢ ᠲᠡᠭᠰᠢᠯᠡᠬᠦ ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ︔ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ ᠳᠠᠷᠠᠭ᠎ᠠ ᠂ ᠲᠠᠷᠢᠶᠠᠴᠢᠨ ᠮᠠᠯᠴᠢᠳ ᠤᠨ ᠤᠤᠯ ᠤᠨ ᠪᠠᠶᠢᠭᠰᠠᠨ ᠲᠠᠯᠠᠪᠠᠶ ᠠᠴᠠ ᠬᠡᠲᠦᠷᠡᠭᠦᠯᠬᠦ ᠦᠭᠡᠢ ᠪᠠᠷ ᠡᠵᠡᠩᠨᠡᠯᠲᠡ ᠶᠢᠨ ᠡᠷᠬᠡ ᠶᠢ ᠡᠷᠦᠬᠡ ᠳᠤ ᠬᠦᠷᠲᠡᠯ᠎ᠡ ᠳᠠᠬᠢᠨᠲᠠ ᠬᠤᠪᠢᠶᠠᠷᠢᠯᠠᠬᠤ︶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ ᠂ ︽ᠵᠢᠵᠢᠭ ᠲᠠᠷᠢᠶᠠᠨ ᠭᠠᠵᠠᠷ ᠢ ᠲᠣᠮᠣ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ︾ ᠶᠢ ᠪᠡᠶᠡᠯᠡᠭᠦᠯᠦᠨ᠎ᠡ ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠤᠯᠤᠰ ᠤᠨ ᠥᠮᠴᠢᠯᠡᠯᠲᠦ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠭᠰᠡᠨ ᠪᠤᠶᠤ ᠡᠵᠡᠯᠡᠨ ᠬᠡᠷᠡᠭᠯᠡᠭᠰᠡᠨ ᠪᠠᠶᠢᠪᠠᠯ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ ᠃ ᠲᠠᠷᠢᠶᠠᠯᠠᠬᠤ ᠭᠠᠵᠠᠷ ᠤᠨ ᠡᠷᠬᠢᠨ ᠲᠣᠭᠤᠷᠢᠨ ᠤ ᠬᠡᠰᠡᠭ ᠪᠤᠰᠠᠭ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ ᠂ ︽ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ︾ ᠪᠤᠶᠤ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ ︾ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠰᠢᠯᠵᠢᠭᠦᠯᠦᠨ ᠭᠠᠷᠭᠠᠬᠤ ᠶᠢ ᠨᠢ ᠵᠥᠪᠰᠢᠶᠡᠷᠡᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶
ᠵᠢᠷᠭᠤᠭ᠎ᠠ ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠠᠰᠤᠨ ᠲᠤᠷᠰᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ ᠂ ︽ᠬᠤᠶᠠᠷ ᠢ ᠰᠤᠭᠤᠴᠢᠵᠤ ᠂ ᠨᠢᠭᠡ ᠶᠢ ᠢᠯᠡ ᠪᠣᠯᠭᠠᠬᠤ ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠂ ᠣᠯᠵᠤ ᠮᠡᠳᠡᠭᠰᠡᠨ ᠠᠰᠠᠭᠤᠳᠠᠯ ᠢ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ ᠂ ᠬᠠᠷ᠎ᠠ ᠴᠠᠭᠠᠨ ᠳᠠᠩᠰᠠ ᠶᠢ ᠪᠠᠶᠢᠭᠤᠯᠵᠤ ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠨ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠬᠤᠶᠠᠷ ᠱᠠᠲᠤᠨ ᠤ ᠲᠠᠷᠢᠶᠠᠯᠠᠩ ᠤᠨ ᠪᠡᠯᠡ ᠣᠷᠤᠭᠤᠯᠤᠯᠲᠠ ᠂ ᠨᠡᠭᠡᠭᠡᠯᠲᠡ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ ᠵᠣᠬᠢᠶᠠᠨ ᠪᠠᠶᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ ᠂ ᠮᠡᠷᠭᠡᠵᠢᠯ ᠤᠨ ᠲᠤᠯᠭᠠᠭᠤᠷᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠥᠰ ᠤᠨ ᠲᠥᠪᠯᠡᠷᠡᠭᠦᠯᠦᠨ ᠠᠵᠢᠯᠯᠠᠬᠤ ᠶᠢ ᠵᠣᠷᠢᠭᠵᠢᠭᠤᠯᠵᠤ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠶᠢ ᠨᠡᠪᠲᠡᠷᠡᠭᠦᠯᠬᠦ ᠶᠢᠨ ᠬᠠᠮᠲᠤ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ︾ ᠵᠢᠵᠢᠭ ᠫᠷᠣᠭ᠍ᠷᠠᠮ ᠢ ᠢᠳᠡᠪᠬᠢᠲᠡᠢ ᠳᠡᠯᠭᠡᠷᠡᠭᠦᠯᠵᠦ ᠂ ᠬᠤᠰᠢᠭᠤ ᠰᠢᠶᠠᠨ ︵ᠬᠤᠲᠠ ᠂ ᠲᠣᠭᠤᠷᠢᠭ︶ ᠳᠤ ᠲᠠᠷᠢᠶᠠᠴᠢᠨ ᠮᠠᠯᠴᠢᠨ ᠤ ᠬᠢᠨᠠᠯᠲᠠ ᠲᠠᠯᠪᠢᠭᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠤᠨ ᠂ ᠢᠯᠡ ᠪᠠᠷ ᠨᠡᠶᠢᠲᠡᠯᠡᠬᠦ ᠠᠵᠢᠯ ᠢ ᠵᠢᠷᠤᠮᠵᠢᠭᠤᠯᠤᠨ ᠥᠷᠨᠢᠭᠦᠯᠵᠦ ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ ᠃ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ︶
ᠳᠣᠯᠤᠭ᠎ᠠ ᠂ ᠰᠢᠯᠭᠠᠵᠤ ᠬᠤᠷᠢᠶᠠᠨ ᠠᠪᠴᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ ᠬᠡᠷᠡᠭᠲᠡᠢ
ᠠᠶᠢᠮᠠᠭ ᠬᠤᠳᠡ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠬᠠᠷᠢᠴᠠᠯ ᠢ ᠳᠥᠷᠦᠯ ᠵᠦᠢᠯ ᠤᠨ ᠲᠣᠭᠤᠷᠢᠭ ᠢᠶᠠᠷ 100% ᠳᠤ ᠬᠦᠷᠦᠭᠦᠯᠵᠦ ᠂ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ ᠬᠠᠷᠢᠴᠠᠯ ᠢ ᠳᠡᠯᠡᠪᠡᠢ ᠶᠢᠨ ᠬᠢᠨᠢ 20% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠃ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠤᠰᠢᠭᠤ ᠰᠢᠶᠠᠨ ︵ᠬᠤᠲᠠ ᠂ ᠲᠣᠭᠤᠷᠢᠭ︶ ᠥᠪᠡᠷ ᠢᠶᠠᠨ ᠪᠡᠯᠡ ᠭᠠᠷᠭᠠᠵᠤ ᠲᠤᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠤᠨ ᠂ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠢ ᠃ ᠬᠤᠰᠢᠭᠤ ᠰᠢᠶᠠᠨ ︵ᠬᠤᠲᠠ ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠲᠣᠭᠲᠠᠭᠠᠬᠤ ᠂ ᠠᠵᠢᠯ ᠳᠠᠭᠤᠰᠬᠠᠬᠤ ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ 3 ᠱᠠᠲᠤᠨ ᠳᠤ ᠪᠦᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠲᠡᠮᠳᠡᠭᠯᠡᠨ ᠣᠷᠣᠭᠤᠯᠬᠤ ᠶᠢᠨ ᠬᠠᠮᠲᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ︶
ᠨᠠᠢᠮᠠ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠷᠠᠭᠤᠯᠬᠤ ᠬᠡᠷᠡᠭᠲᠡᠢ
ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ ᠂ ︽ᠬᠡᠨ ᠠᠰᠢᠭ ᠭᠥᠷᠳᠡᠪᠡᠯ ᠲᠡᠷᠡ ᠬᠠᠮᠢᠶᠠᠷᠤᠨ ᠬᠠᠮᠠᠭᠠᠯᠠᠵᠤ ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ ︾ ᠵᠠᠷᠴᠢᠮ ᠶᠣᠰᠣᠭᠠᠷ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠵᠤ ᠂ ᠣᠯᠠᠨ ᠡᠰᠢᠵᠢᠭᠰᠡᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠡᠵᠡᠩᠨᠡᠯᠲᠡ ᠶᠢᠨ ᠠᠰᠢᠭ ᠣᠷᠣᠯᠭ᠎ᠠ ᠶᠢ ᠭᠤᠣᠯᠳᠠᠭᠤ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ︔ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠠᠬᠢᠨᠲᠠ ᠣᠷᠤᠭᠤᠯᠤᠯᠲᠠ ᠬᠢᠬᠦ ᠂ ᠵᠢᠭᠡᠯᠡᠯᠭᠡ ᠶᠢᠨ ᠲᠡᠮᠳᠡᠭᠲᠦ ᠵᠢᠴᠢ ᠪᠡᠯᠡ ᠲᠣᠬᠢᠷᠠᠭᠤᠯᠭ᠎ᠠ ᠲᠥᠯᠥᠬᠦ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠳᠤ ᠤᠷᠢᠳ ᠢᠶᠠᠷ ᠬᠡᠷᠡᠭᠯᠡᠨ᠎ᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠭᠠᠷᠭᠠᠬᠤ ᠪᠤᠶᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠥᠪᠡᠰᠦᠪᠡᠨ ᠡᠭᠦᠷᠭᠡᠯᠡᠬᠦ ᠶᠢ ᠵᠣᠷᠢᠭᠵᠢᠭᠤᠯᠤᠨ᠎ᠠ ᠃ ︽ᠬᠤᠳᠳᠤᠭ ᠤᠨ ᠳᠠᠷᠤᠭ᠎ᠠ ︾᠂ ︽ᠲᠠᠷᠢᠶᠠᠨ ᠭᠠᠵᠠᠷ ᠤᠨ ᠳᠠᠷᠤᠭ᠎ᠠ ︾ ᠶᠢᠨ ᠳᠦᠷᠢᠮ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠢ ᠳᠡᠯᠭᠡᠷᠡᠭᠦᠯᠵᠦ ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠤᠰᠤᠨ ᠤ ᠦᠨ᠎ᠡ ᠳᠤ ᠵᠢᠯᠣᠭᠤᠳᠤᠯᠭ᠎ᠠ ᠬᠢᠬᠦ ᠪᠠᠨ ᠴᠢᠩᠭᠠᠷᠠᠭᠤᠯᠤᠨ᠎ᠠ ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠠᠷ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠶᠢ ᠰᠦᠪᠡᠭᠴᠢᠯᠡᠨ᠎ᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠢᠭᠤᠭᠳᠠᠮᠠᠯ ᠭᠡᠮ ᠰᠣᠭᠤᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ ᠃ ᠡᠯ᠎ᠡ ᠭᠠᠵᠠᠷ ᠣᠷᠣᠨ ᠤ ᠬᠢᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 10 ᠺᠢᠯᠣᠸᠠᠲ ᠤᠨ ᠴᠠᠬᠢᠯᠭᠠᠨ ᠬᠦᠴᠦᠨ ᠤ ᠵᠠᠮ ᠱᠤᠭᠤᠮ ᠢᠶᠠᠨ ︽ᠰᠠᠶᠢᠨ ᠳᠤᠷ᠎ᠠ ᠠᠴᠠ ᠪᠠᠨ ᠵᠥᠪᠳᠡᠯᠴᠡᠵᠦ ᠂ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠬᠤ ︾ ᠵᠠᠷᠴᠢᠮ ᠶᠣᠰᠣᠭᠠᠷ ᠂ ᠴᠠᠬᠢᠯᠭᠠᠨ ᠬᠠᠩᠭᠠᠬᠤ ᠠᠵᠤ ᠠᠬᠤᠶᠢᠯᠠᠯ ᠳᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠥᠷᠨᠢᠭᠦᠯᠵᠦ ᠂ ᠰᠢᠯᠵᠢᠭᠦᠯᠦᠨ ᠲᠤᠰᠢᠶᠠᠬᠤ ᠴᠤᠪᠤᠷᠠᠯ ᠪᠠ ᠲᠥᠬᠦᠭᠡᠷᠦᠮᠵᠢ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠬᠦᠴᠦᠳᠡᠯ ᠥᠭᠡᠷᠡᠴᠢᠯᠡᠭᠴᠢ ᠵᠢᠴᠢ ᠳᠣᠣᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠢ ᠮᠥᠨ ᠬᠦ ᠤᠤᠯ ᠤᠨ ᠵᠠᠭᠪᠤᠷ ᠢᠶᠠᠷ ᠥᠮᠴᠢᠯᠡᠬᠦ ᠡᠷᠬᠡ ᠶᠢᠨ ᠬᠠᠷᠢᠶᠠᠯᠠᠯ ᠵᠢᠴᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠭᠲᠠᠭᠠᠨ᠎ᠠ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕
ᠶᠢᠰᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠨ ᠭᠦᠨᠵᠡᠭᠡᠶᠢᠷᠡᠭᠦᠯᠬᠦ ᠬᠡᠷᠡᠭᠲᠡᠢ
ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠢᠨᠵᠧᠨᠧᠷᠢᠩ ᠳᠤ ︽ᠪᠠᠶᠢᠭᠤᠯᠬᠤ ᠬᠠᠮᠢᠶᠠᠷᠬᠤ ᠠᠵᠢᠯᠯᠠᠭᠤᠯᠬᠤ ︾ ᠶᠢ ᠨᠢᠭᠡ ᠴᠣᠭᠴᠠᠵᠢᠭᠤᠯᠬᠤ ᠶᠢ ᠠᠬᠢᠭᠤᠯᠤᠨ ᠂ ᠴᠠᠬᠢᠯᠭᠠᠨ ᠬᠦᠴᠦᠨ ᠤ ᠲᠣᠣᠷ ᠤᠨ ᠴᠠᠬᠢᠯᠭᠠᠨ ᠬᠠᠩᠭᠠᠵᠤ ᠪᠠᠶᠢᠭ᠎ᠠ ᠤᠰᠤᠯᠠᠯᠲᠠ ᠶᠢᠨ ᠭᠠᠵᠠᠷ ᠬᠡᠰᠡᠭ ᠪᠣᠯ ᠪᠣᠳᠠᠲᠠᠢ ᠶᠢ ᠦᠨᠳᠦᠰᠦᠯᠡᠨ ᠪᠡᠯᠡ ᠣᠷᠣᠭᠤᠯᠤᠭᠰᠠᠨ ᠲᠤᠭ᠎ᠠ ᠬᠡᠮᠵᠢᠶ᠎ᠡ ᠶᠢ ᠭᠠᠷᠭᠠᠨ ᠠᠪᠴᠤ ᠂ ᠬᠢᠷᠢ ᠭᠡᠮ ᠲᠠᠢ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ ᠂ ᠡᠳ᠋ ᠮᠠᠲ᠋ᠧᠷᠢᠶᠠᠯ ᠬᠤᠳᠠᠯᠳᠤᠨ ᠠᠪᠬᠤ ᠂ ᠪᠠᠷᠢᠯᠭ᠎ᠠ ᠪᠠᠷᠢᠬᠤ ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠬᠤ ᠠᠵᠢᠯ ᠢ ᠵᠣᠬᠢᠶᠠᠨ ᠪᠠᠶᠢᠭᠤᠯᠵᠤ ᠂ ᠤᠰᠤᠯᠠᠬᠤ ᠪᠠ ᠤᠰᠤ ᠵᠠᠯᠠᠬᠤ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠨᠣᠭᠰᠠᠨ ᠵᠣᠭᠤᠰᠤᠨ ᠲᠣᠭᠠᠨ ᠤ 10% ᠠᠴᠠ ᠳᠣᠣᠷ᠎ᠠ ᠦᠭᠡᠢ ᠬᠠᠷᠢᠴᠠᠯ ᠶᠣᠰᠣᠭᠠᠷ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠨᠠᠶᠢᠳᠠᠪᠤᠷᠢᠵᠢᠭᠤᠯᠤᠨ᠎ᠠ ᠃ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ︾ ᠵᠠᠭᠪᠤᠷ ᠢ ᠢᠳᠡᠪᠬᠢᠲᠡᠢ ᠳᠡᠯᠭᠡᠷᠡᠭᠦᠯᠵᠦ ᠂ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠬᠡᠷᠡᠭᠵᠢᠭᠦᠯᠵᠦ ᠪᠣᠯᠬᠤ ᠦᠭᠡᠢ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠂ ᠲᠠᠷᠢᠶᠠᠯᠠᠬᠤ ᠮᠠᠯᠵᠢᠬᠤ ᠡᠷᠦᠬᠡ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠣᠷᠣᠯᠴᠠᠭᠤᠯᠬᠤ ᠬᠡᠷᠡᠭᠲᠡᠢ ᠃ ᠰᠠᠶᠢᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠶᠢ ᠪᠠᠷᠢᠮᠲᠠᠯᠠᠵᠤ ᠂ ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ ᠨᠢ ᠲᠦᠷᠦᠯ ᠵᠦᠢᠯ ᠲᠣᠭᠲᠠᠭᠠᠬᠤ ᠂ ᠤᠷᠢᠳ ᠢᠶᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ ᠂ ᠲᠠᠷᠢᠶᠠᠯᠠᠬᠤ ᠭᠠᠵᠠᠷ ᠢ ᠬᠠᠮᠲᠤ ᠳᠤ ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ ᠤᠨ ᠬᠤᠷᠰᠢᠵᠤ ᠬᠠᠮᠲᠤᠷᠠᠯᠴᠠᠬᠤ ᠡᠵᠡᠩᠨᠡᠯᠲᠡ ᠶᠢ ᠠᠬᠢᠭᠤᠯᠵᠤ ᠂ ᠪᠦᠬᠦᠯᠢ ᠪᠠᠶᠢᠭᠤᠯᠤᠮᠵᠢᠲᠤ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ ᠂ ︽ᠰᠢᠯᠵᠢᠭᠦᠯᠦᠨ ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ ᠪᠣᠷᠣᠯᠠᠭᠤᠯᠬᠤ ︾ ᠪᠦᠬᠦ ᠬᠡᠯᠬᠢᠶ᠎ᠡ ᠶᠢ ᠨᠠᠪᠲᠠᠷᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ ᠂ ᠠᠵᠤ ᠦᠢᠯᠡᠰᠵᠢᠯᠲᠡ ᠂ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ ᠃ ᠭᠤᠷᠪᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶ᠋ᠢᠭ ᠠᠪᠬᠤ ᠪᠠ ᠭᠤᠣᠯ ᠴᠣᠭᠴᠠ ᠶᠢᠨ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠪᠠᠨ ᠰᠠᠨᠠᠭᠠᠴᠢᠯᠠᠨ᠎ᠠ ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ ᠂ ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠭᠰᠠᠨ ᠂ ᠪᠥᠬᠦ ᠬᠤᠰᠢᠭᠤ ᠰᠢᠶᠠᠨ ︵ᠬᠤᠲᠠ ᠂ ᠲᠣᠭᠤᠷᠢᠭ︶ ᠢᠶᠠᠷ ᠠᠬᠢᠭᠤᠯᠬᠤ ᠶᠢ ᠤᠷᠢᠳ ᠢᠶᠠᠷ ᠳᠡᠮᠵᠢᠵᠦ ᠂ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠲᠠᠢ ᠪᠠᠷ ᠪᠦᠲᠦᠭᠡᠨ ᠪᠠᠶᠢᠭᠤᠯᠵᠤ ᠂ ᠰᠢᠨ᠎ᠡ ᠮᠡᠷᠭᠡᠵᠢᠯ ᠂ ᠰᠢᠨ᠎ᠡ ᠵᠠᠭᠪᠤᠷ ᠢ ︽ᠣᠨᠴᠠᠭᠠᠢ ᠠᠴᠠ ᠲᠦᠭᠡᠮᠡᠯ ᠪᠣᠯᠭᠠᠬᠤ ︾ ᠶᠢ ᠦᠷᠭᠦᠯᠵᠢᠯᠡᠨ ᠠᠬᠢᠭᠤᠯᠵᠤ ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕
ᠠᠷᠪᠠ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠣᠰᠣᠭᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ ᠬᠠᠷᠢᠭᠤᠴᠠᠬᠤ ᠬᠡᠷᠡᠭᠲᠡᠢ ᠃ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠢ ᠬᠢᠨᠠᠨ ᠬᠠᠮᠢᠶᠠᠷᠬᠤ ᠨᠢᠭᠡᠴᠢ ᠶᠢ ᠲᠣᠳᠣᠷᠬᠠᠶᠢᠯᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠭᠤᠯᠵᠤ ᠂ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠳᠤ ᠣᠷᠣᠯᠴᠠᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠠᠷᠪᠠᠨ ᠨᠢᠭᠡ ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠦᠨᠡᠯᠡᠵᠦ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭᠠᠨ ᠤ ᠠᠵᠢᠯ ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠬᠢᠭᠡᠳ ᠶᠠᠰᠤ ᠴᠢᠨᠠᠷ ᠂ ᠪᠡᠯᠡ ᠮᠥᠩᠭᠦ ᠶᠢᠨ ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠪᠠ ᠵᠢᠷᠤᠭ ᠢᠶᠠᠷ ᠬᠥᠮᠥᠷᠭᠡ ᠳᠤ ᠣᠷᠣᠭᠤᠯᠬᠤ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠ ᠳᠦᠷᠢᠮ ᠤᠨ ᠪᠠᠶᠢᠭᠤᠯᠤᠯᠲᠠ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ ᠂ ᠳᠠᠷᠠᠭ᠎ᠠ ᠵᠢᠯ ᠨᠢ ᠲᠥᠷᠥᠯ ᠵᠦᠢᠯ ᠤᠨ ᠪᠡᠯᠡ ᠮᠥᠩᠭᠦ ᠬᠤᠪᠢᠶᠠᠷᠢᠯᠠᠬᠤ ᠳᠤ ᠪᠠᠨ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠤᠭᠰᠠᠨ ᠭᠠᠵᠠᠷ ᠣᠷᠣᠨ ᠲᠡᠶᠢᠰᠢ ᠬᠡᠯᠪᠡᠶᠢᠯᠭᠡᠬᠦ ᠬᠡᠷᠡᠭᠲᠡᠢ ᠃ ᠡᠭᠦᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠤᠬᠠᠢ ᠶᠢᠨ ᠵᠢᠯ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ ᠂ ᠲᠣᠭᠤᠷᠢᠭ︶ ᠢ ᠱᠠᠩᠨᠠᠨ ᠬᠥᠬᠢᠭᠦᠯᠵᠦ ᠂ ᠪᠠᠶᠢᠭᠤᠯᠤᠭᠰᠠᠨ ᠲᠥᠷᠥᠯ ᠵᠦᠢᠯ ᠢᠶᠠᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 1000 ᠲᠦᠮᠡᠨ ᠲᠥᠭᠦᠷᠢᠭ ᠲᠣᠬᠢᠷᠠᠭᠤᠯᠤᠨ ᠱᠠᠩᠨᠠᠯ ᠣᠯᠭᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶
ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ ᠃ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ 〔2022〕 72 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃
2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ