ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ    ᠸᠠᠩ ᠯᠢ ᠰᠢᠶᠠ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/9/29


      9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ  ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠢᠭᠡᠳᠦᠭᠡᠷ ᠰᠤᠳᠤᠯᠭᠠᠨ ᠤ ᠬᠡᠯᠲᠡᠰ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᠾᠧ ᠹᠦ᠋ ︽ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ︾ ᠭᠡᠬᠦ ᠭᠤᠣᠯ ᠰᠡᠳᠦᠪ ᠢᠶᠠᠷ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃

      ᠸᠠᠩ ᠯᠢ ᠰᠢᠶᠠ᠂ ᠬᠡᠯᠪᠡᠷᠢᠴᠢ ᠦᠵᠡᠯ ᠪᠣᠯ ᠨᠠᠮ ᠪᠣᠯᠣᠨ ᠠᠷᠠᠳ ᠲᠦᠮᠡᠨ ᠤ ᠶᠡᠭᠡ ᠳᠠᠶᠢᠰᠤᠨ ᠮᠥᠨ᠂ ᠡᠷᠬᠡᠪᠰᠢ ᠤᠯᠤᠰ ᠲᠦᠷᠦ ᠶᠢ ᠡᠷᠭᠢᠮᠯᠡᠭᠦ ᠥᠨᠳᠥᠷᠴᠡ ᠠᠴᠠ ᠬᠡᠯᠪᠡᠷᠢᠴᠢ ᠦᠵᠡᠯ ᠤᠨ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ ᠶᠢᠨ ︽ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ 20 ᠲᠣᠭᠲᠠᠭᠠᠯ ᠲᠠᠢ ᠬᠠᠷᠭᠤᠭᠤᠯᠵᠤ᠂ ᠬᠡᠯᠪᠡᠷᠢᠴᠢ ᠦᠵᠡᠯ ᠤᠨ ᠠᠷᠬᠠᠭ ᠭᠡᠮ ᠢ ᠵᠣᠷᠢᠭ ᠰᠢᠭᠤᠳᠤᠨ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

      ᠸᠠᠩ ᠯᠢ ᠰᠢᠶᠠ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠᠷ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢ ᠪᠣᠳᠠᠲᠠᠢ ᠪᠢᠰᠢ᠂ ᠳᠡᠭᠡᠷ᠎ᠡ ᠠᠴᠠ ᠳᠣᠷᠣᠭᠰᠢ ᠡᠭᠡᠭᠡ ᠠᠳᠠᠯᠢ ᠪᠠᠶᠢᠬᠤ᠂ ᠠᠵᠢᠯ ᠤᠨ ᠬᠠᠷᠢᠭᠤᠴᠠᠯᠭ᠎ᠠ ᠪᠠᠨ ᠲᠦᠯᠬᠢᠨ ᠵᠠᠶᠢᠯᠠᠭᠤᠯᠬᠤ᠂ ᠠᠵᠢᠯ ᠬᠢᠬᠦ ᠳᠡᠭᠡᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠦᠭᠡᠢ᠂ ᠵᠣᠬᠢᠶᠠᠯ ᠤᠨ ᠰᠤᠷᠲᠠᠯ ᠢ ᠵᠠᠰᠠᠬᠤ ᠳᠤ ᠪᠡᠷᠬᠡ ᠪᠠᠶᠢᠬᠤ ᠵᠡᠷᠭᠡ ᠠᠰᠠᠭᠤᠳᠠᠯ ᠢ ᠲᠣᠪᠤᠶᠢᠯᠭᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠥᠪ ᠤᠨ ᠲᠥᠷᠥ ᠶᠢᠨ ᠪᠣᠳᠣᠯᠭ᠎ᠠ ᠪᠣᠯᠣᠨ ᠪᠦᠭᠦ ᠣᠷᠣᠨ ᠤ ᠪᠠᠶᠢᠳᠠᠯ ᠢ ᠭᠦᠨᠵᠡᠭᠡᠢ ᠰᠤᠳᠤᠯᠵᠤ᠂ ᠬᠠᠷᠠᠴᠠ ᠪᠠᠨ ᠦᠨᠳᠦᠰᠦᠨ ᠱᠠᠲᠤᠨ ᠳᠤ ᠬᠠᠨᠳᠤᠭᠤᠯᠵᠤ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤ ᠲᠡᠶᠢᠰᠢ ᠪᠠᠭᠤᠯᠭᠠᠵᠤ᠂ ᠰᠡᠳᠬᠢᠯ ᠲᠠᠯᠪᠢᠨ ᠦᠨᠳᠦᠰᠦᠨ ᠱᠠᠲᠤ ᠶᠢ ᠬᠠᠪᠰᠤᠷᠤᠨ ᠠᠵᠢᠯ ᠢ  ᠨᠢ ᠰᠠᠶᠢᠵᠢᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠨᠢ ᠰᠢᠢᠳᠪᠦᠷᠢᠯᠡᠬᠦ ᠬᠡᠷᠡᠭᠲᠡᠢ᠃ ᠭᠠᠷ ᠤᠨ ᠦᠰᠦᠭ ᠵᠢᠷᠤᠪᠠᠯ ᠬᠠᠷᠢᠭᠤᠴᠠᠯᠭ᠎ᠠ ᠲᠠᠢ ᠪᠠᠶᠢᠬᠤ᠂ ᠭᠠᠷ ᠳᠠᠮᠵᠢᠪᠠᠯ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠵᠦ᠂ ᠪᠠᠭᠤᠯᠭᠠᠭᠰᠠᠨ ᠪᠢᠴᠢᠭ ᠮᠠᠲ᠋ᠧᠷᠢᠶᠠᠯ ᠨᠢ ᠲᠣᠳᠣᠷᠬᠠᠢ ᠴᠢᠭᠯᠡᠯ ᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠭᠦ ᠬᠡᠷᠡᠭᠲᠡᠢ ᠭᠡᠵᠦ ᠴᠢᠬᠤᠯᠠᠴᠢᠯᠠᠪᠠ᠃

      ᠸᠠᠩ ᠯᠢ ᠰᠢᠶᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠦᠭᠦᠳ ᠪᠡᠶ᠎ᠡ ᠪᠠᠷ ᠢᠶᠠᠨ ᠬᠡᠷᠡᠭᠵᠢᠭᠦᠯᠵᠦ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ︽ ᠲᠦᠷᠦᠭᠦᠴᠢ ᠭᠠᠯᠠᠭᠤ ︾ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠶ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ᠂ ᠥᠭᠡᠷᠡᠴᠢᠯᠡᠯᠲᠡ ᠨᠡᠭᠡᠭᠡᠯᠲᠡ ᠳᠤ ᠠᠰᠢᠭᠲᠠᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠰᠢᠭᠲᠠᠢ᠂ ᠨᠡᠶᠢᠭᠡᠮ ᠤᠨ ᠲᠣᠭᠲᠠᠭᠤᠨ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠠᠭ᠎ᠠ ᠶᠠᠪᠤᠳᠠᠯ ᠵᠢᠵᠢᠭ ᠵᠦᠢᠯ ᠠᠴᠠ ᠡᠬᠢᠯᠡᠨ ᠬᠢᠵᠦ᠂ ᠬᠤᠷᠠᠯ ᠪᠦᠷᠢ᠂ ᠪᠢᠴᠢᠭ ᠮᠠᠲ᠋ᠧᠷᠢᠶᠠᠯ ᠪᠦᠷᠢ᠂ ᠠᠵᠢᠯᠯᠠᠭ᠎ᠠ ᠪᠦᠷᠢ ᠶᠢ ᠴᠥᠮ ᠴᠢᠩᠭ᠎ᠠ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠵᠦ ᠪᠤᠯᠬᠤ ᠦᠭᠡᠢ᠂ ᠦᠨᠳᠦᠰᠦᠨ ᠱᠠᠲᠤᠨ ᠤ ᠬᠢᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠳᠬᠤᠬᠤ ᠳᠡᠭᠡᠷ᠎ᠡ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ