|
ᠮᠠᠨ ᠤ ᠣᠷᠣᠨ ᠵᠦᠩ ᠵᠧᠩ ᠲᠠᠪᠴᠠᠩ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ |
|
|
ᠨᠡᠶᠢᠲᠡᠯᠡᠭᠰᠡᠨ ᠴᠠᠭ᠄
2024/9/29
|
|
ᠮᠠᠨ ᠤ ᠣᠷᠣᠨ ᠵᠦᠩ ᠵᠧᠩ ᠲᠠᠪᠴᠠᠩ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠵᠦᠩ ᠵᠧᠩ ᠲᠠᠪᠴᠠᠩ ᠨᠢ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠪᠡᠯᠡᠳᠭᠡᠮᠵᠢ ᠪᠣᠯᠤᠭᠰᠠᠨ ᠤ ᠬᠤᠪᠢ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠢ ᠠᠮᠢᠯᠠᠭᠤᠯᠬᠤ ᠳᠤ ᠪᠦᠲᠦᠮᠵᠢᠲᠡᠢ ᠠᠷᠭ᠎ᠠ ᠵᠠᠮ ᠬᠠᠩᠭᠠᠵᠠᠢ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠪᠠᠯᠠ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠴᠢ ᠨᠡᠶᠢᠲᠡ 10094 ᠪᠠᠶᠢᠵᠤ᠂ 8939 ᠬᠤᠪᠢ ᠪᠠᠯᠠ ᠲᠣᠬᠢᠷᠠᠭᠤᠯᠬᠤ ᠠᠷᠠᠯᠵᠢᠶ᠎ᠠ ᠶᠢ ᠠᠬᠢᠭᠤᠯᠵᠤ᠂ ᠪᠠᠯᠠ ᠲᠣᠬᠢᠷᠠᠭᠤᠯᠤᠭᠰᠠᠨ ᠵᠣᠭᠤᠰ ᠤᠨ ᠲᠤᠭ᠎ᠠ ᠨᠢ 3079.72 ᠳ᠋ᠦᠩᠰᠢᠭᠤᠷ ᠲᠥᠭᠦᠷᠢᠭ ᠲᠤ ᠬᠦᠷᠴᠡᠶ︔ ᠡᠭᠦᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 5682 ᠬᠤᠪᠢ ᠪᠠᠯᠠ ᠲᠣᠬᠢᠷᠠᠭᠤᠯᠬᠤ ᠶᠢ ᠳᠡᠮᠵᠢᠵᠦ᠂ ᠵᠣᠭᠤᠰ ᠤᠨ ᠲᠤᠭ᠎ᠠ ᠨᠢ 2435.92 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ 63.56%᠂ 79.1% ᠶᠢ ᠡᠵᠡᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠠᠷᠭ᠎ᠠ ᠵᠠᠮ ᠢ ᠪᠦᠲᠦᠮᠵᠢᠲᠡᠶ ᠥᠷᠭᠡᠳᠬᠡᠪᠡ᠃ ︵ᠳᠤᠮᠳᠠᠳᠤ ᠤᠯᠤᠰ ᠤᠨ ᠠᠷᠠᠳ ᠤᠨ ᠪᠠᠩᠬᠢ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|