︽ᠲᠤᠳᠤᠭᠠᠳᠤᠬᠢ ᠭᠠᠳᠠᠭᠠᠳᠠᠬᠢ ᠶᠢ ᠬᠠᠪᠰᠤᠷᠭᠠᠨ ᠵᠠᠰᠠᠵᠤ︾ ︽ᠬᠤᠶᠠᠷ ᠵᠠᠬ᠎ᠠ ᠳᠡᠯᠭᠡᠭᠦᠷ︾ ᠢ ᠬᠥᠭᠵᠢᠭᠦᠯᠦᠨ ᠨᠡᠭᠡᠭᠡᠯᠲᠡ ᠬᠥᠭᠵᠢᠯᠲᠡ ᠨᠡᠩ ᠥᠨᠳᠥᠷ ᠳᠡᠰ ᠳᠠᠪᠬᠤᠷᠭ᠎ᠠ ᠳᠤ ᠠᠬᠢᠪᠠ
ᠨᠡᠶᠢᠲᠡᠯᠡᠭᠰᠡᠨ ᠴᠠᠭ᠄
2024/9/29

      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠢᠭᠡᠳᠦᠯᠲᠡᠢ ᠲᠦᠯᠦᠪᠯᠡᠨ ᠠᠰᠢᠭᠯᠠᠵᠤ᠂ ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠬᠦᠷᠲᠡᠯ᠎ᠡ᠂ ᠪᠢᠲᠡᠭᠦᠮᠵᠢᠯᠡᠭᠰᠡᠨ ᠬᠠᠭᠠᠰ ᠪᠢᠲᠡᠭᠦᠮᠵᠢᠯᠡᠵᠦ ᠪᠠᠶᠢᠭᠰᠠᠨ ᠠᠴᠠ ᠪᠦᠬᠦ ᠲᠠᠯ᠎ᠠ ᠪᠠᠷ ᠨᠡᠭᠡᠭᠡᠯᠲᠡ ᠬᠢᠬᠦ ᠬᠦᠷᠲᠡᠯᠡᠬᠢ ᠴᠢᠬᠤᠯᠠ ᠶᠡᠭᠡ ᠡᠷᠭᠢᠯᠲᠡ ᠲᠠᠢ ᠪᠣᠯᠲᠠᠯ᠎ᠠ᠂ ᠳᠣᠲᠣᠭᠠᠳᠤ ᠭᠠᠳᠠᠭᠠᠳᠤ ᠠᠷᠠᠯᠵᠢᠶ᠎ᠠ ᠴᠥᠮ ᠬᠥᠭᠵᠢᠯ ᠴᠡᠴᠡᠭᠯᠡᠯ ᠲᠠᠢ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠣᠯᠭᠤᠭᠰᠠᠨ ︽ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠣᠯᠭᠠᠬᠤ ᠪᠠᠷ ᠴᠢᠷᠮᠠᠶᠢᠵᠤ᠂ ᠪᠥᠬᠦ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠪᠦᠲᠦᠴᠡ ᠶᠢ ᠲᠠᠰᠤᠷᠠᠯᠲᠠ ᠥᠬᠡᠶ ᠲᠠᠰ ᠳᠡᠪᠰᠢᠭᠦᠯᠵᠦ᠂ ᠰᠢᠨ᠎ᠡ ᠪᠠᠷ ᠬᠥᠭᠵᠢᠵᠦ ᠪᠠᠶᠢᠭ᠎ᠠ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠥᠬᠡᠶ ᠭᠠᠷᠴᠤ᠂ ᠣᠯᠠᠨ ᠡᠰᠢᠵᠢᠭᠰᠡᠨ ᠣᠯᠠᠨ ᠳᠠᠪᠬᠤᠷᠭ᠎ᠠ ᠶᠢᠨ ᠬᠡᠷᠡᠭᠯᠡᠭᠡ ᠶᠢᠨ ᠪᠠᠶᠢᠷᠢᠰᠢᠯ ᠠᠯᠬᠤᠮ ᠠᠯᠬᠤᠮ ᠢᠶᠠᠷ ᠪᠦᠷᠢᠯᠳᠦᠵᠦ᠂ ᠬᠡᠷᠡᠭᠯᠡᠭᠡ ᠶᠢᠨ ᠵᠠᠬ᠎ᠠ ᠳᠡᠯᠭᠡᠭᠦᠷ ᠴᠣ᠋ ᠰᠢᠨ᠎ᠡ ᠬᠥᠭᠵᠢᠯᠲᠡ ᠶᠢᠨ ᠴᠠᠭ ᠦᠶ᠎ᠡ ᠳᠤ ᠪᠠᠨ ᠣᠷᠣᠪᠠ᠃

      ᠨᠢᠭᠡ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠲᠠᠰᠤᠷᠠᠯᠲᠠ ᠦᠭᠡᠢ ᠥᠷᠭᠡᠳᠴᠦ᠂ ᠰᠢᠨ᠎ᠡ ᠪᠠᠷ ᠬᠥᠭᠵᠢᠵᠦ ᠪᠠᠶᠢᠭ᠎ᠠ ᠬᠡᠷᠡᠭᠯᠡᠭᠡ ᠴᠡᠴᠡᠭᠯᠡᠨ ᠬᠥᠭᠵᠢᠪᠡ

      ︵ᠨᠢᠭᠡ︶ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠦᠷᠭᠦᠯᠵᠢᠯᠡᠨ ᠥᠷᠭᠡᠳᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠤᠨ ᠦᠢᠯᠡᠳᠪᠦᠷᠢᠯᠡᠯ ᠠᠮᠢᠳᠤᠷᠠᠯ ᠡᠬᠢᠯᠡᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠵᠤ᠂ ᠠᠮᠢᠳᠤᠷᠠᠯ ᠤᠨ ᠲᠦᠪᠰᠢᠨ ᠰᠠᠶᠢᠵᠢᠷᠠᠵᠤ᠂ ᠬᠡᠷᠡᠭᠯᠡᠭᠡ ᠡᠬᠢᠯᠡᠨ ᠰᠡᠷᠭᠦᠯᠲᠡ ᠶᠢᠨ ᠴᠢᠨᠠᠷᠲᠠᠢ ᠨᠡᠮᠡᠭᠳᠡᠪᠡ᠃ 1977 ᠣᠨ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ 34.7 ᠳ᠋ᠦᠩᠰᠢᠭᠤᠷ ᠲᠥᠭᠦᠷᠢᠭ ᠲᠤ ᠬᠦᠷᠴᠦ᠂ 1949 ᠣᠨ ᠤ ᠬᠢ ᠠᠴᠠ ᠪᠠᠨ 30.8 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 13.2% ᠨᠡᠮᠡᠭᠳᠡᠨ᠂ ᠠᠷᠠᠳ ᠤᠨ ᠠᠮᠢᠳᠤᠷᠠᠯ ᠤᠨ ᠬᠡᠷᠡᠭᠯᠡᠭᠡ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠬᠦ ᠬᠤᠭᠤᠴᠠᠭᠠᠨ ᠳᠤ ᠣᠷᠣᠪᠠ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠠᠴᠠ ᠨᠠᠭᠠᠰᠢ᠂ ᠥᠭᠡᠷᠡᠴᠢᠯᠡᠯᠲᠡ ᠨᠡᠭᠡᠭᠡᠯᠲᠡ ᠨᠢ ᠵᠠᠬ᠎ᠠ ᠳᠡᠯᠭᠡᠭᠦᠷ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ 1978 ᠣᠨ ᠤ 36.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 1991 ᠣᠨ ᠤ 163.2 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 11.7% ᠨᠡᠮᠡᠭᠳᠡᠪᠡ᠃ 1992 ᠣᠨ ᠳᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠬᠤᠷᠠᠯᠳᠤᠵᠤ᠂ ᠥᠭᠡᠷᠡᠴᠢᠯᠡᠯᠲᠡ ᠨᠡᠭᠡᠭᠡᠯᠲᠡ ᠪᠣᠯᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠪᠣᠶ ᠪᠣᠯᠭᠠᠵᠤ᠂ ᠲᠠᠸᠠᠷ ᠤᠨ ᠭᠦᠢᠯᠭᠡᠭᠡ ᠨᠢ ᠲᠥᠯᠥᠪᠯᠡᠭᠡᠲᠦ ᠠᠵᠤ ᠠᠬᠤᠶ ᠠᠴᠠ ᠵᠠᠬ᠎ᠠ ᠳᠡᠯᠭᠡᠭᠦᠷ ᠤᠨ ᠠᠵᠤ ᠠᠬᠤᠶ ᠲᠡᠶᠢᠰᠢ ᠤᠷᠤᠭᠰᠢᠯᠠᠵᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ 1992 ᠣᠨ ᠤ 186.6 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2011 ᠣᠨ ᠤ 2878.6 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 15.4% ᠨᠡᠮᠡᠭᠳᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶᠡᠵᠢᠯ ᠦᠷᠭᠦᠯᠵᠢᠯᠡᠨ ᠳᠡᠭᠡᠭᠰᠢᠯᠡᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠶ ᠬᠡᠮᠵᠢᠶ᠎ᠡ 2012 ᠣᠨ ᠤ 3239.2 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2023 ᠣᠨ ᠤ 5374.3 ᠳ᠋ᠦᠩᠰᠢᠭᠤᠷ ᠲᠥᠭᠦᠷᠢᠭ ᠪᠣᠯᠵᠣ᠂ ᠵᠢᠯ ᠪᠦᠷᠢ ᠳᠤᠮᠳᠠᠴᠢ ᠪᠠᠷ 4.7% ᠨᠡᠮᠡᠭᠳᠡᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠨᠡᠯᠢᠶᠡᠳ ᠲᠦᠷᠭᠡᠨ ᠨᠡᠮᠡᠭᠳᠡᠯ ᠨᠢ ᠬᠤᠷᠸ᠎ᠠ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃

      ᠵᠢᠷᠤᠭ 1  1978 — 2023 ᠣᠨ ᠤ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ   ᠨᠢᠭᠡᠴᠢ᠄ ᠳ᠋ᠦᠩᠰᠢᠭᠤᠷ ᠲᠦᠭᠦᠷᠢᠭ

2.jpg

      ︵ᠬᠤᠶᠠᠷ︶ ᠬᠡᠷᠡᠭᠯᠡᠭᠡ ᠶᠢᠨ ᠬᠡᠷᠡᠭᠰᠡᠯ ᠤᠨ ᠲᠤᠭ᠎ᠠ ᠬᠡᠮᠵᠢᠶ᠎ᠡ ᠲᠦᠷᠦᠯ ᠵᠦᠢᠯ ᠡᠳᠦᠷ ᠢᠷᠡᠬᠦᠶ᠎ᠡ ᠡᠯᠪᠡᠭᠵᠢᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠮᠢᠳᠤᠷᠠᠯ ᠤᠨ ᠬᠡᠷᠡᠭᠰᠡᠯ ᠬᠦᠨᠳᠦ ᠨᠣᠴᠢᠲᠠᠶ ᠳᠤᠲᠠᠭᠳᠠᠵᠤ᠂ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠨᠢᠭᠡᠳᠦᠯᠲᠡᠶ ᠬᠤᠳᠠᠯᠳᠤᠨ ᠠᠪᠴᠤ ᠨᠢᠭᠡᠳᠦᠯᠲᠡᠶ ᠪᠤᠷᠤᠯᠠᠭᠤᠯᠬᠤ ᠪᠠᠷ ᠭᠤᠤᠯ ᠪᠣᠯᠭᠠᠵᠤ᠂ ᠬᠡᠷᠡᠭᠯᠡᠭᠡ ᠶᠢᠨ ᠵᠦᠢᠯ ᠢ ᠲᠤᠬᠢᠷᠠᠭᠤᠯᠤᠨ ᠬᠤᠪᠢᠶᠠᠷᠢᠯᠠᠵᠤ᠂ ᠣᠯᠠᠩᠬᠢ ᠶᠢ ᠨᠢ ᠭᠡᠷᠡᠴᠢ ᠪᠠᠷᠢᠮᠲᠠ ᠪᠠᠷ ᠬᠡᠮᠵᠢᠶ᠎ᠡ ᠲᠠᠢ ᠬᠠᠩᠭᠠᠵᠤ᠂ ᠵᠠᠬ᠎ᠠ ᠳᠡᠯᠭᠡᠭᠦᠷ ᠪᠦᠬᠦ ᠲᠠᠯ᠎ᠠ ᠪᠠᠷ ᠪᠠᠴᠢᠮ ᠪᠠᠶᠢᠳᠠᠯ ᠲᠠᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠶᠢᠨ ᠲᠠᠰᠤᠷᠠᠯᠲᠠ ᠤᠢᠭᠡᠢ ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠶ ᠥᠷᠭᠡᠨ ᠠᠭᠤᠳᠠᠮ ᠣᠷᠣᠨ ᠵᠠᠶ ᠶᠢ ᠨᠡᠭᠡᠭᠡᠵᠦ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠴᠢᠩᠭ᠎ᠠ ᠬᠦᠴᠦᠲᠡᠢ ᠪᠠᠶᠢᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠶᠠᠪᠤᠳᠠᠯ ᠬᠥᠭᠵᠢᠶᠡᠨᠲᠡᠶ ᠪᠣᠯᠪᠠ᠃ 2023 ᠣᠨ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ ᠢᠳᠡᠭᠡᠨ ᠤᠮᠳᠠᠭᠠᠨ ᠲᠠᠮᠠᠬᠢ ᠠᠷᠢᠬᠢ᠂ ᠬᠤᠪᠴᠠᠰᠤ ᠬᠤᠨᠠᠷ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠤᠯᠠᠭᠤᠯᠤᠭᠰᠠᠨ ᠲᠤᠭ᠎ᠠ ᠲᠣᠰ ᠲᠣᠰ 206.5 ᠳ᠋ᠦᠩᠰᠢᠭᠤᠷ ᠲᠥᠭᠦᠷᠢᠭ ᠪᠠ 62.2 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 1952 ᠣᠨ ᠤ ᠬᠢ ᠠᠴᠠ 108.8 ᠳᠠᠬᠢᠨ ᠪᠠ 103.7 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ ᠲᠣᠰ ᠲᠣᠰ 6.8% ᠪᠠ 6.7% ᠨᠡᠮᠡᠭᠳᠡᠪᠡ᠃ 2023 ᠣᠨ ᠤ ᠡᠴᠦᠰ ᠲᠤ᠂ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠳᠤᠮᠳᠠᠴᠢ ᠪᠠᠷ ᠵᠠᠭᠤᠨ ᠡᠷᠦᠬᠡ ᠪᠦᠷᠢ ᠳᠤ ᠲᠧᠯᠸᠢᠰ᠂ ᠬᠤᠪᠴᠠᠰᠤ ᠤᠬᠢᠶᠠᠬᠤ ᠮᠠᠰᠢᠨ ᠪᠠ ᠴᠠᠬᠢᠯᠭᠠᠨ ᠬᠦᠯᠳᠡᠭᠡᠭᠦᠷ ᠲᠣᠰ ᠲᠣᠰ 97.5 ᠰᠠᠤᠷᠢ᠂ 99.3 ᠰᠠᠤᠷᠢ᠂ 112.9 ᠰᠠᠤᠷᠢ ᠪᠠᠶᠢᠭᠰᠠᠨ ᠪᠣᠯ ᠬᠠᠷᠢᠨ 1991 ᠣᠨ ᠪᠣᠯᠬᠤ ᠳᠤ ᠲᠣᠰ ᠲᠣᠰ 65.3 ᠰᠠᠤᠷᠢ᠂ 80.7 ᠰᠠᠤᠷᠢ᠂ 23.2 ᠰᠠᠤᠷᠢ ᠪᠣᠯᠣᠭᠰᠠᠨ ᠪᠠᠶᠢᠨ᠎ᠠ᠃

      ︵ᠭᠤᠷᠪᠠ︶ ᠰᠢᠨ᠎ᠡ ᠪᠠᠷ ᠬᠥᠭᠵᠢᠵᠦ ᠪᠠᠶᠢᠭ᠎ᠠ ᠬᠡᠷᠡᠭᠯᠡᠭᠡ ᠶᠢᠨ ᠬᠡᠪ ᠵᠠᠭᠪᠤᠷ ᠲᠠᠰᠤᠷᠠᠯᠲᠠ ᠦᠭᠡᠢ ᠴᠡᠴᠡᠭᠯᠡᠨ ᠬᠥᠭᠵᠢᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠤ ᠬᠡᠷᠡᠭᠯᠡᠭᠡ ᠶᠢᠨ ᠬᠦᠷᠢᠶᠡᠨ ᠳᠤ ᠲᠡᠦᠬᠡᠲᠦ ᠴᠢᠨᠠᠷᠲᠠᠶ ᠯᠤᠲᠤ ᠶᠡᠭᠡ ᠬᠤᠪᠢᠷᠠᠯᠲᠠ ᠭᠠᠷᠴᠤ᠂ ᠬᠡᠷᠡᠭᠯᠡᠭᠡ ᠶᠢᠨ ᠠᠭᠤᠯᠭ᠎ᠠ ᠲᠠᠰᠤᠷᠠᠯᠲᠠ ᠥᠬᠡᠶ ᠥᠷᠭᠡᠳᠴᠦ᠂ ᠬᠡᠷᠡᠭᠯᠡᠭᠡ ᠶᠢᠨ ᠦᠵᠡᠯᠲᠡ ᠨᠠᠩ ᠥᠪᠡᠷᠮᠢᠴᠡᠴᠢᠯᠡᠨ ᠣᠯᠠᠨ ᠡᠰᠢᠴᠢᠯᠡᠵᠦ᠂ ︽ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠰᠡᠯᠡᠭᠦᠴᠡᠯ᠂ ᠵᠤᠭ᠎ᠠ ᠴᠡᠩᠭᠡᠯ᠂ ᠰᠤᠷᠭᠠᠨ ᠬᠥᠮᠦᠵᠢᠯ︾ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠨᠢ ᠤᠯᠠᠮᠵᠢᠯᠠᠯᠲᠤ ᠪᠠᠷᠠᠭ᠎ᠠ ᠬᠤᠳᠠᠯᠳᠤᠨ ᠠᠪᠬᠤ ᠪᠠ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠬᠥᠮᠦᠰ ᠤᠨ ᠡᠳᠦᠷ ᠲᠤᠲᠤᠮ ᠤᠨ ᠬᠡᠷᠡᠭᠯᠡᠭᠡ ᠶᠢᠨ ᠠᠮᠢᠳᠤᠷᠠᠯ ᠤᠨ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ 2023 ᠣᠨ ᠤ ᠡᠴᠦᠰ ᠲᠤ᠂ ᠪᠥᠬᠦ ᠣᠷᠣᠨ ᠤ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠨᠡᠶᠢᠲᠡ 25 ᠡᠷᠦᠬᠡ ᠪᠠᠶᠢᠵᠤ᠂ ᠬᠤᠳᠠᠯᠳᠤᠭᠠᠨ ᠤ ᠡᠷᠦᠬᠡ 5361 ᠪᠣᠯᠵᠣ᠂ 2015 ᠣᠨ ᠤ ᠬᠢ ᠠᠴᠠ ᠪᠠᠨ 3662 ᠨᠡᠮᠡᠭᠳᠡᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠠᠪᠴᠠᠩ ᠤᠨ ᠠᠵᠤ ᠠᠬᠤᠶ ᠶᠢᠨ ᠲᠠᠰᠤᠷᠠᠯᠲᠠ ᠥᠬᠡᠶ ᠰᠢᠨ᠎ᠡ ᠶᠢ ᠡᠭᠦᠳᠬᠦ ᠶᠢ ᠳᠠᠭᠠᠯᠳᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠨᠡᠶᠢᠭᠡᠮ ᠲᠣᠭᠤᠷᠢᠭ ᠬᠠᠮᠲᠤ ᠪᠠᠷ ᠬᠤᠳᠠᠯᠳᠤᠨ ᠠᠪᠬᠤ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ︵ᠪᠠᠷᠠᠭ᠎ᠠ︶ ᠵᠡᠷᠭᠡ ᠪᠣᠷᠣᠯᠠᠭᠤᠯᠭ᠎ᠠ ᠶᠢᠨ ᠰᠢᠨ᠎ᠡ ᠬᠡᠪ ᠵᠠᠭᠪᠤᠷ ᠨᠢ ᠤᠤᠯ ᠤᠨ ᠬᠤᠳᠠᠯᠳᠤᠭᠠᠨ ᠤ ᠪᠣᠷᠤᠯᠠᠭᠤᠯᠬᠤ ᠪᠠ ᠳᠡᠯᠭᠡᠷᠡᠭᠦᠯᠬᠦ ᠬᠡᠪ ᠵᠠᠭᠪᠤᠷ ᠢ ᠡᠪᠳᠡᠵᠦ᠂ ᠪᠥᠬᠦ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ 2023 ᠣᠨ ᠳᠤ᠂ ᠪᠥᠬᠦ ᠣᠷᠣᠨ ᠤ ᠪᠣᠲᠠᠲᠠᠢ ᠪᠣᠳᠠᠰ ᠤᠨ ᠲᠠᠸᠠᠷ ᠤᠨ ᠰᠦᠯᠵᠢᠶ᠎ᠡ ᠪᠠᠷ ᠵᠢᠵᠢᠭᠯᠡᠨ ᠪᠣᠷᠤᠯᠠᠭᠤᠯᠤᠭᠰᠠᠨ ᠬᠡᠮᠵᠢᠶ᠎ᠡ 449 ᠳ᠋ᠦᠩᠰᠢᠭᠤᠷ ᠲᠥᠭᠦᠷᠢᠭ ᠲᠤ ᠬᠦᠷᠴᠦ᠂ 2015 ᠣᠨ ᠤ ᠬᠢ ᠠᠴᠠ ᠪᠠᠨ 11.8 ᠳᠠᠬᠢᠨ ᠨᠡᠮᠡᠭᠳᠡᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ ᠵᠢᠯ ᠳᠠᠷᠠᠭᠠᠯᠠᠨ ᠨᠡᠮᠡᠭᠳᠡᠵᠦ᠂ 2015 ᠣᠨ ᠤ 0.9% ᠪᠠᠶᠢᠭᠰᠠᠨ ᠠᠴᠠ ᠪᠠᠨ ᠨᠡᠮᠡᠭᠳᠡᠭᠡᠳ 2023 ᠣᠨ ᠤ 8.4% ᠪᠣᠯᠵᠣ᠂ 7.5 ᠵᠠᠭᠤᠨ ᠤ ᠴᠡᠭ ᠢᠶᠠᠷ ᠳᠡᠭᠡᠭᠰᠢᠯᠡᠪᠡ᠃

      ᠬᠤᠶᠠᠷ᠂ ᠭᠠᠳᠠᠭᠠᠳᠤ ᠠᠷᠠᠯᠵᠢᠶ᠎ᠠ ᠳᠠᠪᠠᠯᠳᠠ ᠶᠢᠨ ᠮᠠᠶ᠋ᠢᠭ ᠢᠶᠠᠷ ᠬᠥᠭᠵᠢᠵᠦ᠂ ᠠᠷᠠᠯᠵᠢᠶᠠᠨ ᠤ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ

      ︵ᠨᠢᠭᠡ︶ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠤᠳᠠᠭ᠎ᠠ ᠳᠠᠷᠠᠭᠠᠯᠠᠨ ᠰᠢᠨ᠎ᠡ ᠶᠢ ᠡᠭᠦᠳᠪᠡ᠃ ᠥᠭᠡᠷᠡᠴᠢᠯᠡᠯᠲᠡ ᠨᠡᠭᠡᠭᠡᠯᠲᠡ ᠬᠢᠬᠦ ᠠᠴᠠ ᠡᠮᠦᠨ᠎ᠡ᠂ ᠮᠠᠨ ᠤ ᠣᠷᠣᠨ ᠤ ᠪᠠᠷᠠᠭ᠎ᠠ ᠶᠢᠨ ᠠᠷᠠᠯᠵᠢᠶ᠎ᠠ ᠨᠢ ᠭᠤᠤᠯᠳᠠᠭᠤ ᠤᠯᠤᠰ ᠤᠨ ᠲᠥᠪᠯᠡᠷᠡᠩᠭᠦᠶ ᠲᠣᠬᠢᠷᠠᠭᠤᠯᠭ᠎ᠠ ᠳᠣᠤᠷ᠎ᠠ ᠲᠥᠯᠥᠪᠯᠡᠭᠡ ᠶᠢᠨ ᠱᠠᠭᠠᠷᠳᠠᠯᠭ᠎ᠠ ᠶᠢ ᠦᠨᠳᠦᠰᠦᠯᠡᠨ ᠶᠠᠪᠤᠭᠳᠠᠵᠤ᠂ ᠭᠠᠳᠠᠭᠠᠳᠤ ᠠᠷᠠᠯᠵᠢᠶ᠎ᠠ ᠨᠡᠯᠢᠶᠡᠳ ᠳᠣᠤᠷ᠎ᠠ ᠬᠢᠷᠢ ᠬᠡᠮᠵᠢᠶᠡᠨ ᠳᠤ ᠣᠷᠣᠰᠢᠵᠤ ᠪᠠᠶᠢᠵᠠᠢ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠲᠠᠰᠤᠷᠠᠯᠲᠠ ᠦᠭᠡᠢ ᠥᠷᠭᠡᠳᠴᠦ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠪᠴᠢᠯᠡᠨ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠰᠢᠨ᠎ᠡ ᠳᠡᠭᠲᠡᠷ ᠲᠤ ᠭᠠᠷᠪᠠ᠃ 1978 — 2012 ᠣᠨ ᠳᠤ᠂ ᠮᠠᠨ ᠤ ᠣᠷᠣᠨ ᠤ ᠪᠠᠷᠠᠭ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 2674 ᠲᠦᠮᠡᠨ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 707.5 ᠳ᠋ᠦᠩᠰᠢᠭᠤᠷ ᠲᠥᠭᠦᠷᠢᠭ ᠪᠣᠯᠵᠤ᠂ 34 ᠵᠢᠯ ᠳᠤ 2644.8 ᠳᠠᠬᠢᠨ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 26.1%  ᠨᠡᠮᠡᠭᠳᠡᠵᠦ᠂ ᠠᠳᠠᠯᠢ ᠬᠤᠭᠤᠴᠠᠭᠠᠨ ᠤ ᠪᠦᠬᠦ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ ᠬᠡᠮᠵᠢᠶᠡᠨ ᠤ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 4.9 ᠵᠠᠭᠤᠨ ᠤ ᠴᠡᠭ ᠢᠶᠠᠷ ᠥᠨᠳᠦᠷᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠤ ᠪᠠᠷᠠᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠠᠷᠠᠯᠵᠢᠶᠠᠨ ᠤ ᠶᠡᠷᠦᠩᠬᠡᠶ ᠬᠡᠮᠵᠢᠶ᠎ᠡ ᠪᠠᠰᠠ ᠨᠢᠭᠡ ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 9.7% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠶ ᠬᠡᠮᠵᠢᠶᠡᠨ ᠤ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 4.7 ᠵᠠᠭᠤᠨ ᠤ ᠴᠡᠭ ᠢᠶᠠᠷ ᠥᠨᠳᠦᠷᠵᠢᠪᠡ᠃ 2018 ᠣᠨ ᠳᠤ ᠪᠦᠬᠦ ᠣᠷᠣᠨ ᠤ ᠪᠠᠷᠠᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠬᠡᠪᠴᠢᠶᠡᠵᠢᠯ ᠠᠩᠬ᠎ᠠ ᠤᠳᠠᠭ᠎ᠠ 1 ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠠᠢ᠃ 2023 ᠣᠨ ᠳᠤ ᠲᠡᠦᠬᠡ ᠶᠢᠨ ᠬᠠᠮᠤᠭ ᠤᠨ ᠥᠨᠳᠥᠷ ᠲᠦᠪᠰᠢᠨ ᠢ ᠡᠭᠦᠳᠴᠦ᠂ 1960 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃

      ᠵᠢᠷᠤᠭ 2 1978 ᠣᠨ ᠠᠴᠠ ᠨᠠᠭᠠᠰᠢᠬᠢ ᠥᠪᠥᠷ ᠮᠣᠩᠭᠤᠯ ᠤᠨ ᠭᠤᠣᠯ ᠪᠣᠯᠬᠤ ᠣᠨ ᠵᠢᠯ ᠤᠳ ᠲᠠᠬᠢ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠢ ᠬᠡᠮᠵᠢᠶ᠎ᠡ   ᠨᠢᠭᠡᠴᠢ᠄ ᠳ᠋ᠦᠩᠰᠢᠭᠤᠷ ᠲᠦᠭᠦᠷᠢᠭ

1.jpg

      ︵ᠬᠤᠶᠠᠷ︶ ᠭᠠᠳᠠᠭᠠᠳᠤ ᠠᠷᠠᠯᠵᠢᠶᠠᠨ ᠤ ᠲᠠᠸᠠᠷ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ᠂ ᠮᠠᠨ ᠤ ᠣᠷᠣᠨ ᠤ ᠪᠠᠷᠠᠭ᠎ᠠ ᠶᠢᠨ ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠲᠠᠸᠠᠷ ᠤᠨ ᠪᠦᠲᠦᠴᠡ ᠲᠦᠢᠯ ᠤᠨ ᠳᠠᠩ ᠴᠤᠯᠭᠤᠶ ᠪᠠᠶᠢᠵᠤ᠂ ᠠᠮᠤ ᠲᠣᠰᠣ ᠪᠣᠯᠤᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 70% ᠠᠴᠠ ᠳᠡᠭᠡᠭᠰᠢᠬᠢ ᠶᠢ ᠡᠵᠡᠯᠡᠵᠦ ᠪᠠᠶᠢᠵᠠᠢ᠃ 1978 ᠤᠨ ᠳᠤ᠂ ᠪᠦᠬᠦ ᠤᠷᠤᠨ ᠤ ᠪᠠᠷᠠᠭ᠎ᠠ ᠶᠢᠨ ᠭᠠᠳᠠᠭᠠᠲᠦ ᠳᠤ ᠭᠠᠷᠭᠠᠭᠰᠠᠨ ᠬᠡᠮᠵᠢᠶ᠎ᠡ 1768 ᠲᠦᠮᠡᠨ ᠲᠦᠭᠦᠷᠢᠭ ᠪᠠᠶᠢᠵᠤ᠂ ᠭᠠᠳᠠᠭᠠᠲᠦ ᠠᠴᠠ ᠣᠷᠤᠭᠤᠯᠤᠭᠰᠠᠨ ᠬᠡᠮᠵᠢᠶ᠎ᠡ ᠵᠦᠪᠬᠡᠨ 906 ᠲᠦᠮᠡᠨ ᠲᠦᠭᠦᠷᠢᠭ ᠯᠡ ᠪᠠᠶᠢᠵᠠᠢ᠃ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠶᠢ ᠳᠠᠭᠠᠯᠳᠤᠨ᠂ ᠪᠠᠷᠠᠭ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠪᠦᠲᠦᠴᠡ ᠴᠦ ᠵᠣᠭᠤᠰ ᠤᠨ ᠲᠣᠭᠠᠨ ᠤ ᠨᠡᠮᠡᠭᠳᠡᠯ ᠢ ᠳᠠᠭᠠᠯᠳᠤᠨ ᠵᠣᠬᠢᠴᠠᠩᠭᠤᠶ ᠪᠠᠷ ᠲᠣᠬᠢᠷᠠᠭᠤᠯᠤᠯᠲᠠ ᠲᠠᠢ ᠪᠣᠯᠣᠭᠰᠠᠨ ᠪᠠ ᠰᠢᠯᠢᠳᠡᠭᠵᠢᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠴᠢᠳᠠᠮᠵᠢ ᠶᠢ ᠲᠠᠰᠤᠷᠠᠯᠲᠠ ᠥᠬᠡᠶ ᠬᠥᠭᠵᠢᠭᠡᠪᠡ᠃ 2023 ᠣᠨ ᠳᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠠᠸᠠᠷ ᠨᠢᠭᠡᠨᠲᠡ 4 ᠮᠢᠩᠭ᠎ᠠ ᠭᠠᠷᠤᠶ ᠵᠦᠢᠯ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ 98 ᠵᠦᠢᠯ ᠤᠨ ᠲᠠᠸᠠᠷ ᠤᠨ ᠲᠥᠷᠥᠯ ᠢᠯᠭᠠᠯ ᠳᠠᠬᠢ 95 ᠵᠦᠢᠯ ᠢ ᠨᠢ ᠬᠠᠮᠤᠷᠪᠠ᠃ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ ᠮᠠᠰᠢᠨ ᠴᠠᠬᠢᠯᠭᠠᠨ ᠤ ᠦᠢᠯᠡᠳᠬᠦᠨ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠡᠵᠡᠯᠡᠬᠦ ᠬᠠᠷᠢᠴᠠᠯ ᠢᠯᠡᠳᠲᠡ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠪᠠᠷᠠᠭ᠎ᠠ ᠶᠢᠨ ᠭᠠᠳᠠᠭᠠᠳᠤ ᠳᠤ ᠭᠠᠷᠭᠠᠭᠰᠠᠨ ᠲᠤᠭ᠎ᠠ ᠨᠢ 7810 ᠳ᠋ᠦᠩᠰᠢᠭᠤᠷ ᠲᠥᠭᠦᠷᠢᠭ ᠲᠤ ᠬᠦᠷᠴᠦ᠂ 1978 ᠣᠨ ᠤ ᠬᠢ ᠠᠴᠠ ᠪᠠᠨ 4416.4 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 20.5% ᠨᠡᠮᠡᠭᠳᠡᠪᠡ᠃ ᠡᠭᠦᠨ ᠳᠤ᠂ ᠮᠠᠰᠢᠨ ᠴᠠᠬᠢᠯᠭᠠᠨ ᠤ ᠦᠢᠯᠡᠳᠬᠦᠨ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠲᠤᠭ᠎ᠠ ᠨᠢ ᠲᠣᠰ ᠲᠣᠰ 41.1 ᠳ᠋ᠦᠩᠰᠢᠭᠤᠷ ᠳ᠋ᠣᠯᠯᠠᠷ ᠪᠠ 13 ᠳ᠋ᠦᠩᠰᠢᠭᠤᠷ ᠳ᠋ᠣᠯᠯᠠᠷ ᠲᠤ ᠬᠦᠷᠴᠦ᠂ ᠲᠣᠰ ᠲᠣᠰ ᠪᠥᠬᠦ ᠣᠷᠣᠨ ᠤ ᠪᠠᠷᠠᠭᠠᠨ ᠤ ᠭᠠᠳᠠᠭᠠᠳᠤ ᠳᠤ ᠭᠠᠷᠭᠠᠭᠰᠠᠨ ᠲᠤᠭ᠎ᠠ ᠶᠢᠨ 37.1% ᠪᠠ 11.7% ᠶᠢ ᠡᠵᠡᠯᠡᠪᠡ᠃ ᠭᠠᠳᠠᠭᠠᠳᠤ ᠠᠴᠠ ᠣᠷᠣᠭᠤᠯᠣᠭᠰᠠᠨ ᠲᠠᠸᠠᠷ ᠠᠴᠠ ᠠᠪᠴᠤ ᠦᠵᠡᠪᠡᠯ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠵᠤ᠂ ᠪᠠᠷᠠᠭᠠᠨ ᠤ ᠭᠠᠳᠠᠭᠠᠳᠤ ᠠᠴᠠ ᠣᠷᠤᠭᠤᠯᠤᠭᠰᠠᠨ ᠬᠡᠪᠴᠢᠶᠡᠵᠢᠯ ᠲᠠᠰᠤᠷᠠᠯᠲᠠ ᠥᠬᠡᠶ ᠥᠷᠭᠡᠳᠴᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠪᠣᠯᠣᠳ ᠮᠠᠲ᠋ᠧᠷᠢᠶᠠᠯ᠂ ᠬᠢᠮᠢ ᠶᠢᠨ ᠪᠣᠷᠲᠣᠭᠤᠷ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ᠂ ᠪᠦᠬᠦᠯᠢ ᠮᠣᠳᠣ᠂ ᠲᠡᠮᠦᠷᠯᠢᠭ ᠤᠨ ᠡᠯᠡᠰᠦᠯᠢᠭ ᠡᠷᠦᠳᠡᠰᠦ ᠵᠡᠷᠭᠡ ᠡᠬᠢ ᠪᠠᠶᠠᠯᠢᠭ ᠤᠨ ᠬᠡᠯᠪᠡᠷᠢ ᠶᠢᠨ ᠲᠠᠸᠠᠷ ᠤᠨ ᠭᠠᠳᠠᠭᠠᠳᠤ ᠠᠴᠠ ᠣᠷᠤᠭᠤᠯᠤᠭᠰᠠᠨ ᠪᠠᠶᠢᠳᠠᠯ ᠲᠦᠷᠭᠡᠨ ᠨᠡᠮᠡᠭᠳᠡᠪᠡ᠃ 2023 ᠣᠨ ᠳᠤ᠂ ᠪᠥᠬᠦ ᠣᠷᠣᠨ ᠤ ᠪᠠᠷᠠᠭᠠᠨ ᠤ ᠭᠠᠳᠠᠭᠠᠳᠤ ᠠᠴᠠ ᠣᠷᠤᠭᠤᠯᠤᠭᠰᠠᠨ ᠲᠤᠭ᠎ᠠ ᠨᠢ 1179 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ 2.6 ᠳᠠᠬᠢᠨ ᠪᠣᠯᠵᠣ᠂ 11 ᠵᠢᠯ ᠤᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 9% ᠨᠡᠮᠡᠭᠳᠡᠪᠡ᠃ ᠪᠦᠬᠦ ᠣᠷᠣᠨ ᠤ ᠡᠬᠢ ᠪᠠᠶᠠᠯᠢᠭ ᠤᠨ ᠴᠢᠨᠠᠷᠲᠠᠶ ᠲᠠᠸᠠᠷ ᠤᠨ ᠭᠠᠳᠠᠭᠠᠳᠤ ᠠᠴᠠ ᠣᠷᠣᠭᠤᠯᠣᠭᠰᠠᠨ ᠲᠤᠭ᠎ᠠ ᠨᠢ 2012 ᠣᠨ ᠤ 43.8 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ ᠨᠡᠮᠡᠭᠳᠡᠭᠡᠳ 2023 ᠣᠨ ᠤ 131.9 ᠳ᠋ᠦᠩᠰᠢᠭᠤᠷ ᠳ᠋ᠣᠯᠯᠠᠷ ᠪᠣᠯᠵᠤ᠂ ᠵᠢᠯ ᠪᠦᠷᠢ ᠳᠤᠮᠳᠠᠴᠢ ᠪᠠᠷ 10.5% ᠨᠡᠮᠡᠭᠳᠡᠨ᠂ ᠠᠳᠠᠯᠢ ᠬᠤᠭᠤᠴᠠᠭᠠᠨ ᠤ ᠪᠠᠷᠠᠭᠠᠨ ᠤ ᠭᠠᠳᠠᠭᠠᠳᠤ ᠠᠴᠠ ᠣᠷᠤᠭᠤᠯᠤᠭᠰᠠᠨ ᠲᠤᠭ᠎ᠠ ᠶᠢᠨ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.5 ᠵᠠᠭᠤᠨ ᠤ ᠴᠡᠭ ᠢᠶᠠᠷ ᠥᠨᠳᠦᠷᠵᠢᠪᠡ᠃

      ︵ᠭᠤᠷᠪᠠ︶ ᠭᠠᠳᠠᠭᠠᠳᠤ ᠠᠷᠠᠯᠵᠢᠶᠠᠨ ᠤ ᠬᠡᠯᠪᠡᠷᠢ ᠨᠡᠩ ᠣᠯᠠᠨ ᠶᠠᠩᠵᠤ ᠶᠢᠨ ᠪᠣᠯᠪᠠ᠃ ᠮᠠᠨ ᠤ ᠣᠷᠣᠨ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠠᠵᠤ ᠦᠢᠯᠡᠰ ᠤᠨ ᠳᠠᠭᠠᠭᠤᠯᠭ᠎ᠠ ᠶᠡᠭᠡ ᠲᠠᠢ᠂ ᠠᠰᠢᠭ ᠬᠦᠷᠲᠡᠬᠦ ᠬᠡᠪᠴᠢᠶ᠎ᠡ ᠥᠷᠭᠡᠨ ᠪᠠᠶᠢᠬᠤ ᠡᠩ ᠤᠨ ᠠᠷᠠᠯᠵᠢᠶᠠᠨ ᠤ ᠡᠵᠡᠯᠡᠬᠦ ᠬᠠᠷᠢᠴᠠᠯ ᠠᠯᠬᠤᠮ ᠠᠯᠬᠤᠮ ᠢᠶᠠᠷ ᠳᠡᠭᠡᠭᠰᠢᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠦᠷᠦᠭᠦᠤ 3 ᠵᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 443.6 ᠳ᠋ᠦᠩᠰᠢᠭᠤᠷ ᠳ᠋ᠣᠯᠯᠠᠷ ᠢ ᠪᠡᠶᠡᠯᠡᠭᠦᠯᠵᠦ᠂ ᠨᠢᠭᠡᠨᠲᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠶᠢ ᠳᠠᠪᠠᠵᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠶᠡᠷᠦᠩᠬᠡᠶ ᠲᠣᠭᠠᠨ ᠤ 63.9% ᠶᠢ ᠡᠵᠡᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 4.7 ᠵᠠᠭᠤᠨ ᠤ ᠴᠡᠭ ᠳᠡᠭᠡᠭᠰᠢᠯᠡᠵᠡᠶ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠰᠢᠨ᠎ᠡ ᠬᠡᠯᠪᠡᠷᠢ ᠶᠢᠨ ᠠᠷᠠᠯᠵᠢᠶᠠᠨ ᠤ ᠠᠷᠭ᠎ᠠ ᠮᠠᠶ᠋ᠢᠭ ᠢ ᠲᠦᠷᠭᠡᠳᠬᠡᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠮᠢ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠥᠲᠥᠭᠡᠨ ᠪᠠᠶᠢᠭᠤᠯᠪᠠ᠃ 2023 ᠣᠨ ᠳᠤ᠂ ᠪᠥᠬᠦ ᠣᠷᠣᠨ ᠳᠤ ᠨᠢᠭᠡᠨᠲᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ 5 ᠪᠠᠶᠢᠪᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠤᠯᠠᠭᠤᠯᠬᠤ ᠬᠡᠯᠪᠡᠷᠢ ᠪᠠᠷ ᠭᠠᠳᠠᠭᠠᠳᠤ ᠠᠴᠠ ᠣᠷᠤᠭᠤᠯᠤᠭᠰᠠᠨ᠂ ᠵᠢᠵᠢᠭᠯᠡᠨ ᠪᠣᠷᠤᠯᠠᠭᠤᠯᠬᠤ ᠬᠡᠯᠪᠡᠷᠢ ᠪᠠᠷ ᠭᠠᠳᠠᠭᠠᠳᠤ ᠳᠤ ᠭᠠᠷᠭᠠᠭᠰᠠᠨ᠂ B2B ᠭᠠᠳᠠᠭᠠᠳᠤ ᠳᠤ ᠭᠠᠷᠭᠠᠭᠰᠠᠨ᠂ B2B ᠭᠠᠳᠠᠭᠠᠳᠤ ᠳᠤ ᠭᠠᠷᠭᠠᠭᠰᠠᠨ ᠤᠯᠤᠰ ᠤᠨ ᠭᠠᠳᠠᠭᠠᠳᠤ ᠳᠠᠬᠢ ᠬᠥᠮᠥᠷᠭᠡ ᠶᠢᠨ ᠲᠤᠬᠠᠶᠢᠯᠠᠭᠰᠠᠨ ᠠᠵᠢᠯ ᠤᠨ ᠬᠡᠪ ᠵᠠᠭᠪᠤᠷ ᠢ ᠨᠢᠭᠡᠨᠲᠡ ᠨᠡᠪᠲᠡᠷᠡᠭᠦᠯᠪᠡ︔ ᠥᠪᠡᠷᠲᠡᠭᠡᠨ ᠵᠠᠰᠠᠬᠤ ᠣᠷᠣᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ ᠪᠣᠶᠢᠵᠢᠭᠤᠯᠬᠤ ᠪᠠᠷ 7 ᠡᠷᠦᠬᠡ ᠶᠢ ᠦᠨᠡᠮᠰᠢᠨ ᠲᠣᠭᠲᠠᠭᠠᠭᠰᠠᠨ ᠪᠠᠶᠢᠨ᠎ᠠ︔ 3 ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠥᠪᠡᠷᠲᠡᠭᠡᠨ ᠵᠠᠰᠠᠬᠤ ᠣᠷᠣᠨ ᠤ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠭᠠᠳᠠᠭᠠᠳᠤ ᠨᠡᠭᠡᠭᠡᠯᠲᠡ ᠶᠢᠨ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 283.2 ᠳ᠋ᠦᠩᠰᠢᠭᠤᠷ ᠲᠥᠭᠦᠷᠢᠭ ᠲᠤ ᠬᠦᠷᠴᠦ᠂ 122.1% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠢ 10.3 ᠵᠠᠭᠤᠨ ᠤ ᠴᠡᠭ ᠳᠠᠶᠢᠴᠢᠯᠠᠪᠠ︔ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠣᠭᠰᠠᠨ ᠲᠠᠸᠠᠷ ᠢ ᠲᠤᠬᠠᠢ ᠶᠢᠨ ᠭᠠᠵᠠᠷ ᠲᠤ ᠨᠢ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠢ ᠡᠬᠢᠯᠡᠭᠦᠯᠵᠦ᠂ ᠬᠡᠪᠴᠢᠶᠡᠵᠢᠯ ᠨᠢ 3.2 ᠳ᠋ᠦᠩᠰᠢᠭᠤᠷ ᠲᠥᠭᠦᠷᠢᠭ ᠢ ᠳᠠᠪᠠᠪᠠ︔ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ 4.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2022 ᠣᠨ ᠤ ᠬᠢ ᠠᠴᠠ ᠪᠠᠨ 90% ᠪᠠᠷ ᠨᠡᠮᠡᠭᠳᠡᠪᠡ᠃

      ︵ᠲᠦᠷᠪᠡ︶ ᠭᠠᠳᠠᠭᠠᠳᠤ ᠠᠷᠠᠯᠵᠢᠶᠠᠨ ᠤ ᠬᠠᠨᠢᠲᠠᠳ ᠡᠳᠦᠷ ᠢᠷᠡᠬᠦᠶ᠎ᠡ ᠣᠯᠠᠨ ᠡᠰᠢᠴᠢᠯᠡᠪᠡ᠃ 20 ᠳ᠋ᠤᠭᠠᠷ ᠵᠠᠭᠤᠨ ᠤ ᠲᠠᠪᠢᠭᠠᠳ ᠣᠨ ᠤ ᠡᠬᠢᠨ ᠠᠴᠠ ᠳᠠᠯᠠᠭᠠᠳ ᠣᠨ ᠤ ᠰᠡᠭᠦᠯᠴᠢ ᠪᠣᠯᠲᠠᠯ᠎ᠠ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠬᠠᠨᠢᠲᠠᠨ ᠤ ᠲᠤᠭ᠎ᠠ 10 ᠤᠯᠤᠰ ᠪᠠᠰᠠ ᠬᠦᠷᠬᠦ ᠦᠭᠡᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠡᠷᠭᠢᠨ ᠲᠣᠭᠤᠷᠢᠨ ᠤ ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠪᠠᠨ ᠥᠷᠭᠡᠳᠬᠡᠬᠦ ᠶᠢᠨ ᠵᠡᠷᠭᠡᠴᠡᠭᠡ ᠪᠠᠷ ᠣᠯᠠᠨ ᠤᠯᠤᠰ ᠤᠨ ᠠᠷᠠᠯᠵᠢᠶᠠᠨ ᠤ ᠰᠢᠨ᠎ᠡ ᠵᠠᠬ᠎ᠠ ᠳᠡᠯᠭᠡᠭᠦᠷ ᠢ ᠴᠢᠷᠮᠠᠶᠢᠨ ᠨᠡᠭᠡᠭᠡᠵᠦ᠂ ᠣᠨᠴᠠᠭᠠᠶᠢᠯᠠᠨ 2001 ᠣᠨ ᠳᠤ ᠮᠠᠨ ᠤ ᠤᠯᠤᠰ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠠᠮᠵᠢᠯᠲᠠ ᠲᠠᠢ ᠣᠷᠣᠭᠰᠠᠨ ᠤ ᠳᠠᠷᠠᠭ᠎ᠠ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠬᠠᠨᠢᠲᠠᠳ ᠢᠶᠠᠨ ᠤᠯᠠᠮ ᠨᠢᠭᠡ ᠠᠯᠬᠤᠮ ᠣᠯᠠᠨ ᠡᠰᠢᠵᠢᠭᠦᠯᠪᠡ᠃ 2023 ᠣᠨ ᠪᠣᠯᠲᠠᠯ᠎ᠠ᠂ ᠮᠠᠨ ᠤ ᠣᠷᠣᠨ ᠨᠢᠭᠡᠨᠲᠡ 180 ᠭᠠᠷᠤᠢ ᠤᠯᠤᠰ ᠪᠠ ᠭᠠᠵᠠᠷ ᠣᠷᠣᠨ ᠲᠠᠢ ᠠᠷᠠᠯᠵᠢᠶᠠᠨ ᠤ ᠬᠠᠷᠢᠯᠴᠠᠭᠠᠨ ᠤ ᠬᠠᠷᠢᠴᠠᠭ᠎ᠠ ᠪᠠᠶᠢᠭᠤᠯᠵᠤ᠂ ᠠᠷᠠᠯᠵᠢᠶᠠᠨ ᠤ ᠠᠵᠢᠯᠯᠠᠭᠠᠨ ᠨᠢ ᠠᠽᠢᠶ᠎ᠠ᠂ ᠧᠦ᠋ᠷᠣᠫᠠ᠂ ᠠᠹᠷᠢᠺᠠ᠂ ᠡᠮᠦᠨᠡᠲᠦ ᠠᠮᠧᠷᠢᠺᠠ᠂ ᠤᠮᠠᠷᠠᠲᠤ ᠠᠮᠧᠷᠢᠺᠠ ᠪᠠ ᠶᠡᠭᠡ ᠳᠠᠯᠠᠢ ᠶᠢᠨ ᠲᠢᠪ ᠢ ᠨᠡᠶᠢᠳᠡᠮ ᠪᠦᠷᠬᠦᠵᠦ᠂ ᠣᠨᠴᠠᠭᠠᠶᠢᠯᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠭᠰᠠᠨ ᠤᠯᠤᠰ ᠤᠳ ᠤᠨ ᠬᠠᠮᠲᠤᠷᠠᠯᠴᠠᠭ᠎ᠠ ᠦᠷᠭᠦᠯᠵᠢᠯᠡᠨ ᠳᠡᠭᠡᠭᠰᠢᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠦᠷᠦᠭᠦᠤ 3 ᠵᠢᠯ ᠳᠤ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠨᠢ ᠨᠡᠶᠢᠲᠡ 488.7 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ ᠨᠢᠭᠡᠨᠲᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠡᠪᠴᠢᠶᠡᠵᠢᠯ ᠠᠴᠠ ᠳᠠᠪᠠᠵᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠲᠤ ᠳᠤ ᠭᠠᠷᠭᠠᠭᠰᠠᠨ ᠲᠤᠭ᠎ᠠ ᠳᠠᠬᠢ ᠡᠵᠡᠯᠡᠬᠦ ᠬᠤᠪᠢ ᠶᠢᠨ ᠵᠢᠩ ᠨᠢ 70.4% ᠪᠣᠯᠵᠣ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 6.3 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ 2023 ᠣᠨ ᠳᠤ ᠮᠠᠨ ᠤ ᠣᠷᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠤᠨ ᠠᠷᠠᠯᠵᠢᠶᠠᠨ ᠤ ᠲᠤᠭ᠎ᠠ ᠨᠢ 200 ᠳ᠋ᠦᠩᠰᠢᠭᠤᠷ ᠳ᠋ᠣᠯᠯᠠᠷ ᠤᠨ ᠪᠣᠭᠤᠮᠲᠠ ᠶᠢ ᠳᠠᠪᠠᠵᠤ᠂ 215.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 33.6% ᠪᠠᠷ ᠨᠡᠮᠡᠭᠳᠡᠪᠡ᠃

      ᠭᠤᠷᠪᠠ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠲᠣᠭᠲᠠᠭᠤᠨ ᠢᠶᠠᠷ ᠠᠬᠢᠪᠠ

      ᠣᠳᠣᠬᠠᠨ ᠳᠤ᠂ ᠪᠣᠭᠤᠮᠲᠠ ᠨᠢ ᠨᠢᠭᠡᠨᠲᠡ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠪᠦᠬᠦ ᠣᠷᠣᠨ ᠤ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠬᠢᠯᠢ ᠬᠢᠵᠠᠭᠠᠷ ᠢ ᠴᠡᠴᠡᠭᠯᠡᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠣᠷᠣᠰ ᠮᠣᠩᠭᠤᠯ ᠯᠤᠭ᠎ᠠ ᠶᠢᠨ ᠬᠥᠷᠰᠢ ᠵᠡᠷᠭᠡᠯᠡᠳᠡᠭᠡ ᠨᠥᠬᠦᠷᠰᠡᠭ ᠬᠠᠷᠢᠴᠠᠭ᠎ᠠ ᠶᠢ ᠬᠥᠭᠵᠢᠭᠦᠯᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ᠃ 1989 ᠣᠨ ᠳᠤ ᠪᠥᠬᠦ ᠣᠷᠣᠨ ᠤ ᠠᠩᠬᠠᠳᠠᠭᠴᠢ ᠨᠡᠭᠡᠭᠡᠯᠲᠡ ᠬᠢᠭᠰᠡᠨ ᠪᠣᠭᠤᠮᠲᠠ — ᠮᠠᠨᠵᠤᠤᠷ ᠪᠣᠭᠤᠮᠲᠠ ᠶᠢ ᠪᠠᠶᠢᠭᠤᠯᠵᠤ᠂ 2023 ᠣᠨ ᠤ ᠡᠴᠦᠰ ᠪᠣᠯᠲᠠᠯ᠎ᠠ᠂ ᠮᠠᠨ ᠤ ᠣᠷᠣᠨ ᠳᠤ ᠨᠢᠭᠡᠨᠲᠡ ᠤᠯᠤᠰ ᠤᠨ ᠲᠠᠰ ᠤᠨ ᠭᠠᠳᠠᠭᠰᠢ ᠨᠡᠭᠡᠭᠡᠯᠲᠡ ᠬᠢᠬᠦ ᠬᠢᠯᠢ ᠶᠢᠨ ᠪᠣᠭᠤᠮᠲᠠ 20 ᠪᠠᠶᠢᠨ᠎ᠠ᠃ ᠣᠳᠣᠬᠠᠨ ᠳᠤ᠂ ᠮᠠᠨ ᠤ ᠣᠷᠣᠨ ᠨᠢᠭᠡᠨᠲᠡ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠪᠣᠭᠤᠮᠲᠠ ᠪᠠᠷ ᠥᠩᠭᠡᠷᠡᠬᠦ ᠣᠯᠠᠨ ᠵᠦᠢᠯ ᠤᠨ ᠠᠷᠭ᠎ᠠ ᠮᠠᠶ᠋ᠢᠭ ᠵᠡᠷᠭᠡᠴᠡᠨ ᠣᠷᠣᠰᠢᠭᠰᠠᠨ ᠪᠣᠭᠤᠮᠲᠠ ᠶᠢᠨ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃ 2023 ᠣᠨ ᠳᠤ᠂ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1.1 ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 84.5% ᠪᠠᠷ ᠨᠡᠮᠡᠭᠳᠡᠪᠡ᠃ ᠡᠭᠦᠨ ᠳᠤ᠂ ᠬᠠᠭᠤᠷᠠᠢ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 1 ᠳ᠋ᠦᠩᠰᠢᠭᠤᠷ ᠲᠣᠨ ᠢ ᠳᠠᠪᠠᠵᠤ᠂ ᠮᠠᠨ ᠤ ᠤᠯᠤᠰ ᠤᠨ ᠬᠢᠯᠢ ᠳᠠᠭᠠᠤ ᠶᠢᠨ ᠮᠤᠵᠢ ᠣᠷᠣᠨ ᠤ ᠬᠠᠭᠤᠷᠠᠢ ᠵᠠᠮ ᠤᠨ ᠪᠣᠭᠤᠮᠲᠠ ᠶᠢᠨ ᠵᠢᠯ ᠤᠨ ᠶᠡᠷᠦᠩᠬᠡᠢ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠮᠳᠡᠭᠯᠡᠯ ᠢ ᠰᠢᠨᠡᠳᠬᠡᠪᠡ᠃ 2023 ᠣᠨ ᠳᠤ᠂ ᠪᠥᠬᠦ ᠤᠯᠤᠰ ᠲᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠵᠢᠰᠢᠶᠡᠨ ᠤ ᠭᠠᠯᠲᠤ ᠲᠡᠷᠭᠡ ᠶᠢ ᠨᠡᠶᠢᠲᠡ 17523 ᠴᠣᠪᠣᠭ᠎ᠠ ᠠᠶᠠᠯᠠᠭᠤᠯᠪᠠ᠂ ᠡᠭᠦᠨ ᠳᠤ ᠮᠠᠨ ᠤ ᠣᠷᠣᠨ 429 ᠴᠤᠪᠤᠭ᠎ᠠ ᠲᠡᠷᠭᠡ ᠶᠢ ᠵᠣᠬᠢᠶᠠᠨ ᠪᠠᠶᠢᠭᠤᠯᠤᠨ ᠠᠶᠠᠯᠠᠭᠤᠯᠵᠤ᠂ 2016 ᠣᠨ ᠳᠠᠬᠢ 33 ᠴᠤᠪᠤᠭ᠎ᠠ ᠲᠡᠷᠭᠡ ᠠᠴᠠ 12 ᠳᠠᠬᠢᠨ ᠨᠡᠮᠡᠭᠳᠡᠪᠡ︔ ᠮᠠᠨᠵᠤᠤᠷ ᠪᠠ ᠡᠷᠢᠶᠡᠨ ᠪᠣᠭᠤᠮᠲᠠ ᠶᠢᠨ ᠠᠶᠠᠯᠠᠯ ᠤᠨ ᠱᠤᠭᠤᠮ ᠢᠶᠠᠷ 8324 ᠴᠤᠪᠤᠭ᠎ᠠ ᠥᠩᠭᠡᠷᠡᠵᠦ᠂ ᠪᠥᠬᠦ ᠤᠯᠤᠰ ᠤᠨ ᠬᠠᠭᠠᠰ ᠲᠤ ᠣᠶᠢᠷᠠᠲᠤᠪᠠ᠃ ᠮᠠᠨ ᠤ ᠣᠷᠣᠨ ᠤ ᠬᠢᠯᠢ ᠶᠢᠨ ᠪᠣᠭᠤᠮᠲᠠ ᠨᠢ ᠪᠦᠬᠦ ᠤᠯᠤᠰ ᠤᠨ ᠪᠠᠷᠤᠭ 14% ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ 11% ᠶᠢᠨ ᠭᠠᠳᠠᠭᠠᠳᠤ ᠠᠴᠠ ᠣᠷᠣᠭᠤᠯᠤᠭᠰᠠᠨ ᠬᠢᠮᠢ ᠶᠢᠨ ᠪᠣᠷᠳᠣᠭᠤᠷ᠂ 6% ᠶᠢᠨ ᠭᠠᠳᠠᠭᠠᠳᠤ ᠠᠴᠠ ᠣᠷᠣᠭᠤᠯᠤᠭᠰᠠᠨ ᠵᠡᠰ ᠤᠨ ᠬᠦᠳᠡᠷ ᠢ ᠲᠣᠰᠴᠤ ᠪᠠᠭᠤᠯᠭᠠᠨ᠂ ᠪᠦᠬᠦ ᠤᠯᠤᠰ ᠤᠨ ᠠᠵᠤ ᠠᠬᠤᠢ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃

      ᠳᠠᠯᠠᠨ ᠲᠠᠪᠤᠨ ᠵᠢᠯ ᠤᠨ ᠲᠤᠷᠰᠢᠲᠠ ᠰᠠᠯᠬᠢ ᠪᠣᠷᠣᠭᠠᠨ ᠢ ᠲᠤᠭᠤᠯᠤᠨ ᠠᠶᠠᠨ ᠵᠠᠮ ᠳᠤ ᠪᠠᠨ ᠤᠭ ᠰᠠᠨᠠᠭ᠎ᠠ ᠪᠠᠨ ᠦᠯᠦ ᠮᠠᠷᠲᠠᠨ᠂ ᠳᠠᠯᠠᠨ ᠲᠠᠪᠤᠨ ᠵᠢᠯ ᠤᠨ ᠲᠤᠷᠰᠢᠲᠠ ᠡᠭᠦᠯᠡ ᠬᠦᠯᠦᠭᠯᠡᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠪᠠᠷ ᠤᠷᠤᠭᠰᠢᠯᠠᠪᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠪᠠ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ