|
ᠣᠷᠳᠣᠰ ᠬᠤᠲᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ︾ ᠶᠢᠨ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ ᠭᠤᠷᠪᠠᠨ | ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠴᠢᠬᠤᠯᠠ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ |
|
|
ᠨᠡᠶᠢᠲᠡᠯᠡᠭᠰᠡᠨ ᠴᠠᠭ᠄
2024/9/26
|
|
ᠣᠷᠳᠣᠰ ᠬᠤᠲᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ︾ ᠶᠢᠨ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠴᠢᠬᠤᠯᠠ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃ ᠨᠢᠭᠡ ᠳᠤ᠂ ᠲᠠᠷᠬᠠᠮᠠᠯ ᠴᠡᠪᠡᠷ ᠳᠤᠯᠠᠭᠠᠯᠠᠭ᠎ᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ ᠬᠡᠷᠡᠭᠵᠢᠭᠦᠯᠪᠡ᠃ ᠨᠡᠷᠡᠨ ᠡᠨᠧᠷᠭᠢ᠂ ᠭᠠᠵᠠᠷ ᠤᠨ ᠢᠯᠴᠢ ᠶᠢᠨ ᠡᠨᠧᠷᠭᠢ ᠵᠡᠷᠭᠡ ᠴᠡᠪᠡᠷ ᠡᠨᠧᠷᠭᠢ ᠶᠢ ᠠᠰᠢᠭᠯᠠᠨ ᠠᠪᠴᠠᠯᠳᠤᠭᠤᠯᠵᠤ᠂ ᠴᠡᠪᠡᠷ ᠳᠤᠯᠠᠭᠠᠯᠠᠭ᠎ᠠ ᠶᠢᠨ ᠮᠡᠷᠭᠡᠵᠢᠯ ᠤᠨ ᠠᠷᠭ᠎ᠠ ᠵᠠᠮ ᠤᠨ ᠬᠠᠷᠢᠴᠠᠭᠤᠯᠤᠯ ᠪᠠ ᠵᠢᠱᠢᠶ᠎ᠡ ᠦᠵᠡᠭᠦᠯᠬᠦ ᠬᠡᠷᠡᠭᠯᠡᠯᠲᠡ ᠶᠢ ᠥᠷᠨᠢᠭᠦᠯᠵᠦ᠂ ᠴᠠᠬᠢᠯᠭᠠᠨ ᠲᠣᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠥᠬᠡᠶ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠥᠬᠡᠶ ᠪᠠ ᠠᠵᠢᠯᠯᠠᠭᠤᠯᠵᠤ ᠡᠵᠡᠩᠨᠡᠬᠦ ᠶᠢᠨ ᠨᠡᠮᠡᠭᠦᠷᠢ ᠥᠬᠡᠶ ᠪᠠᠶᠢᠳᠠᠯ ᠳᠣᠣᠷ᠎ᠠ᠂ ᠢᠯᠴᠢ ᠬᠠᠩᠭᠠᠬᠤ ᠥᠪᠡᠷ ᠤᠨ ᠥᠷᠲᠡᠭ ᠢ 55% ᠣᠷᠴᠢᠮ ᠪᠠᠭᠤᠷᠠᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠡᠷᠴᠢᠮ ᠢ 67% ᠣᠷᠴᠢᠮ ᠪᠠᠭᠤᠷᠠᠭᠤᠯᠬᠤ ᠶᠢ ᠪᠡᠶᠡᠯᠡᠭᠦᠯᠪᠡ᠃ ᠬᠤᠶᠠᠷ ᠲᠤ᠂ ᠬᠦᠩᠬᠡᠨᠴᠠᠭᠠᠨ ᠰᠠᠶᠢᠳᠠᠢ ᠨᠡᠬᠦᠷᠡᠰᠦ ᠪᠠᠷ ᠰᠠᠭᠤᠷᠢᠯᠠᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠢᠰᠦᠯᠳᠦᠭᠰᠡᠨ ᠬᠦᠩᠭᠡᠨᠴᠠᠭᠠᠨ ᠦᠢᠯᠡᠳᠬᠦ ᠳᠤ ᠪᠡᠯᠡᠳᠬᠡᠬᠦ ᠰᠢᠨ᠎ᠡ ᠠᠷᠭ᠎ᠠ ᠵᠠᠮ ᠢ ᠰᠦᠪᠡᠭᠴᠢᠯᠡᠪᠡ᠃ ᠵᠦᠩ ᠨᠠᠨ ᠶᠡᠭᠡ ᠰᠤᠷᠭᠠᠭᠤᠯᠢ ᠯᠤᠭ᠎ᠠ ᠬᠦᠩᠬᠡᠨᠴᠠᠭᠠᠨ ᠴᠠᠬᠢᠭᠤᠷ ᠤᠨ ᠭᠦᠨᠴᠡ ᠲᠠᠢ ᠢᠯᠭᠠᠷᠠᠭᠤᠯᠤᠯ ᠠᠴᠠ ᠬᠦᠩᠬᠡᠨᠴᠠᠭᠠᠨ ᠤ ᠪᠠ ᠴᠠᠬᠢᠭᠤᠷ ᠤᠨ ᠢᠰᠦᠯ ᠢ ᠦᠢᠯᠡᠳᠪᠦᠷᠢᠯᠡᠬᠦ ᠶᠢ ᠰᠤᠳᠤᠯᠤᠨ ᠳᠤᠷᠠᠳᠴᠤ᠂ ᠬᠦᠩᠬᠡᠨᠴᠠᠭᠠᠨ ᠰᠠᠶᠢᠳᠠᠢ ᠨᠡᠬᠦᠷᠡᠰᠦ ᠪᠠᠷ ᠰᠠᠭᠤᠷᠢᠯᠠᠭᠤᠯᠤᠭᠰᠠᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠢ ᠲᠦᠷᠬᠡᠳᠬᠡᠨ ᠵᠠᠳᠠᠷᠠᠭᠤᠯᠵᠤ ᠢᠰᠦᠯᠳᠦᠭᠦᠯᠦᠭᠰᠡᠨ ᠬᠦᠩᠬᠡᠨᠴᠠᠭᠠᠨ ᠤ ᠰᠢᠨ᠎ᠡ ᠤᠷᠠᠨ ᠳᠠᠷᠬ᠎ᠠ ᠶᠢ ᠬᠠᠶᠢᠨ ᠰᠦᠪᠡᠭᠴᠢᠯᠡᠬᠦ ᠶᠢ ᠦᠷᠨᠢᠭᠦᠯᠪᠡ᠃ ᠲᠣᠰ ᠮᠡᠷᠭᠡᠵᠢᠯ ᠢ ᠬᠡᠷᠡᠭᠯᠡᠭᠰᠡᠨ ᠠᠴᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 90% ᠠᠴᠠ ᠳᠠᠪᠠᠭᠤᠯᠵᠤ᠂ ᠢᠰᠦᠯᠳᠦᠭᠰᠡᠨ ᠬᠥᠩᠭᠡᠨᠴᠠᠭᠠᠨ ᠤ ᠡᠭᠡᠭᠦᠯᠦᠨ ᠬᠤᠷᠢᠶᠠᠬᠤ ᠨᠣᠷᠮ᠎ᠠ ᠶᠢ 90% ᠠᠴᠠ ᠶᠡᠭᠡ ᠪᠠᠶᠢᠯᠭᠠᠵᠤ᠂ ᠬᠦᠩᠬᠡᠨᠴᠠᠭᠠᠨ ᠰᠠᠶᠢᠳᠠᠢ ᠨᠡᠬᠦᠷᠡᠰᠦ ᠪᠠᠷ ᠰᠠᠭᠤᠷᠢᠯᠠᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠡᠪᠡᠷ ᠪᠦᠭᠡᠳ ᠦᠷᠭᠡᠨ ᠬᠡᠷᠡᠭᠴᠡᠭᠡ ᠪᠠᠷ ᠠᠰᠢᠭᠯᠠᠬᠤ ᠶᠢ ᠪᠡᠶᠡᠯᠡᠭᠦᠯᠵᠦ ᠴᠢᠳᠠᠨ᠎ᠠ᠃ ᠲᠥᠷᠥᠯ ᠵᠦᠢᠯ ᠢ ᠠᠵᠤ ᠦᠢᠯᠡᠳᠪᠦᠷᠢᠵᠢᠭᠦᠯᠦᠨ ᠭᠠᠷᠤᠯᠲᠠ ᠶᠢ ᠨᠢ ᠨᠡᠮᠡᠭᠳᠡᠭᠦᠯᠦᠭᠰᠡᠨ ᠤ ᠳᠠᠷᠠᠭ᠎ᠠ᠂ ᠮᠠᠨ ᠤ ᠤᠯᠤᠰ ᠤᠨ ᠬᠦᠩᠬᠡᠨᠴᠠᠭᠠᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠵᠦ᠂ ᠪᠦᠬᠦ ᠣᠷᠣᠨ ᠤ ᠮᠢᠩᠭᠠᠨ ᠲᠦᠮᠡᠨ ᠲᠣᠨ ᠤ ᠬᠦᠩᠬᠡᠨᠴᠠᠭᠠᠨ ᠤ ᠢᠰᠦᠯ ᠤᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠭᠤᠷᠪᠠ ᠳᠤ᠂ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠰᠢᠰᠲ᠋ᠧᠮ ᠤᠨ ᠰᠢᠨ᠎ᠡ ᠠᠷᠭ᠎ᠠ ᠵᠠᠮ ᠢ ᠰᠦᠪᠡᠭᠴᠢᠯᠡᠪᠡ᠃ ᠡᠸᠤ ᠶᠠᠩ ᠮᠢᠩ ᠭᠤᠣ ᠠᠺᠠᠳᠧᠮᠢᠴᠢ ᠶᠢᠨ ᠪᠦᠯᠬᠦᠮ ᠯᠦᠭᠡ ᠬᠠᠮᠲᠤᠷᠠᠨ᠂ 250 ᠺᠢᠯᠣᠸᠠᠲ ᠤᠨ ᠤᠭᠯᠠᠭᠤᠷᠭ᠎ᠠ ᠪᠦᠬᠦᠢ ᠴᠠᠬᠢᠯᠭᠠᠨ ᠵᠠᠳᠠᠯᠤᠯ ᠤᠨ ᠣᠩᠭᠤᠴᠠ ᠵᠢᠴᠢ ᠤᠰᠤᠳᠦ᠋ᠷᠦᠭᠴᠢᠲᠦ ᠣᠩᠭᠤᠴᠠ ᠶᠢᠨ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠰᠢᠰᠲ᠋ᠧᠮ ᠢ ᠠᠩᠬ᠎ᠠ ᠤᠳᠠᠭ᠎ᠠ ᠪᠠᠶᠢᠭᠤᠯᠵᠤ᠂ 12 ᠴᠠᠭ ᠤᠨ ᠳᠣᠲᠣᠷ᠎ᠠ ᠲᠠᠩ ᠬᠡᠰᠡᠭ ᠤᠨ ᠲᠠᠰ ᠢ ᠰᠣᠯᠢᠬᠤ ᠶᠢ ᠪᠡᠶᠡᠯᠡᠭᠦᠯᠵᠦ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ 90% ᠪᠠᠷ ᠪᠠᠭᠤᠷᠠᠭᠤᠯᠪᠠ︔ ᠴᠢᠩᠬᠤᠸᠠ ᠶᠡᠭᠡ ᠰᠤᠷᠭᠠᠭᠤᠯᠢ ᠶᠢᠨ ᠱᠢ ᠢ ᠰᠢᠶᠠᠩ ᠫᠷᠤᠹᠧᠰᠰᠤᠷ ᠯᠤᠭ᠎ᠠ ᠬᠠᠮᠲᠤᠷᠠᠯᠴᠠᠵᠤ ᠪᠠᠶᠢᠭᠠᠳ᠂ ᠵᠠᠭᠤᠨ ᠺᠢᠯᠣᠸᠠᠲ ᠤᠨ ᠲᠡᠰ ᠤᠨ ᠥᠨᠳᠥᠷ ᠲᠤᠯᠠᠭᠠᠴᠠᠲᠤ ᠬᠤᠵᠢᠷᠯᠢᠭ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠰᠢᠰᠲ᠋ᠧᠮ ᠢ ᠨᠡᠭᠡᠭᠡᠨ ᠬᠥᠭᠵᠢᠭᠦᠯᠵᠦ᠂ 130 ᠭᠷᠠᠳᠦ᠋ᠰ ᠤᠨ ᠨᠥᠬᠦᠴᠡᠯ ᠳᠣᠣᠷᠠᠬᠢ ᠡᠨᠧᠷᠭᠢ ᠪᠠᠭ᠎ᠠ ᠬᠤᠷᠣᠭᠳᠠᠭᠤᠯᠬᠤ ᠤᠰᠤᠲᠥ᠋ᠷᠥᠭᠴᠢ ᠦᠢᠯᠡᠳᠬᠦ ᠶᠢ ᠪᠡᠶᠡᠯᠡᠭᠦᠯᠵᠦ᠂ ᠰᠢᠰᠲ᠋ᠧᠮ ᠤᠨ ᠶᠡᠷᠦᠩᠬᠡᠶᠢᠯᠡᠭᠰᠡᠨ ᠴᠠᠬᠢᠯᠭᠠᠨ ᠤ ᠬᠤᠷᠣᠭᠳᠠᠯ ᠢ 0.6 ᠺᠢᠯᠣᠸᠠᠲ ᠴᠠᠭ / ᠪᠠᠷᠢᠮᠵᠢᠶᠠᠲᠤ ᠳᠥᠷᠪᠡᠯᠵᠢ ᠪᠠᠷ ᠪᠠᠭᠤᠷᠠᠭᠤᠯᠪᠠ᠃ ᠣᠳᠣᠬᠠᠨ ᠳᠤ᠂ ᠨᠢᠭᠡᠨᠲᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠠᠭᠤᠨ ᠺᠢᠯᠣᠸᠠᠲ ᠤᠨ ᠲᠠᠰ ᠤᠨ ᠥᠨᠳᠥᠷ ᠲᠤᠯᠠᠭᠠᠴᠠᠲᠤ ᠬᠤᠵᠢᠷᠯᠢᠭ ᠥᠨᠳᠥᠷ ᠴᠢᠳᠠᠪᠬᠢᠲᠤ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠰᠢᠰᠲ᠋ᠧᠮ ᠤᠨ ᠬᠤᠷᠠᠮᠠᠯ ᠠᠵᠢᠯᠯᠠᠭᠠᠨ ᠢ ᠪᠡᠶᠡᠯᠡᠭᠦᠯᠪᠡ᠃ ︵ᠤᠷᠳᠤᠰ ᠬᠤᠳᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|