ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ  ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠶᠣᠰᠣᠯᠠᠯ ᠳᠤ ᠣᠷᠣᠯᠴᠠᠵᠤ ᠼᠠᠢ ᠴᠢ ᠶᠣᠰᠣᠯᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/9/30


      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29  ᠤ ᠴᠠᠭᠢᠯᠭᠠᠨ ᠮᠡᠳᠡᠭᠡ   ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ 29 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠭᠤᠤ ᠶᠡᠭᠡ ᠴᠠᠭ ᠦᠶ᠎ᠡ ᠪᠠᠭᠠᠲᠤᠷᠴᠤᠳ ᠢ ᠤᠷᠢᠶᠠᠯᠠᠵᠤ᠂ ᠪᠠᠭᠠᠲᠤᠷᠴᠤᠳ ᠢ ᠪᠤᠢ ᠪᠣᠯᠭᠠᠨ᠎ᠠ᠃ ᠪᠠᠭᠠᠲᠤᠷᠴᠤᠳ ᠴᠣᠯᠭᠤᠷᠠᠨ ᠭᠠᠷᠪᠠᠯ ᠨᠠᠮ ᠪᠠ ᠠᠷᠠᠳ ᠲᠦᠮᠡᠨ ᠤ ᠦᠢᠯᠡᠰ ᠬᠥᠭᠵᠢᠨ ᠴᠡᠴᠡᠭᠯᠡᠵᠦ᠂ ᠥᠨᠢᠳᠡ ᠮᠠᠨᠳᠤᠨ ᠪᠠᠳᠠᠷᠠᠬᠤ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠨᠡᠶᠢᠭᠡᠮ ᠳᠠᠶᠠᠭᠠᠷ ᠪᠠᠭᠠᠲᠤᠷᠴᠤᠳ ᠢ ᠭᠦᠨᠳᠦᠳᠭᠡᠵᠦ᠂ ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷ ᠪᠤᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠲᠤ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ᠃

 

颁授仪式1.jpg

      9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃  

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ

 

      ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠶᠣᠰᠣᠯᠠᠯ ᠳᠤ ᠣᠷᠣᠯᠴᠠᠵᠤ᠂ ᠼᠠᠢ ᠴᠢ ᠡᠷᠭᠢᠯᠡᠪᠡ᠃

      9 ᠴᠠᠭ ᠤᠨ ᠦᠶ᠎ᠡ ᠪᠠᠷ᠂ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠬᠠᠮᠲᠤ ᠪᠠᠷ ᠶᠣᠰᠣᠯᠠᠯ ᠤᠨ ᠲᠡᠷᠭᠡᠨ ᠳᠤ ᠰᠠᠭᠤᠵᠤ᠂ ᠶᠣᠰᠣᠯᠠᠯ ᠤᠨ ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯᠲᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨ᠎ᠠ᠂ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ ᠵᠠᠯᠠᠭᠤᠴᠤᠳ ᠪᠠᠭᠠᠴᠤᠳ ᠬᠠᠯᠠᠭᠤᠨ ᠢᠶᠠᠷ ᠤᠷᠠᠶᠢᠯᠠᠨ ᠮᠡᠨᠳᠦᠴᠢᠯᠡᠪᠡ᠃ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠯᠠᠭᠠᠨ ᠬᠡᠪᠢᠰ ᠳᠡᠭᠡᠭᠦᠷ  ᠱᠠᠲᠤ ᠪᠠᠷ ᠠᠯᠬᠤᠵᠤ᠂ ᠠᠷᠠᠳ ᠤᠨ ᠶᠡᠭᠡ ᠬᠤᠷᠠᠯ ᠤᠨ ᠲᠠᠩᠬᠢᠮ ᠳᠤ ᠣᠷᠣᠪᠠ᠃ ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ ᠲᠡᠳᠡᠨ ᠢ ᠤᠭᠲᠤᠪᠠ᠃

      ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ᠂ ᠲᠥᠪ ᠬᠢᠴᠢᠶᠡᠩᠭᠦᠢ ᠭᠦᠷ ᠬᠥᠭᠵᠢᠶᠡᠨᠲᠦ ᠠᠭᠤᠷ ᠠᠮᠢᠰᠬᠤᠯ ᠢᠶᠠᠷ ᠪᠢᠯᠬᠠᠨ᠎ᠠ᠃ ᠠᠷᠤ ᠲᠠᠯ᠎ᠠ ᠶᠢᠨ ᠤᠯᠠᠭᠠᠨ ᠬᠠᠪᠲᠠᠰᠤᠨ ᠳᠡᠭᠡᠷ᠎ᠡ᠂ ᠪᠦᠭᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ᠂ ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠤᠨ ᠬᠡ ᠤᠭᠠᠯᠵᠠ ᠭᠢᠯᠪᠠᠭ᠎ᠠ ᠰᠠᠴᠤᠷᠠᠭᠤᠯᠤᠨ᠎ᠠ᠃ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ ᠲᠠᠪᠤᠨ ᠣᠳᠣᠲᠤ ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠵᠤ᠂ 18 ᠶᠣᠰᠣᠯᠠᠯ ᠤᠨ ᠴᠡᠷᠢᠭ ᠫᠤᠤ ᠠᠳᠬᠤᠨ ᠲᠥᠪ ᠵᠣᠭᠰᠣᠵᠠᠢ᠃

      9 ᠴᠠᠭ 58 ᠮᠢᠨᠦ᠋ᠲ ᠲᠤ᠂ ᠪᠠᠶᠠᠰᠬᠤᠯᠠᠩᠲᠤ ᠰᠠᠶᠢᠬᠠᠨ ᠠᠶᠠᠰ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ ᠳᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠳᠠᠰᠢᠪᠠ᠃

      10 ᠴᠠᠭ ᠲᠤ᠂ ᠴᠡᠷᠢᠭ ᠤᠨ ᠬᠥᠭᠵᠢᠮ ᠤᠨ ᠪᠦᠯᠭᠦᠮ ᠤᠨ ᠪᠦᠷᠢᠶᠡᠴᠢᠳ ᠶᠣᠰᠣᠯᠠᠯ ᠤᠨ ᠪᠦᠷᠢᠶ᠎ᠡ ᠦᠯᠢᠶᠡᠵᠦ᠂ ᠱᠠᠩᠨᠠᠯ ᠣᠯᠭᠤᠬᠤ ᠶᠣᠰᠣᠯᠠᠯ ᠡᠬᠢᠯᠡᠪᠡ᠃ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃

      ᠼᠠᠢ ᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ ᠢ ᠤᠩᠰᠢᠨ ᠨᠡᠶᠢᠲᠡᠯᠡᠪᠡ᠃ ᠲᠡᠷᠢᠭᠦᠯᠡᠭᠴᠢ ᠶᠢᠨ ᠵᠠᠷᠯᠢᠭ ᠲᠤ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ ᠰᠢᠨ᠎ᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠤᠨ ᠲᠣᠭᠲᠠᠭᠠᠯ ᠢ ᠦᠨᠳᠦᠰᠦᠯᠡᠨ᠂ ᠸᠠᠩ ᠶᠦᠩ ᡁᠢ ᠵᠡᠷᠭᠡ 4 ᠬᠥᠮᠥᠨ ᠳᠤ ︽ᠪᠦᠭᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠣᠯᠭᠤᠵᠤ᠂ ᠳ᠋ᠢᠷᠮᠠ· ᠯᠦᠸᠧᠰᠠᠶᠢᠹ ᠲᠤ ︽ᠨᠥᠬᠦᠷᠯᠡᠯ ᠤᠨ ᠭᠠᠪᠢᠶᠠᠨ ᠲᠡᠮᠳᠡᠭ ︾ ᠣᠯᠭᠤᠵᠤ᠂ ᠸᠠᠩ ᠰᠢᠶᠣᠣ ᠮᠦᠸᠧ ᠵᠡᠷᠭᠡ 10 ᠬᠥᠮᠥᠨ ᠳᠤ ᠤᠯᠤᠰ ᠤᠨ ᠢᠷᠠᠭᠤ ᠠᠯᠳᠠᠷ ᠤᠨ ᠴᠣᠯᠠ ᠣᠯᠭᠤᠨ᠎ᠠ ᠭᠡᠵᠦ ᠵᠢᠭᠠᠵᠤ ᠭᠠᠷᠭᠠᠪᠠ᠃

      2 ᠲᠤᠭᠴᠢ ᠲᠠᠪᠤᠨ ᠣᠳᠣᠲᠤ ᠤᠯᠠᠭᠠᠨ ᠲᠤᠭ ᠢ ᠥᠨᠳᠥᠷ ᠡᠷᠭᠦᠵᠦ᠂ 3 ᠶᠣᠰᠣᠯᠠᠯ ᠤᠨ ᠴᠡᠷᠢᠭ ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ᠂ ᠨᠥᠬᠦᠷᠯᠡᠯ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠶᠢᠨ ᠱᠠᠩᠨᠠᠯ ᠤᠨ ᠲᠡᠮᠳᠡᠭ ᠢ ᠡᠷᠭᠦᠵᠦ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ ᠠᠬᠤᠢ ᠲᠠᠯᠠᠪᠠᠢ ᠳᠤ ᠠᠯᠬᠤᠨ ᠭᠦᠷᠪᠡ᠃

      ᠰᠦᠷ ᠵᠢᠪᠬᠤᠯᠠᠩᠲᠤ ︽ᠡᠬᠡ ᠤᠯᠤᠰ ᠤᠨ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠦᠶ᠎ᠡ ︾ ᠭᠡᠬᠦ  ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠳᠡᠭ ᠱᠠᠩᠨᠠᠯ ᠤᠨ ᠲᠡᠮᠳᠡᠭ ᠣᠯᠭᠤᠭᠰᠠᠨ ᠪᠥᠭᠡᠳ ᠲᠡᠳᠡᠨ ᠲᠠᠢ ᠳᠣᠲᠣᠨᠣ ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠪᠢᠶᠠᠲᠤ ᠵᠢᠱᠢᠶᠡᠴᠢ ᠬᠥᠮᠥᠰ ᠲᠤ ᠦᠵᠡᠰᠬᠦᠯᠡᠩᠲᠦ ᠰᠠᠶᠢᠬᠠᠨ ᠰᠣᠷᠭᠤᠭ ᠴᠡᠴᠡᠭ ᠬᠦᠷᠭᠡᠵᠦ ᠶᠣᠰᠣᠯᠠᠪᠠ᠃

 

颁授仪式2.jpg

      9 ᠰᠠᠷ᠎ᠠ ᠶᠢᠨ 29 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠤᠸᠠᠢ ᠷᠧᠨ ᠰᠡᠭᠦᠳᠡᠷᠯᠡᠪᠡ

 

      ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠪᠠ ᠤᠯᠤᠰ ᠤᠨ ᠢᠷᠠᠭᠤ ᠠᠯᠳᠠᠷ ᠤᠨ ᠴᠣᠯᠠ ᠭᠥᠷᠳᠡᠭᠰᠡᠨ ᠪᠠᠭᠠᠲᠤᠷ ᠵᠢᠱᠢᠶᠡᠴᠢ᠂ ︽ᠨᠥᠬᠦᠷᠯᠡᠯ ᠤᠨ ᠭᠠᠪᠢᠶᠠᠨ ᠲᠡᠮᠳᠡᠭ ︾ ᠭᠥᠷᠳᠡᠭᠰᠡᠨ ᠤᠯᠠᠨ ᠤᠯᠤᠰ ᠤᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃

      ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠦ᠂ ᠠᠭᠤᠤ ᠶᠡᠭᠡ ᠡᠬᠡ ᠤᠯᠤᠰ ᠲᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ ᠡᠨᠡ ᠬᠦ ᠰᠦᠷ ᠳᠠᠯᠠᠶᠢᠴᠠᠲᠠᠢ ᠬᠥᠭᠵᠢᠯᠲᠡ ᠶᠢᠨ ᠶᠠᠪᠤᠴᠠ ᠳᠤ᠂ ᠡᠯ᠎ᠡ ᠹᠷᠣᠨᠲ ᠲᠤ ᠮᠠᠰᠢ ᠤᠯᠠᠨ ᠪᠠᠭᠠᠲᠤᠷ ᠵᠢᠱᠢᠶᠡᠴᠢ ᠴᠣᠯᠭᠤᠷᠠᠨ ᠭᠠᠷᠴᠠᠢ᠃ ᠥᠨᠥᠳᠥᠷ ᠤᠨ ᠬᠥᠬᠢᠭᠦᠯᠦᠭᠳᠡᠨ ᠰᠠᠶᠢᠰᠢᠶᠠᠭᠳᠠᠭᠰᠠᠨ ᠨᠥᠬᠦᠳ ᠪᠣᠯ ᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠮᠥᠨ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠠ ᠲᠣᠪᠣᠶᠢᠮ᠎ᠠ ᠬᠤᠪᠢ ᠨᠡᠮᠡᠷᠢ ᠨᠢ ᠪᠦᠭᠦᠳᠡ ᠨᠠᠶᠢᠷᠠᠮᠳᠠᠬᠤ ᠤᠯᠤᠰ ᠤᠨ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠪᠣᠯᠣᠨ᠎ᠠ᠂ ᠲᠡᠳᠡᠨ ᠤ ᠦᠨᠡᠨᠴᠢ ᠰᠢᠳᠤᠷᠭᠤ᠂ ᠰᠢᠨᠲᠠᠷᠠᠰᠢ ᠦᠭᠡᠢ᠂ ᠪᠣᠷᠣᠭᠵᠢᠭᠤᠨ ᠰᠢᠯᠢᠳᠡᠭ ᠵᠠᠩ ᠰᠤᠷᠲᠠᠯ ᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠤᠷᠤᠯᠴᠠᠭᠤᠰᠢᠲᠠᠢ ᠶᠤᠮ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠮᠠᠨ ᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠤᠯᠭᠠᠵᠤ᠂ ᠪᠦᠯᠬᠦᠮᠳᠡᠨ ᠤᠷᠤᠭᠰᠢᠯᠠᠵᠤ᠂ ᠡᠷᠡᠮᠡᠬᠡᠶᠢᠯᠡᠨ ᠭᠠᠪᠰᠢᠭᠠᠶᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠡᠬᠦᠳᠡᠭ ᠴᠡᠭᠡᠵᠢᠨ ᠳᠡᠭᠡᠨ ᠤᠯᠤᠰ ᠢᠶᠠᠨ ᠬᠦᠴᠦᠷᠬᠡᠭᠵᠢᠭᠦᠯᠬᠦ ᠵᠣᠷᠢᠭ ᠢ ᠡᠪᠦᠷᠯᠡᠵᠦ᠂ ᠤᠯᠤᠰ ᠣᠷᠣᠨ ᠢᠶᠠᠨ ᠪᠠᠶᠠᠵᠢᠭᠤᠯᠤᠨ ᠬᠦᠴᠦᠷᠬᠡᠭᠵᠢᠭᠦᠯᠬᠦ ᠪᠠᠷ ᠬᠦᠰᠡᠯ ᠵᠣᠷᠢᠯᠲᠠ ᠪᠠᠨ ᠪᠤᠯᠭᠠᠵᠤ᠂ ᠠᠷᠠᠳ ᠲᠦᠮᠡᠨ ᠤ ᠵᠣᠯ ᠵᠢᠷᠭᠠᠯ ᠢᠶᠠᠷ ᠬᠦᠰᠡᠯ ᠡᠷᠡᠮᠡᠯᠵᠡᠯ ᠢᠶᠠᠨ ᠪᠤᠯᠭᠠᠵᠤ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠶᠢᠷᠠᠯᠠᠵᠤ᠂ ᠡᠬᠡ ᠣᠷᠣᠨ ᠤ ᠪᠠᠨ ᠲᠥᠯᠥᠭᠡ ᠵᠢᠳᠬᠦᠬᠦ ᠪᠠᠷ ᠵᠣᠷᠢᠭ ᠰᠢᠭᠤᠳᠤᠨ᠂ ᠥᠪᠡᠷ ᠪᠢ ᠪᠠᠨ ᠤᠯᠤᠰ ᠣᠷᠣᠨ ᠬᠠᠮᠲᠤ ᠨᠡᠶᠢᠳᠡ ᠳᠤ ᠠᠭᠤᠰᠬᠠᠨ ᠣᠷᠣᠭᠤᠯᠵᠤ᠂ ᠤᠯᠤᠰ ᠣᠷᠣᠨ ᠤ ᠪᠠᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠬᠤᠪᠢ ᠬᠥᠮᠥᠨ ᠤ ᠦᠨ᠎ᠡ ᠦᠷᠲᠡᠭ ᠢᠶᠠᠨ ᠪᠡᠶᠡᠯᠡᠭᠦᠯᠵᠦ᠂ ᠠᠮᠢᠳᠤᠷᠠᠬᠤᠢ ᠶᠢᠨ ᠴᠤᠭ ᠵᠢᠪᠬᠤᠭ᠎ᠠ ᠪᠠᠨ ᠢᠯᠡᠷᠡᠭᠦᠯᠬᠦ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠤᠷ᠎ᠠ ᠮᠡᠷᠭᠡᠵᠢᠯ ᠢ ᠳᠠᠪᠲᠠᠨ ᠪᠤᠯᠪᠠᠰᠤᠷᠠᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨ᠎ᠡ ᠮᠡᠳᠡᠯᠭᠡ ᠶᠢ ᠰᠤᠷᠤᠯᠴᠠᠨ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠤᠨ᠂ ᠨᠢᠭᠡ ᠠᠵᠢᠯ ᠲᠦᠷᠦᠯ ᠢ ᠬᠢᠪᠡᠯ ᠨᠢᠭᠡ ᠠᠵᠢᠯ ᠲᠦᠷᠦᠯ ᠢᠶᠠᠨ ᠬᠠᠶᠢᠷᠠᠯᠠᠵᠤ᠂ ᠨᠢᠭᠡ ᠠᠵᠢᠯ ᠲᠦᠷᠦᠯ ᠢ ᠰᠤᠳᠤᠯᠪᠠᠯ ᠨᠢᠭᠡ ᠠᠵᠢᠯ ᠲᠦᠷᠦᠯ ᠳᠤ ᠮᠡᠷᠭᠡᠰᠢᠵᠦ᠂ ᠠᠵᠢᠯ ᠬᠢᠵᠦ ᠦᠢᠯᠡᠰ ᠪᠣᠰᠬᠠᠬᠤ ᠳᠠᠭᠠᠨ ᠴᠢᠳᠠᠮᠠᠭᠠᠢ ᠠᠵᠢᠯ ᠤᠨ ᠪᠠᠶᠢᠷᠢ ᠶᠢᠨ ᠴᠢᠳᠠᠪᠤᠷᠢᠲᠠᠨ᠂ ᠠᠵᠢᠯ ᠳᠠᠭᠠᠨ ᠴᠠᠭᠠᠷᠠᠭᠰᠠᠨ ᠬᠥᠮᠥᠨ ᠪᠤᠯᠬᠤ ᠪᠠᠷ ᠴᠢᠷᠮᠠᠶᠢᠬᠤ ᠬᠡᠷᠡᠭᠲᠡᠢ᠃ ᠤᠯᠤᠰ ᠢᠶᠠᠨ ᠬᠦᠴᠦᠷᠬᠡᠭᠵᠢᠭᠦᠯᠬᠦ ᠳᠤ ᠵᠣᠷᠢᠭᠲᠠᠢ ᠪᠠᠷ  ᠭᠠᠪᠢᠶ᠎ᠠ ᠪᠠᠶᠢᠭᠤᠯᠵᠤ᠂ ᠥᠷᠯᠥᠭᠡ ᠦᠳᠡᠰᠢ ᠶᠢ ᠲᠡᠮᠡᠴᠡᠬᠦ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠡᠵᠡᠨ ᠬᠥᠮᠥᠨ ᠤ ᠬᠠᠷᠢᠭᠤᠴᠠᠯᠭ᠎ᠠ ᠡᠭᠦᠷᠭᠡᠯᠡᠯ ᠢᠶᠠᠷ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠰᠥᠷᠦᠨ ᠤᠷᠤᠭᠰᠢᠯᠠᠵᠤ᠂ ᠴᠣᠯᠭᠤᠷᠠᠬᠤ ᠶᠢ ᠬᠥᠭᠡᠭᠡᠴᠡᠯᠳᠦᠵᠦ᠂ ᠤᠭᠢ ᠶᠢᠨ ᠳᠣᠲᠣᠷ᠎ᠠ ᠠᠴᠠ ᠰᠣᠳᠣ ᠶᠢ  ᠨᠢ ᠡᠷᠢᠯᠬᠢᠯᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠥᠭᠡᠷᠡᠴᠢᠯᠡᠯᠲᠡ ᠶᠢᠨ ᠪᠡᠷᠬᠡ ᠪᠣᠭᠤᠮᠲᠠ ᠶᠢ ᠰᠢᠪᠲᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠲᠠᠰᠤᠷᠠᠯᠳᠠ ᠦᠭᠡᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ 75 ᠵᠢᠯ ᠤᠨ ᠲᠤᠷᠰᠢ ᠳᠡᠯᠡᠬᠡᠢ ᠳᠡᠭᠡᠷ᠎ᠡ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠯᠲᠠ ᠲᠠᠢ ᠰᠡᠳᠬᠢᠯ ᠨᠢᠭᠡᠳᠴᠦ᠂ ᠬᠦᠴᠢᠷ  ᠪᠡᠷᠬᠡᠰᠢᠶᠡᠯ ᠢ ᠬᠠᠮᠲᠤ ᠪᠠᠷ ᠳᠤᠭᠤᠯᠤᠬᠰᠠᠨ ᠮᠠᠰᠢ ᠣᠯᠠᠨ ᠬᠠᠭᠤᠴᠢᠨ ᠨᠠᠶᠢᠵᠠ᠂ ᠰᠠᠶᠢᠨ ᠨᠠᠶᠢᠵᠠ ᠪᠠᠶᠢᠨ᠎ᠠ᠂ ᠥᠨᠥᠳᠥᠷ ᠤᠨ ︽ᠨᠥᠬᠦᠷᠯᠡᠯ ᠤᠨ ᠭᠠᠪᠢᠶᠠᠨ ᠲᠡᠮᠳᠡᠭ ︾ ᠭᠥᠷᠳᠡᠭᠰᠡᠨ ᠳ᠋ᠢᠷᠮᠠ · ᠯᠦᠸᠧᠰᠠᠶᠢᠹ ᠠᠪᠠᠭ᠋ᠠᠢ ᠪᠣᠯ ᠲᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠃ ᠳᠤᠮᠳᠠᠳᠤ ᠤᠯᠤᠰ ᠤᠨ ᠬᠥᠭᠵᠢᠯᠲᠡ᠂ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠡᠯ᠎ᠡ ᠤᠯᠤᠰ ᠤᠨ ᠠᠷᠠᠳ ᠲᠦᠮᠡᠨ ᠤ ᠨᠥᠬᠦᠷᠯᠡᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠤᠯᠠᠨ ᠤᠯᠤᠰ ᠤᠨ ᠨᠥᠭᠦᠷᠰᠡᠭ ᠬᠥᠮᠥᠰ ᠢ ᠳᠤᠮᠳᠠᠳᠤ ᠤᠯᠤᠰ ᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ ᠴᠢᠬᠤᠯᠠᠲᠠᠢ᠂ ᠰᠢᠨ᠎ᠡ ᠲᠡᠦᠬᠡ ᠶᠢ ᠬᠠᠮᠲᠤ ᠪᠠᠷ ᠴᠣᠭᠴᠠᠯᠠᠬᠤ ᠴᠢᠬᠤᠯᠠᠲᠠᠢ᠃ ᠬᠠᠷᠠᠯᠲᠠ ᠪᠠᠨ ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦᠳᠡ ᠨᠠᠶᠢᠷᠠᠮᠳᠠᠬᠤ ᠠᠷᠠᠳ ᠤᠯᠤᠰ ᠤᠨ ᠨᠡᠩ ᠦᠵᠡᠰᠬᠦᠯᠡᠩᠲᠦ ᠰᠠᠶᠢᠬᠠᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠰᠦᠭᠡᠢ ᠭᠡᠵᠦ ᠴᠢᠬᠤᠯᠠᠴᠢᠯᠠᠪᠠ᠃

      ᠶᠣᠰᠣᠯᠠᠯ ᠳᠡᠭᠡᠷ᠎ᠡ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ ︾ ᠭᠦᠷᠲᠡᠭᠴᠢ ᠬᠤᠸᠠᠩ ᠽᠥᠩ ᠳ᠋ᠧ᠂ ︽ᠨᠥᠬᠦᠷᠯᠡᠯ ᠤᠨ ᠭᠠᠪᠢᠶᠠᠨ ᠲᠡᠮᠳᠡᠭ ︾ ᠭᠦᠷᠲᠡᠭᠴᠢ ᠳ᠋ᠢᠷᠮᠠ ·ᠯᠦᠸᠧᠰᠠᠶᠢᠹ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠭᠦᠷᠲᠡᠭᠴᠢ ᠶᠢ ᠲᠥᠯᠥᠭᠡᠯᠡᠨ ᠦᠭᠡ ᠬᠡᠯᠡᠪᠡ᠃

      ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠳᠡᠳ᠋ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠶᠣᠰᠣᠯᠠᠯ ᠳᠤ ᠣᠷᠣᠯᠴᠠᠪᠠ᠃

      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠨ ᠲᠦᠷᠦᠯ ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠬᠢᠨᠢ ᠲᠥᠯᠥᠭᠡᠯᠡᠭᠴᠢ᠂ ᠥᠩᠭᠡᠷᠡᠭᠰᠡᠨ ᠤ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠱᠠᠩᠨᠠᠯ ᠬᠦᠷᠲᠡᠭᠰᠡᠳ ᠤᠨ ᠲᠥᠯᠥᠭᠡᠯᠡᠭᠴᠢ᠂ ᠬᠤᠯᠪᠣᠭᠳᠠᠯ ᠪᠦᠬᠦᠢ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠤ ᠲᠥᠯᠥᠭᠡᠯᠡᠭᠴᠢ ᠵᠡᠷᠭᠡ 1000 ᠰᠢᠬᠠᠮ ᠬᠥᠮᠥᠨ ᠶᠣᠰᠣᠯᠠᠯ ᠳᠤ ᠣᠷᠣᠯᠴᠠᠵᠠᠢ᠃

            

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ