|
ᠤᠯᠠᠭᠠᠨᠬᠠᠳᠠ ᠬᠤᠲᠠ ᠶᠢᠨ ︽ᠰᠥᠩ ᠯᠢᠶᠤᠤ ᠶᠢᠨ ᠬᠤᠲᠤᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠬᠡᠯᠪᠡᠷᠢ ᠶᠢᠨ ᠦᠷᠡᠨ ᠤ ᠠᠭᠤᠷᠬᠠᠶ︾ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠭᠤᠷᠬᠠᠢ ᠬᠠᠶᠢᠭᠰᠠᠨ ᠦᠷ᠎ᠡ ᠪᠦᠲᠦᠭᠡᠯ ᠰᠢᠨ᠎ᠡ ᠰᠢᠪᠲᠤᠯᠤᠯᠲᠠ ᠶᠢ ᠪᠡᠶᠡᠯᠡᠭᠦᠯᠪᠡ |
|
|
ᠨᠡᠶᠢᠲᠡᠯᠡᠭᠰᠡᠨ ᠴᠠᠭ᠄
2024/9/29
|
|
ᠤᠯᠠᠭᠠᠨᠬᠠᠳᠠ ᠬᠤᠲᠠ ᠶᠢᠨ ︽ᠰᠥᠩ ᠯᠢᠶᠤᠤ ᠶᠢᠨ ᠬᠤᠲᠤᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠬᠡᠯᠪᠡᠷᠢ ᠶᠢᠨ ᠦᠷᠡᠨ ᠤ ᠠᠭᠤᠷᠬᠠᠶ︾ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠭᠤᠷᠬᠠᠢ ᠬᠠᠶᠢᠭᠰᠠᠨ ᠦᠷ᠎ᠡ ᠪᠦᠲᠦᠭᠡᠯ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳ᠋ᠧᠩ ᠵᠢᠶᠦ᠋ᠨ ᠵᠡᠷᠭᠡ 5 ᠠᠺᠠᠳᠧᠮᠢᠴᠢ ᠶᠢᠨ ᠮᠠᠭᠠᠳᠯᠠᠨ ᠲᠣᠭᠲᠠᠭᠠᠯᠲᠠ ᠪᠠᠷ ᠤᠯᠠᠭᠠᠨᠬᠠᠳᠠ ᠬᠤᠲᠠ ᠶᠢᠨ ︽ᠰᠦᠩ ᠯᠢᠶᠣᠤ ᠶᠢᠨ ᠬᠤᠲᠣᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠬᠡᠯᠪᠡᠷᠢ ᠶᠢᠨ ᠦᠷᠡᠨ ᠤ ᠠᠭᠤᠷᠬᠠᠢ ᠶᠢᠨ ᠣᠨᠣᠯ ᠤᠨ ᠮᠡᠷᠭᠡᠵᠢᠯ ᠤᠨ ᠰᠢᠨ᠎ᠡ ᠡᠭᠦᠳᠦᠯᠲᠡ︾ ᠶᠢᠨ ᠦᠷ᠎ᠡ ᠪᠦᠲᠦᠭᠡᠯ ᠨᠢ ᠦᠷᠡᠨ ᠤ ᠠᠭᠤᠷᠬᠠᠢ ᠶᠢᠨ ᠠᠭᠤᠷᠬᠠᠢ ᠬᠠᠶᠢᠬᠤ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠪᠠᠶᠢᠨ᠎ᠠ᠃ ᠲᠤᠰ ᠮᠡᠷᠭᠡᠵᠢᠯ ᠢ ᠴᠥᠮ᠎ᠡ ᠶᠢᠨ ᠠᠵᠤ ᠦᠢᠯᠡᠳᠪᠦᠷᠢ ᠶᠢᠨ ᠬᠤᠶᠠᠷ ᠳᠥᠷᠪᠡ ᠭᠤᠷᠪᠠ ᠶᠡᠭᠡ ᠠᠩᠭᠢ ᠪᠠ ᠳ᠋ᠦᠩ ᠬᠤᠸᠠ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ ᠠᠴᠠ ᠬᠠᠮᠲᠤᠷᠠᠨ ᠰᠤᠳᠤᠯᠤᠨ ᠨᠡᠭᠡᠭᠡᠵᠦ᠂ ᠰᠦᠩ ᠯᠢᠶᠣᠤ ᠶᠢᠨ ᠬᠤᠲᠣᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠬᠡᠯᠪᠡᠷᠢ ᠶᠢᠨ ᠦᠷᠡᠨ ᠤ ᠠᠭᠤᠷᠬᠠᠢ ᠶᠢᠨ ᠡᠷᠦᠳᠡᠰᠦ ᠶᠢᠨ ᠣᠨᠣᠯ ᠬᠢᠭᠡᠳ ᠠᠭᠤᠷᠬᠠᠢ ᠬᠠᠶᠢᠬᠤ ᠵᠠᠩᠭᠢᠯᠠᠭ᠎ᠠ ᠶᠢᠨ ᠮᠡᠷᠭᠡᠵᠢᠯ ᠢᠶᠠᠷ ᠰᠤᠳᠤᠯᠤᠭᠳᠠᠬᠤᠨ ᠪᠣᠯᠭᠠᠵᠤ᠂ ᠦᠷᠡᠨ ᠤ ᠠᠭᠤᠷᠬᠠᠶ ᠶᠢ ᠬᠠᠶᠢᠨ ᠪᠠᠶᠢᠴᠠᠭᠠᠵᠤ ᠣᠯᠣᠭᠰᠠᠨ ᠣᠳᠣᠬᠢ 7 ᠲᠥᠷᠥᠯ ᠤᠨ ᠦᠷ᠎ᠡ ᠪᠦᠲᠦᠭᠡᠯ ᠤᠨ ᠰᠠᠭᠤᠷᠢ ᠲᠠᠢ ᠤᠶᠠᠯᠳᠤᠭᠤᠯᠤᠨ ᠬᠤᠷᠠᠮᠠᠯ ᠪᠦᠬᠦᠢ ᠠᠪᠴᠠᠯᠳᠤᠩᠭᠤᠢ ᠪᠣᠯᠪᠠᠰᠤᠷᠠᠭᠤᠯᠵᠤ᠂ ᠣᠯᠠᠨ ᠤᠯᠤᠰ ᠲᠠᠬᠢ ᠥᠪᠡᠷᠮᠢᠴᠡ ︽ᠬᠤᠣᠰ ᠱᠠᠲᠤ ᠦᠶ᠎ᠡ ᠬᠤᠣᠰ ᠬᠡᠪ ᠵᠠᠭᠪᠤᠷ︾ ᠪᠦᠬᠦᠢ ᠦᠷᠡᠨ ᠤ ᠠᠭᠤᠷᠬᠠᠢ ᠪᠣᠯᠬᠤ ᠰᠢᠨ᠎ᠡ ᠣᠨᠣᠯ ᠢ ᠡᠭᠦᠳᠴᠦ᠂ ᠠᠭᠤᠷᠬᠠᠢ ᠬᠠᠶᠢᠵᠤ ᠣᠯᠬᠤ ᠰᠢᠨ᠎ᠡ ᠵᠠᠭᠪᠤᠷ ᠢ ᠪᠠᠶᠢᠭᠤᠯᠤᠨ᠂ ᠪᠦᠷᠬᠦᠴᠡ ᠪᠠᠷ ᠵᠤᠵᠠᠭᠠᠯᠢᠭ ᠡᠷᠦᠳᠡᠰᠦ ᠶᠢᠨ ᠴᠣᠭᠴᠠ ᠶᠢᠨ ᠠᠭᠤᠷᠬᠠᠢ ᠬᠠᠶᠢᠬᠤ ᠵᠠᠩᠭᠢᠯᠠᠭ᠎ᠠ ᠶᠢᠨ ᠨᠡᠶᠢᠯᠡᠮᠡᠯ ᠮᠡᠷᠭᠡᠵᠢᠯ ᠢ ᠴᠣᠭᠴᠠᠯᠠᠨ ᠪᠠᠶᠢᠭᠤᠯᠵᠤ᠂ ᠠᠭᠤᠷᠬᠠᠶ ᠬᠠᠶᠢᠬᠤ ᠬᠠᠷᠠᠯᠲᠠᠲᠤ ᠣᠷᠣᠨ ᠤ ᠬᠡᠪᠴᠢᠶ᠎ᠡ ᠶᠢ ᠲᠦᠢᠯ ᠤᠨ ᠶᠡᠭᠡ ᠪᠠᠷ ᠪᠠᠭᠠᠰᠬᠠᠪᠠ᠃ ᠣᠳᠣᠬᠠᠨ ᠳᠤ᠂ ᠲᠣᠰ ᠮᠡᠷᠭᠡᠵᠢᠯ ᠤᠨ ᠦᠷ᠎ᠡ ᠪᠦᠲᠦᠭᠡᠯ ᠢ ᠰᠥᠩ ᠯᠢᠶᠤᠤ ᠶᠢᠨ ᠬᠤᠲᠣᠭᠤᠷ ᠤᠨ ᠡᠮᠦᠨᠡᠲᠦ ᠬᠡᠰᠡᠭ ᠲᠠᠬᠢ ᠠᠭᠤᠷᠬᠠᠢ ᠬᠠᠶᠢᠬᠤ ᠦᠢᠯᠡᠳᠦᠯᠭᠡ ᠳᠤ ᠥᠷᠭᠡᠨ ᠢᠶᠠᠷ ᠬᠡᠷᠡᠭᠯᠡᠵᠦ᠂ ᠲᠣᠮᠣ ᠳᠤᠮᠳᠠ ᠬᠡᠯᠪᠡᠷᠢ ᠶᠢᠨ ᠬᠦᠳᠡᠷ ᠤᠨ ᠬᠡᠪᠲᠡᠰᠢ 2 ᠵᠢᠴᠢ ᠣᠯᠠᠨ ᠠᠭᠤᠷᠬᠠᠢ ᠶᠢᠨ ᠭᠠᠷᠤᠯᠲᠠ ᠶᠢᠨ ᠣᠷᠣᠨ ᠳᠤ ᠨᠢᠭᠡᠨᠲᠡ ᠨᠠᠶᠢᠳᠠᠪᠤᠷᠢᠵᠢᠭᠤᠯᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|