ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/27


      9 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ ᠂ ᠡᠯ᠎ᠡ ᠳᠡᠳ᠋ ᠲᠡᠷᠢᠭᠦᠯᠡᠭᠴᠢ ᠶᠢᠨ ᠲᠦᠷᠦᠭᠦᠦ 9 ᠰᠠᠷ᠎ᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠂ ᠣᠷᠣᠰᠢᠵᠤ ᠪᠠᠶᠢᠭ᠎ᠠ ᠠᠰᠠᠭᠤᠳᠠᠯ ᠵᠢᠴᠢ ︽ ᠵᠠᠭᠤᠨ ᠡᠳᠦᠷ ᠤᠨ ᠰᠢᠢᠳᠪᠦᠷᠢᠲᠦ ᠢᠯᠠᠯᠲᠠ ᠶᠢ ᠣᠯᠬᠤ ︾ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ ᠂ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠱᠠᠯᠠᠪᠳᠠᠨ ᠲᠦᠷᠭᠡᠨ ᠭᠦᠢᠴᠡᠳᠬᠡᠵᠦ ᠂ ᠪᠦᠭᠦ ᠵᠢᠯ ᠤᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠴᠢᠬᠤᠯᠠ ᠶᠡᠭᠡ ᠲᠥᠷᠥᠯ ᠵᠦᠢᠯ ᠢ ᠲᠣᠪᠣᠶᠢᠮ᠎ᠠ ᠰᠠᠶᠢᠲᠤᠷ ᠠᠳᠬᠤᠵᠤ ᠂ ᠠᠵᠢᠯ ᠢᠶᠠᠨ ᠡᠬᠢᠯᠡᠭᠦᠯᠦᠭᠡᠳᠦᠢ ᠶᠢ ᠨᠢ ᠵᠢᠯ ᠤᠨ ᠳᠣᠲᠣᠷ᠎ᠠ ᠠᠵᠢᠯ ᠢᠶᠠᠨ ᠡᠬᠢᠯᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠨᠢᠭᠡᠨᠲᠡ ᠠᠵᠢᠯ ᠢᠶᠠᠨ ᠡᠬᠢᠯᠡᠭᠦᠯᠦᠭᠰᠡᠨ ᠨᠢ ᠠᠬᠢᠴᠠ ᠪᠠᠨ ᠱᠠᠯᠠᠪᠳᠠᠨ ᠠᠳᠬᠤᠵᠤ ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠦᠭᠦ ᠬᠦᠴᠦᠨ ᠢᠶᠠᠷ ᠢᠶᠠᠨ ᠥᠷᠭᠡᠳᠬᠡᠵᠦ ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠵᠦ ᠂ ᠪᠤᠶ ᠪᠦᠬᠦᠢ ᠲᠥᠷᠥᠯ ᠵᠦᠢᠯ ᠢ ᠨᠢᠭᠡᠳᠬᠡᠪᠡᠯ ᠵᠣᠬᠢᠬᠤ ᠶᠢ ᠨᠢ ᠪᠦᠭᠦᠨ ᠢ ᠨᠢᠭᠡᠳᠬᠡᠬᠦ ᠪᠠᠷ ᠴᠢᠷᠮᠠᠶᠢᠬᠤ ᠬᠡᠷᠡᠭᠲᠡᠢ ᠃ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠠᠳᠬᠤᠵᠤ ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠂ ︽ ᠵᠢᠷᠭᠤᠭᠠᠨ ᠢᠨᠵᠧᠨᠧᠷᠢᠩ ︾ ᠤᠨ ᠣᠨ ᠤ ᠡᠭᠦᠷᠭᠡ ᠶᠢᠨ ᠰᠡᠭᠦᠯ ᠬᠤᠷᠢᠶᠠᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠃ ᠤᠯᠤᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠲᠡᠮᠡᠴᠡᠨ ᠣᠯᠵᠤ ᠂ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠪᠴᠢᠯᠡᠨ ᠭᠠᠷᠭᠠᠵᠤ ᠂ ᠬᠥᠭᠵᠢᠯᠲᠡ ᠶᠢᠨ ᠳᠤᠮᠳᠠᠬᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ ᠃ ᠲᠠᠩᠰᠠ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ ᠂ ᠠᠶᠤᠯᠭᠦᠢ ᠦᠢᠯᠡᠳᠪᠦᠷᠢᠯᠡᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠨᠠᠮᠤᠷ ᠤᠨ ᠬᠤᠷᠢᠶᠠᠯᠲᠠ ᠶᠢᠨ ᠠᠵᠢᠯ ᠢ ᠰᠠᠶᠢᠲᠤᠷ ᠬᠢᠵᠦ ᠂ ᠮᠥᠬᠦᠯᠢᠭ ᠠᠮᠤ ᠶᠢ ᠴᠤ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠳᠦ ᠬᠢᠵᠠᠭᠠᠷ ᠢ ᠴᠢᠩᠭ᠎ᠠ ᠰᠠᠬᠢᠵᠤ ᠂ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠢᠯᠠᠩᠭᠤᠶ᠎ᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ ᠂ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠷᠬᠡ ᠶᠢ ᠲᠠᠯᠪᠢᠬᠤ ᠰᠠᠨᠠᠯ ᠢ ᠬᠢᠨᠠᠨ ᠵᠥᠪᠯᠡᠵᠦ ᠪᠠᠲᠤᠯᠠᠨ ᠂ ᠲᠥᠷᠥᠯ ᠵᠦᠢᠯ ᠤᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠲᠠᠩᠰᠠ ᠲᠠᠶᠢᠯᠬᠤ ᠲᠠᠰ ᠳᠠᠷᠠᠭᠠᠯᠠᠯ ᠢ ᠳᠥᠭᠦᠮᠴᠢᠯᠡᠨ ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠰᠠᠶᠢᠵᠢᠷᠠᠭᠤᠯᠤᠨ ᠂ ᠲᠥᠷᠥ ᠶᠢᠨ ᠪᠣᠳᠣᠯᠭ᠎ᠠ ᠶᠢᠨ ᠳᠥᠭᠦᠮ ᠳᠥᠲᠡ ᠴᠢᠨᠠᠷ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠠᠵᠤ ᠠᠬᠤᠶᠢᠯᠠᠯ ᠤᠨ ᠥᠷᠢ ᠰᠢᠷᠢ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠂ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠤᠳᠤᠯᠵᠤ ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠶᠢ ᠬᠢᠨᠠᠨ ᠵᠥᠪᠯᠡᠵᠦ ᠪᠠᠲᠤᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ