ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇2024 ﹈ 160 ᠳ᠋ᠤᠭᠠᠷ ᠲᠣᠭᠠᠲᠤ
︽ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2024 — 2025 ᠣᠨ ︶ ︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠄
ᠲᠠᠨ ᠤ ᠬᠤᠲᠠ ᠶᠢᠨ ︽ ︿ ᠵᠢᠨᠢᠩ ᠲᠣᠭᠤᠷᠢᠭ ᠤᠨ ᠰᠢᠨ᠎ᠡ ᠲᠣᠭᠤᠷᠢᠭ ᠪᠠ ᠨᠠᠷᠠᠰᠤᠨ ᠭᠤᠣᠯ ᠤᠨ ᠵᠡᠭᠦᠨ ᠬᠡᠰᠡᠭ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2024 ᠣᠨ ᠤ 6 ᠳ᠋ᠤᠭᠠᠷ ᠰᠠᠷ᠎ᠠ — 2026 ᠣᠨ ᠤ 5 ᠳ᠋ᠤᠭᠠᠷ ᠰᠠᠷ᠎ᠠ ︶ ﹀ ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ ︾ ︵ᠤᠯᠠᠭᠠᠨᠴᠠᠪ ᠵᠠᠰᠠᠭ ᠮᠡᠳᠡᠭᠦᠯᠦᠯᠲᠡ ﹇2024 ﹈ 73 ᠳ᠋ᠤᠭᠠᠷ ᠲᠣᠭᠠᠲᠤ ︶ ᠶᠢ ᠬᠦᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2024 -— 2025 ᠣᠨ ︶ ︾ ᠨᠢ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽ ︿ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ ᠪᠠᠶᠢᠭᠠᠯᠢ ᠡᠬᠢ ᠪᠠᠶᠠᠯᠢᠭ ᠲᠣᠭᠲᠠᠭᠠᠯ ﹇2023 ﹈ 7 ᠳ᠋ᠤᠭᠠᠷ ᠲᠣᠭᠠᠲᠤ ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠨᠠᠷᠢᠨ ᠳᠦᠷᠢᠮ ︵ ᠲᠤᠷᠰᠢᠨ ᠬᠡᠷᠡᠭᠵᠢᠭᠦᠯᠬᠦ ︶ ︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠲᠠᠢ ᠨᠡᠶᠢᠴᠡᠵᠦ ᠪᠠᠶᠢᠭ᠎ᠠ ᠪᠣᠯᠬᠤᠷ᠂︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2024 — 2025 ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃
2024 ᠣᠨ ᠤ 8 ᠳ᠋ᠤᠭᠠᠷ ᠰᠠᠷ᠎ᠠ ᠶᠢᠨ 26 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶