ᠡᠷᠴᠢ ᠵᠣᠷᠢᠭ ᠢᠶᠠᠨ ᠬᠥᠪᠴᠢᠯᠡᠵᠦ ᠪᠦᠬᠦ ᠬᠦᠴᠦ ᠪᠠᠷ ᠢᠶᠠᠨ ᠴᠢᠷᠮᠠᠶᠢᠵᠤ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠬᠡᠷᠡᠭᠲᠡᠢ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠣᠳᠣᠬᠠᠨ ᠤ ᠠᠵᠤ ᠠᠬᠤᠢ ᠶᠢᠨ ᠠᠵᠢᠯ ᠢ ᠲᠥᠪᠯᠡᠷᠡᠭᠦᠯᠦᠨ ᠪᠠᠶᠢᠷᠢᠯᠠᠭᠤᠯᠪᠠ  ᠰᠦᠨ ᠱᠤᠤ ᠴᠧᠩ ᠸᠠᠩ ᠯᠢ ᠰᠢᠶᠠ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/9/30


      9 ᠰᠠᠷ᠎ᠠ ᠶᠢᠨ 28 ᠤ ᠦᠳᠡ ᠶᠢᠨ ᠬᠤᠶᠢᠨ᠎ᠠ ᠠᠴᠠ 29 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ 2024 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠭᠦᠭᠡᠬᠤᠲᠠ ᠳᠤ ᠬᠤᠷᠠᠯᠳᠤᠵᠤ ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ 9 ᠰᠠᠷ᠎ᠠ ᠶᠢᠨ 26 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃


0930振奋精神 全力以赴完成年度目标任务 自治区党委和政府集中部署当前经济工作.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠵᠠᠢ ᠃


0930振奋精神 全力以赴完成年度目标任务 自治区党委和政府集中部署当前经济工作2.jpg


      ᠰᠦᠨ ᠱᠤᠤ ᠴᠧᠩ ᠂ ᠵᠢᠯ ᠤᠨ ᠡᠬᠢᠨ ᠠᠴᠠ ᠨᠠᠭᠠᠰᠢ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠰᠠᠶᠢᠨ ᠪᠠᠶᠢᠳᠠᠯ ᠢᠶᠠᠨ ᠪᠠᠲᠤᠯᠠᠵᠤ ᠂ ᠭᠤᠣᠯ ᠪᠤᠯᠬᠤ ᠭᠦᠢᠴᠡᠳᠬᠡᠯ ᠲᠤᠭ᠎ᠠ ᠨᠢ ᠬᠠᠷᠢᠴᠠᠩᠭᠤᠢ ᠪᠠᠷ ᠢᠯᠡᠷᠬᠡᠢ ᠪᠣᠯᠤᠭᠰᠠᠨ ᠪᠥᠭᠡᠳ ᠠᠵᠤ ᠠᠬᠤᠢ ᠶᠢᠨ ᠰᠠᠭᠤᠷᠢ ᠲᠣᠭᠲᠠᠭᠤᠨ ᠂ ᠨᠥᠭᠡᠴᠡ ᠬᠦᠴᠦᠨ ᠭᠦᠢᠴᠡᠳ ᠪᠠᠶᠢᠨ᠎ᠠ ᠃ ᠡᠭᠦᠨ ᠤ ᠬᠠᠮᠲᠤ ᠂ ᠣᠯᠠᠨ ᠳᠠᠪᠬᠤᠷ ᠡᠯᠧᠮᠧᠨ᠋ᠲ ᠤᠨ ᠨᠥᠯᠥᠭᠡ ᠠᠴᠠ ᠪᠣᠯᠵᠤ ᠂ ᠠᠵᠤ ᠠᠬᠤᠢ ᠶᠢᠨ ᠡᠷᠭᠢᠯᠲᠡ ᠤᠷᠤᠭᠤᠳᠠᠬᠤ ᠳᠠᠷᠤᠯᠲᠠ ᠳᠤ ᠲᠤᠯᠭᠠᠷᠠᠵᠤ ᠂ ᠺᠠᠳ᠋ᠷᠴᠤᠳ ᠤᠨ ᠴᠤᠭ ᠵᠣᠷᠢᠭ ᠢ ᠤᠯᠠᠮ ᠨᠢᠭᠡ ᠠᠯᠬᠤᠮ ᠬᠥᠭᠵᠢᠭᠡᠬᠦ ᠴᠢᠬᠤᠯᠠᠲᠠᠢ ᠪᠠᠶᠢᠬᠤ ᠶᠢ ᠴᠤ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠃ ᠤᠳᠤ ᠪᠣᠯ ᠢᠲᠡᠭᠡᠯ ᠪᠠ ᠤᠶᠠᠨ ᠬᠠᠳᠠᠨ ᠴᠢᠨᠠᠷ ᠢ ᠰᠢᠯᠭᠠᠬᠤ ᠴᠠᠭ ᠪᠣᠯᠣᠨ᠎ᠠ ᠂ ᠪᠦᠭᠦ ᠣᠷᠣᠨ ᠤ ᠡᠯ᠎ᠡ ᠱᠠᠲᠤᠨ ᠤ ᠬᠢᠨ ᠡᠷᠬᠡᠪᠰᠢ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠵᠤ ᠂ ᠲᠣᠭᠲᠠᠯ ᠬᠦᠴᠦᠨ ᠢᠶᠠᠨ ᠪᠠᠲᠤᠯᠠᠵᠤ ᠂ ᠬᠦᠴᠢᠷ ᠢ ᠰᠥᠷᠦᠨ ᠤᠷᠤᠭᠰᠢᠯᠠᠬᠤ ᠴᠤᠭ ᠵᠣᠷᠢᠭ ᠢᠶᠠᠨ ᠦᠨᠡᠨ ᠬᠦ ᠪᠠᠳᠠᠷᠠᠭᠤᠯᠵᠤ ᠂ ᠠᠭᠤᠯᠠ ᠲᠠᠭᠠᠷᠠᠪᠠᠯ ᠵᠠᠮ ᠨᠡᠭᠡᠭᠡᠵᠦ ᠂ ᠤᠰᠤ ᠲᠠᠭᠠᠷᠠᠪᠠᠯ ᠬᠥᠭᠦᠷᠭᠡ ᠲᠠᠯᠪᠢᠵᠤ ᠂ ︽ ᠡᠭᠦᠯᠡ ᠠᠷᠢᠯᠪᠠᠰᠤ ᠰᠠᠷᠠ ᠬᠠᠷᠠᠭᠳᠠᠬᠤ ︾ ᠶᠢ ᠪᠡᠶᠡᠯᠡᠭᠦᠯᠬᠦ ᠬᠡᠷᠡᠭᠲᠡᠢ ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠂ ᠣᠷᠣᠨ ᠳᠠᠶᠠᠭᠠᠷ ᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠨ ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ ᠪᠠᠶᠢᠬᠤ ᠶᠢ ᠤᠷᠢᠶᠠᠯᠠᠬᠤ ᠬᠡᠷᠡᠭᠲᠡᠢ ᠭᠡᠵᠡᠢ ᠃

      ᠰᠦᠨ ᠱᠤᠤ ᠴᠧᠩ ᠂ ᠨᠢᠭᠡᠨᠲᠡ ᠲᠣᠭᠲᠠᠭᠰᠠᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠃ ᠴᠠᠭ ᠮᠥᠴᠡ ᠲᠠᠢ ᠤᠷᠤᠯᠳᠤᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠡᠪᠦᠯ ᠤᠨ ᠤᠯᠠᠷᠢᠯ ᠳᠤ ᠶᠠᠪᠤᠭᠳᠠᠵᠤ ᠳᠡᠶᠢᠯᠭᠦ ᠪᠠᠷᠢᠯᠭ᠎ᠠ ᠶᠢ ᠨᠥᠬᠦᠴᠡᠯ ᠪᠦᠷᠢᠯᠳᠦᠭᠦᠯᠵᠦ ᠪᠠᠶᠢᠭᠠᠳ ᠶᠠᠪᠤᠭᠳᠠᠬᠤ ᠬᠡᠪ ᠤᠨ ᠪᠠᠶᠢᠳᠠᠯ ᠢ ᠪᠠᠲᠤᠯᠠᠵᠤ ᠂ ᠨᠡᠩ ᠤᠯᠠᠨ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠬᠥᠷᠥᠩᠭᠡ ᠶᠢ ᠠᠮᠢᠳᠤᠯᠢᠭᠵᠢᠭᠤᠯᠵᠤ ᠂ ᠣᠷᠣᠯᠭ᠎ᠠ ᠶᠢᠨ ᠨᠡᠮᠡᠭᠳᠡᠯ ᠢ ᠵᠣᠬᠢᠶᠠᠨ ᠪᠠᠶᠢᠭᠤᠯᠵᠤ ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ ᠂ ᠤᠰᠤ ᠶᠢ ᠠᠷᠪᠢᠯᠠᠬᠤ ᠂ ᠤᠰᠤ ᠶᠢ ᠨᠡᠮᠡᠭᠳᠡᠭᠦᠯᠬᠦ ᠂ ᠤᠰᠤ ᠶᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ ᠡᠯᠡᠰᠦ ᠶᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠶᠢ ᠪᠠᠷᠢᠮᠲᠠᠯᠠᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠂ ᠪᠠᠶᠢᠭᠠᠯᠢ ᠶᠢᠨ ᠭᠠᠮᠰᠢᠭ ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠦᠨᠡᠨ ᠬᠦ ᠰᠠᠶᠢᠲᠤᠷ ᠠᠳᠬᠤᠵᠤ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ ᠂ ᠲᠦᠷᠦᠯ ᠵᠦᠢᠯ ᠤᠨ ᠨᠥᠭᠡᠴᠡ ᠶᠢ ᠪᠣᠳᠠᠲᠠᠢ ᠲᠥᠯᠥᠪᠵᠢᠭᠦᠯᠦᠨ ᠪᠤᠵᠠᠭᠠᠶᠢᠷᠠᠭᠤᠯᠵᠤ ᠂ ᠬᠡᠷᠡᠭᠵᠢᠭᠦᠯᠵᠦ ᠪᠣᠯᠬᠤᠶᠢᠴᠠ ᠠᠵᠢᠯ ᠢ ᠡᠷᠲᠡᠬᠡᠨ ᠬᠢᠬᠦ ᠶᠢᠨ ᠬᠠᠮᠲᠤ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ ᠃

      ᠰᠦᠨ ᠱᠤᠤ ᠴᠧᠩ ᠂ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠵᠠᠩᠭᠢᠯᠠᠭ᠎ᠠ ᠨᠢ ᠥᠭᠡᠷᠡᠴᠢᠯᠡᠯᠲᠡ ᠳᠤ ᠲᠦᠰᠢᠭᠯᠡᠨ᠎ᠡ ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ︾ ᠭᠡᠳᠡᠭ ᠢ ᠪᠠᠷᠢᠮᠲᠠᠯᠠᠨ ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠲᠣᠰ ᠪᠡᠶ᠎ᠡ ᠶᠢᠨ ᠠᠰᠠᠭᠤᠳᠠᠯ ᠠᠴᠠ ᠪᠠᠨ ᠡᠬᠢᠯᠡᠨ ᠥᠭᠡᠷᠡᠴᠢᠯᠡᠬᠦ ᠶᠢ ᠠᠬᠢᠭᠤᠯᠵᠤ ᠂ ᠣᠪᠣᠷ ᠰᠤᠷᠲᠠᠯ ᠢᠶᠠᠨ ᠰᠠᠶᠢᠵᠢᠷᠠᠭᠤᠯᠬᠤ ᠠᠴᠠ ᠭᠠᠷᠳᠠᠵᠤ ᠂ ᠥᠭᠡᠷᠡᠴᠢᠯᠡᠯᠲᠡ ᠶᠢᠨ ᠠᠵᠢᠯᠯᠠᠭ᠎ᠠ ︽ ᠲᠦᠷᠭᠡᠨ ︾ ᠂ ᠠᠷᠭ᠎ᠠ ᠬᠡᠮᠵᠢᠶ᠎ᠡ ︽ ᠪᠣᠳᠠᠲᠠᠢ ︾ ᠂ ᠪᠡᠯᠡᠳᠬᠡᠯ ︽ ᠭᠦᠢᠴᠡᠳ ︾ ᠂ ᠬᠤᠷᠳᠤᠴᠠ︽ ᠪᠤᠰᠢᠭᠤ ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ ᠂ ᠰᠢᠰᠲ᠋ᠧᠮ ᠤᠨ ᠲᠥᠪᠯᠡᠷᠡᠯ ᠢ ᠴᠢᠩᠭᠠᠳᠬᠠᠵᠤ ᠂ ᠥᠭᠡᠷᠡᠴᠢᠯᠡᠯᠲᠡ ᠶᠢᠨ ᠨᠢᠭᠡᠳᠦᠯᠲᠡᠢ ᠴᠢᠨᠠᠷ ᠢ ᠪᠠᠲᠤᠯᠠᠬᠤ ᠬᠡᠷᠡᠭᠲᠡᠢ ᠭᠡᠪᠡ ᠃

      ᠸᠠᠩ ᠯᠢ ᠰᠢᠶᠠ ᠂ ᠪᠦᠭᠦ ᠵᠢᠯ ᠤᠨ ᠬᠠᠷᠠᠯᠲᠠ ᠪᠠᠨ ᠲᠣᠭᠲᠠᠭᠠᠵᠤ ᠂ ᠡᠷᠴᠢ ᠵᠣᠷᠢᠭ ᠢᠶᠠᠨ ᠬᠥᠪᠴᠢᠯᠡᠵᠦ ᠂ 100 ᠡᠳᠦᠷ ᠤᠨ ᠰᠢᠢᠳᠪᠦᠷᠢᠲᠦ ᠢᠯᠠᠯᠲᠠ ᠶᠢ ᠣᠯᠵᠤ ᠂ ᠭᠡᠷ᠎ᠡ ᠲᠣᠭᠲᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠵᠤ ᠂ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠤᠨ ᠠᠵᠢᠯ ᠡᠬᠢᠯᠡᠬᠦ ᠶᠢ ᠠᠳᠬᠤᠵᠤ ᠂ ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠤᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠬᠦᠰᠦᠨᠦᠭᠲᠦ ᠶᠢ ᠳᠡᠭᠡᠭᠰᠢ ᠮᠡᠳᠡᠭᠦᠯᠬᠦ ᠶᠢ ᠠᠳᠬᠤᠵᠤ ᠂ ᠨᠠᠷᠢᠨ ᠨᠢᠭᠲᠠ ᠪᠤᠳᠤᠵᠤ ᠂ ︽ ᠨᠢᠭᠡ ᠮᠥᠬᠦᠯᠢᠭ ᠢ ᠴᠸ  ᠭᠡᠭᠡᠭᠳᠡᠭᠦᠯᠬᠦ  ᠦᠭᠡᠢ ᠬᠥᠮᠥᠷᠭᠡᠯᠡᠵᠦ ᠬᠤᠷᠢᠶᠠᠬᠤ ︾ ᠶᠢ ᠪᠡᠶᠡᠯᠡᠭᠦᠯᠬᠦ ᠬᠡᠷᠡᠭᠲᠡᠢ ᠃ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠠᠩᠬᠠᠷᠴᠤ ᠂ ᠦᠢᠯᠡᠳᠬᠦ ᠦᠢᠯᠡᠰ ᠢ ᠲᠣᠭᠲᠠᠪᠤᠷᠢᠵᠢᠭᠤᠯᠵᠤ ᠂ ᠰᠢᠨ᠎ᠡ ᠡᠨᠧᠷᠭᠢ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠢᠳᠡᠭᠡᠨ ᠡᠳ᠋ᠰᠢᠭᠦᠯᠬᠦ ᠵᠡᠷᠭᠡ ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ ᠂ ︽ ᠪᠢ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ ︾ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠵᠤ ᠂ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ ᠃ ᠬᠡᠷᠡᠭᠯᠡᠭᠡ ᠶᠢ ᠶᠡᠭᠡ ᠪᠠᠷ ᠠᠬᠢᠭᠤᠯᠵᠤ ᠂ ᠦᠢᠯᠡᠳᠬᠦᠨ ᠤ ᠪᠣᠷᠤᠯᠠᠭᠤᠯᠭ᠎ᠠ ᠶᠢ ᠴᠢᠩᠭᠠᠳᠬᠠᠵᠤ ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠠᠷᠠᠯᠵᠢᠶ᠎ᠠ ᠬᠤᠳᠠᠯᠳᠤᠭ᠎ᠠ ᠶᠢ ᠨᠢᠭᠡ ᠴᠣᠭᠴᠠᠵᠢᠭᠤᠯᠤᠨ ᠬᠤᠯᠪᠤᠭᠠᠯᠠᠨ ᠬᠥᠳᠡᠯᠦᠯᠴᠡᠬᠦ ᠶᠢ ᠰᠠᠨᠠᠭᠠᠴᠢᠯᠠᠵᠤ ᠂ ᠨᠡᠩ ᠰᠠᠶᠢᠨ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠡᠳ᠋ ᠤᠨ ᠬᠦᠴᠦᠨ ᠢ ᠬᠤᠷᠠᠮᠳᠤᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ ᠂ ᠪᠠᠭ᠎ᠠ ᠣᠷᠣᠯᠭ᠎ᠠ ᠲᠠᠢ ᠬᠥᠮᠥᠰ ᠪᠣᠯᠣᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ ᠃ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ ᠂ ᠵᠠᠰᠠᠭ ᠤᠨ ᠣᠷᠳᠣᠨ ᠤ ᠥᠷᠢ ᠥᠭᠴᠡᠭᠡ ᠂ ᠠᠶᠤᠯᠭᠦᠢ ᠦᠢᠯᠡᠳᠪᠦᠷᠢᠯᠡᠯ ᠵᠡᠷᠭᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠠᠶᠢᠷᠢᠯᠠᠭᠤᠯᠤᠭᠰᠠᠨ ᠡᠭᠦᠷᠭᠡ ᠶᠢ ᠴᠢᠩᠭ᠎ᠠ ᠠᠩᠬᠠᠷᠴᠤ ᠂ ᠲᠤᠭᠤᠰᠢᠲᠠᠢ ᠠᠳᠬᠤᠵᠤ ᠂ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ ᠃

      12 ᠠᠶᠢᠮᠠᠭ ᠬᠤᠲᠠ ᠂ ᠣᠷᠣᠨ ᠤ ᠰᠢᠭᠤᠳ ᠬᠠᠷᠢᠶ᠎ᠠ 13 ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠵᠦ ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭ᠎ᠠ ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠳᠠᠯ ᠪᠣᠯᠣᠨ ᠳᠥᠷᠪᠡᠳᠦᠭᠡᠷ ᠤᠯᠠᠷᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ ᠃ ᠬᠤᠷᠠᠯ ᠠᠴᠠ ᠪᠠᠰᠠ ᠮᠠᠨ ᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠰᠬᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃

      ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠠᠷᠠᠳ ᠤᠨ ᠪᠦᠯᠭᠦᠮ ᠂ ᠰᠢᠭᠤᠳ ᠬᠠᠷᠢᠶ᠎ᠠ ᠠᠵᠤ ᠠᠬᠤᠶᠢᠯᠠᠯ ᠪᠣᠯᠣᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠡᠰᠡᠭ ᠲᠥᠪ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ