︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/9/29

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

      ᠥᠪᠥᠷ ᠵᠠᠰᠠᠭ ᠠᠯᠪᠠᠨ ᠲᠠᠷᠬᠠᠭᠠᠭᠰᠠᠨ 〔2024〕 8 ᠳ᠋ᠤᠭᠠᠷ ᠲᠣᠭᠠᠲᠤ

 

︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠳᠤ᠄

      ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠮᠲᠤ ᠳᠤ ᠨᠢ ᠰᠠᠶᠢᠲᠤᠷ ᠠᠳᠬᠤᠰᠤᠭᠠᠢ ᠃

      ᠨᠢᠭᠡ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠤᠯᠤᠰ ᠤᠨ ᠬᠠᠤᠯᠢ ᠪᠠᠷ ᠵᠠᠰᠠᠬᠤ ᠶᠢᠨ ᠨᠢᠭᠡᠳᠦᠯ ᠢ ᠦᠨᠡᠨ ᠬᠦ ᠬᠠᠮᠠᠭᠠᠯᠠᠬᠤ ᠬᠡᠷᠡᠭᠲᠡᠢ

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠳᠡᠵᠦ ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ ᠪᠠ ᠴᠢᠳᠠᠮᠠᠭᠠᠢ ᠪᠠᠷ ᠵᠠᠰᠠᠯᠲᠠ ᠬᠢᠬᠦ ᠶᠢ ᠪᠠᠲᠤᠯᠠᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠬᠠᠤᠯᠢ ᠪᠠᠷ ᠵᠠᠰᠠᠬᠤ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠃

      ᠬᠤᠶᠠᠷ ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠦᠨ ᠂ ᠬᠠᠤᠯᠢ ᠲᠣᠭᠲᠠᠭᠠᠯᠲᠠ ᠶᠢᠨ ᠴᠢᠨᠠᠷ ᠰᠠᠶᠢᠲᠠᠢ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ

      ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠱᠠᠭᠠᠷᠳᠠᠯᠭ᠎ᠠ ᠶᠢ ᠬᠠᠤᠯᠢ ᠲᠣᠭᠲᠠᠭᠠᠬᠤ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠬᠡᠷᠡᠭᠲᠡᠢ ᠃ ᠬᠠᠤᠯᠢ ᠲᠣᠭᠲᠠᠭᠠᠬᠤ ᠲᠥᠷᠥᠯ ᠵᠦᠢᠯ ᠢ ᠲᠤᠭᠤᠷᠪᠢᠬᠤ ᠂ ᠬᠢᠨᠠᠨ ᠪᠠᠶᠢᠴᠠᠭᠠᠬᠤ ᠂ ᠵᠣᠬᠢᠴᠠᠭᠤᠯᠬᠤ ᠂ ᠵᠠᠰᠠᠪᠤᠷᠢ ᠣᠷᠣᠭᠤᠯᠬᠤ ᠶᠠᠪᠤᠴᠠ ᠳᠤ ᠂ ᠬᠠᠤᠯᠢ ᠲᠣᠭᠲᠠᠭᠠᠯᠲᠠ ᠳᠤ ᠤᠯᠠᠨ ᠲᠦᠮᠡᠨ ᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠪᠦᠲᠦᠮᠵᠢᠲᠡᠶ ᠥᠷᠭᠡᠳᠬᠡᠵᠦ ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠠᠤᠯᠢ ᠲᠣᠭᠲᠠᠭᠠᠬᠤ ᠦᠢᠯᠡᠳᠦᠯᠭᠡ ᠶᠢᠨ ᠶᠠᠪᠤᠴᠠ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠬᠠᠤᠯᠢ ᠲᠣᠭᠲᠠᠭᠠᠯᠲᠠ ᠳᠤ ᠣᠷᠣᠯᠴᠠᠬᠤ ᠨᠡᠶᠢᠭᠡᠮ ᠨᠡᠶᠢᠲᠡ ᠶᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ ᠢ ᠤᠯᠠᠮ ᠨᠢᠭᠡ ᠠᠯᠬᠤᠮ ᠥᠷᠭᠡᠳᠬᠡᠵᠦ ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠷᠠᠳ ᠤᠨ ᠠᠮᠢᠳᠤᠷᠠᠯ ᠳᠤ ᠣᠶᠢᠷᠠᠳᠬᠤ ᠂ ᠠᠷᠠᠳ ᠤᠨ ᠪᠠᠶᠢᠳᠠᠯ ᠢ ᠣᠶᠢᠯᠠᠭᠠᠬᠤ ᠂ ᠠᠷᠠᠳ ᠤᠨ ᠰᠠᠨᠠᠭ᠎ᠠ ᠪᠣᠳᠣᠯ ᠢ ᠰᠣᠨᠣᠰᠬᠤ ᠂ ᠠᠷᠠᠳ ᠤᠨ ᠤᠬᠠᠭᠠᠨ ᠰᠠᠮᠪᠠᠭ᠎ᠠ ᠶᠢ ᠲᠥᠪᠯᠡᠷᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ ᠃ ᠢᠯᠡ ᠪᠠᠷ ᠰᠠᠨᠠᠯ ᠬᠤᠷᠢᠶᠠᠬᠤ ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠬᠦ ᠂ ᠬᠠᠤᠯᠢ ᠲᠣᠭᠲᠠᠭᠠᠬᠤ ᠵᠥᠪᠳᠡᠯᠴᠡᠭᠡ ᠵᠣᠬᠢᠶᠠᠨ ᠪᠠᠶᠢᠭᠤᠯᠬᠤ ᠂ ᠬᠠᠤᠯᠢ ᠲᠣᠭᠲᠠᠭᠠᠬᠤ ᠨᠤᠲᠠᠯᠠᠯᠲᠠ ᠶᠢᠨ ᠬᠤᠷᠠᠯ ᠪᠠ ᠰᠠᠭᠤᠳᠠᠯ ᠤᠨ ᠬᠤᠷᠠᠯ ᠢ ᠬᠤᠷᠠᠯᠳᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ ᠂ ᠦᠨᠳᠦᠰᠦᠨ ᠱᠠᠲᠤᠨ ᠤ ᠤᠯᠠᠨ ᠲᠦᠮᠡᠨ ᠂ ᠵᠠᠬ᠎ᠠ ᠳᠡᠯᠭᠡᠭᠦᠷ ᠤᠨ ᠭᠤᠣᠯ ᠴᠣᠭᠴᠠ ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠥᠷᠭᠡᠨ ᠢᠶᠠᠷ ᠰᠣᠨᠣᠰᠴᠤ ᠂ ᠬᠠᠤᠯᠢ ᠲᠣᠭᠲᠠᠭᠠᠯᠲᠠ ᠶᠢᠨ ᠬᠠᠨᠳᠤᠯᠭᠠᠲᠤ ᠴᠢᠨᠠᠷ ᠂ ᠣᠨᠣᠪᠴᠢ ᠶᠢᠨ ᠬᠡᠮᠵᠢᠶ᠎ᠡ ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ ᠂ ᠲᠣᠭᠲᠠᠭᠠᠭᠰᠠᠨ ᠬᠠᠤᠯᠢ ᠶᠢᠨ ᠲᠣᠭᠲᠠᠨᠢᠵᠤ ᠳᠡᠶᠢᠯᠬᠦ ᠂ ᠶᠠᠪᠤᠭᠳᠠᠵᠤ ᠳᠡᠶᠢᠯᠬᠦ ᠂ ᠵᠢᠩᠬᠢᠨᠢ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃

      ᠭᠤᠷᠪᠠ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠨ ᠂ ᠬᠠᠤᠯᠢ ᠲᠣᠭᠲᠠᠭᠠᠬᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠬᠡᠷᠡᠭᠲᠡᠢ

      ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠠᠤᠯᠢ ᠲᠣᠭᠲᠠᠭᠠᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠦᠨ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠡᠯ᠎ᠡ ᠲᠠᠯ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠬᠤ ᠶᠠᠪᠤᠴᠠ ᠳᠠᠬᠢ ᠬᠠᠤᠯᠢ ᠲᠣᠭᠲᠠᠭᠠᠯᠲᠠ ᠶᠢᠨ ᠰᠠᠭᠤᠷᠢᠯᠠᠬᠤ ᠴᠢᠨᠠᠷ ᠂  ᠪᠠᠲᠤᠯᠠᠭᠠᠲᠤ ᠴᠢᠨᠠᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠲᠤᠭᠤᠷᠪᠢᠬᠤ ᠰᠠᠯᠠᠭ᠎ᠠ ᠮᠥᠴᠢᠷ ᠨᠢ ᠲᠤᠭᠤᠷᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠪᠠᠶᠢᠴᠠᠭᠠᠨ ᠰᠤᠳᠤᠯᠵᠤ ᠨᠤᠲᠠᠯᠠᠬᠤ ᠂ ᠰᠠᠨᠠᠯ ᠬᠤᠷᠢᠶᠠᠬᠤ ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠣᠨᠣᠪᠴᠢᠲᠠᠶ ᠡᠵᠡᠮᠳᠡᠵᠦ ᠂ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ︔ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠬᠤ ᠶᠢ ᠴᠢᠬᠤᠯᠠᠴᠢᠯᠠᠵᠤ ᠂ ᠪᠤᠰᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠬᠤᠯᠪᠣᠭᠳᠠᠭᠰᠠᠨ ᠪᠠᠶᠢᠪᠠᠯ ᠭᠦᠢᠴᠡᠳ ᠵᠥᠪᠳᠡᠯᠴᠡᠨ ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠪᠠᠶᠢᠪᠠᠯ ᠪᠠᠶᠢᠭᠤᠯᠤᠮᠵᠢ ᠶᠢᠨ ᠣᠷᠣᠨ ᠲᠤᠭ᠎ᠠ ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ ᠂ ᠰᠢᠢᠳᠪᠦᠷᠢᠯᠡᠬᠦ ᠳᠤ ᠪᠡᠷᠬᠡᠲᠡᠢ ᠴᠢᠬᠤᠯᠠ ᠶᠡᠭᠡ ᠰᠠᠨᠠᠯ ᠵᠥᠷᠢᠯᠳᠦᠭᠡᠨ ᠢ ᠴᠠᠭ ᠲᠤᠬᠠᠢ ᠳᠤ ᠨᠢ ᠳᠡᠰ ᠳᠠᠷᠠᠭᠠᠯᠠᠯ ᠤᠨ ᠶᠣᠰᠣᠭᠠᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ ᠂ ᠬᠤᠷᠢᠶᠠᠭᠰᠠᠨ ᠡᠯ᠎ᠡ ᠲᠠᠯ᠎ᠠ ᠶᠢᠨ ᠬᠢᠨ ᠤ ᠰᠠᠨᠠᠯ ᠂ ᠣᠷᠣᠰᠢᠵᠤ ᠪᠠᠶᠢᠭ᠎ᠠ ᠴᠢᠬᠤᠯᠠ ᠶᠡᠭᠡ ᠰᠠᠨᠠᠯ ᠵᠥᠷᠢᠯᠳᠦᠭᠡᠨ ᠵᠢᠴᠢ ᠲᠡᠭᠦᠨ ᠢ ᠵᠣᠬᠢᠴᠠᠭᠤᠯᠤᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ ᠂ ᠲᠥᠷᠥᠯ ᠵᠦᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠦᠨ ᠂ ᠬᠢᠨᠠᠭᠤᠯᠬᠤ ᠡᠬᠡ ᠨᠣᠣᠷᠠᠭ ᠪᠤᠶᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠴᠠᠭ ᠲᠤ ᠨᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠵᠦ ᠂ ᠵᠠᠰᠠᠪᠤᠷᠢ ᠣᠷᠣᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠬᠠᠤᠯᠢ ᠲᠣᠭᠲᠠᠭᠠᠬᠤ ᠲᠥᠷᠥᠯ ᠵᠦᠢᠯ ᠢ ᠬᠢᠨᠠᠨ ᠬᠠᠷᠭᠤᠭᠤᠯᠵᠤ ᠬᠠᠷᠢᠭᠤᠴᠠᠨ ᠡᠵᠡᠮᠳᠡᠬᠦ ᠪᠠᠨ ᠴᠢᠩᠭᠠᠳᠬᠠᠵᠤ ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠬᠠᠤᠯᠢ ᠲᠣᠭᠲᠠᠭᠠᠬᠤ ᠲᠥᠯᠥᠪᠯᠡᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ︔ ᠨᠡᠶᠢᠲᠡᠯᠡᠬᠦ ᠪᠠᠷ ᠪᠠᠴᠢᠮ ᠱᠠᠭᠠᠷᠳᠠᠭᠳᠠᠵᠤ ᠪᠠᠶᠢᠭ᠎ᠠ ᠴᠢᠬᠤᠯᠠ ᠶᠡᠭᠡ ᠬᠠᠤᠯᠢ ᠲᠣᠭᠲᠠᠭᠠᠬᠤ ᠲᠥᠷᠥᠯ ᠵᠦᠢᠯ ᠳᠤ ᠂ ᠬᠦᠴᠦᠨ ᠢᠶᠠᠨ ᠨᠢᠭᠡᠳᠦᠯᠲᠡᠢ ᠲᠥᠯᠥᠪᠯᠡᠨ ᠂ ᠤᠷᠢᠳᠴᠢᠯᠠᠨ ᠣᠷᠣᠯᠴᠠᠵᠤ ᠂ ᠲᠦᠷᠭᠡᠳᠬᠡᠨ ᠠᠬᠢᠭᠤᠯᠬᠤ ᠬᠡᠷᠡᠭᠲᠡᠢ︔ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠬᠢᠨᠠᠨ ᠪᠠᠶᠢᠴᠠᠭᠠᠬᠤ ᠂ ᠵᠣᠬᠢᠴᠠᠭᠤᠯᠬᠤ ᠂ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠵᠦ ᠂ ᠲᠣᠭᠲᠠᠭᠠᠯ ᠳᠦᠷᠢᠮ ᠤᠨ ᠡᠬᠡ ᠲᠥᠰᠥᠯ ᠨᠢ ᠦᠨᠳᠦᠰᠦᠨ ᠬᠠᠤᠯᠢ ᠶᠢᠨ ᠲᠣᠭᠲᠠᠭᠠᠯ ᠂ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠬᠦ ᠂ ᠨᠠᠮ ᠪᠠ ᠤᠯᠤᠰ ᠤᠨ ᠦᠨᠳᠦᠰᠦᠨ ᠴᠢᠭᠯᠡᠯᠲᠡ ᠂ ᠲᠥᠷᠥ ᠶᠢᠨ ᠪᠣᠳᠣᠯᠭ᠎ᠠ ᠲᠠᠢ ᠨᠡᠶᠢᠴᠡᠬᠦ ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠨᠡᠶᠢᠴᠡᠬᠦ ᠂ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠂ ᠬᠠᠤᠯᠢ ᠲᠣᠭᠲᠠᠭᠠᠬᠤ ᠳᠡᠰ ᠳᠠᠷᠠᠭᠠᠯᠠᠯ ᠪᠠ ᠬᠠᠤᠯᠢ ᠲᠣᠭᠲᠠᠭᠠᠬᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃

 

2024 ᠣᠨ ᠤ 2 ᠳ᠋ᠤᠭᠠᠷ ᠰᠠᠷ᠎ᠠ ᠶᠢᠨ 7 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

0929附件.jpg

0929附件2.jpg

0929附件3.jpg

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ