|
9 ᠳ᠋ᠦ᠋ᠭᠡᠷ ᠰᠠᠷ᠎ᠠ ᠶᠢᠨ 28 ᠤ ᠡᠳᠦᠷ ᠶᠡᠷᠦᠩᠬᠡᠢ ᠪᠡᠯᠡ ᠣᠷᠣᠭᠤᠯᠤᠯᠲᠠ ᠨᠢ 157 ᠳ᠋ᠦᠩᠰᠢᠭᠤᠷ ᠲᠥᠭᠦᠷᠢᠭ ᠤᠨ ᠰᠠᠨ ᠰᠢᠶᠠ ᠪᠦᠯᠦᠭᠯᠡᠯ ᠤᠨ ᠬᠥᠪᠴᠢ ᠶᠢᠨ | ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠢᠵᠢ ᠪᠦᠷᠢᠳᠦᠭᠦᠯᠦᠭᠰᠡᠨ ᠨᠡᠭᠦᠷᠡᠰᠦ ᠴᠠᠬᠢᠯᠭᠠᠨ ᠤ ᠲᠥᠷᠥᠯ ᠵᠦᠢᠯ ᠠᠵᠢᠯ ᠡᠬᠢᠯᠡᠪᠡ |
|
|
ᠨᠡᠶᠢᠲᠡᠯᠡᠭᠰᠡᠨ ᠴᠠᠭ᠄
2024/9/30
|
|
9 ᠳ᠋ᠦ᠋ᠭᠡᠷ ᠰᠠᠷ᠎ᠠ ᠶᠢᠨ 28 ᠤ ᠡᠳᠦᠷ ᠶᠡᠷᠦᠩᠬᠡᠢ ᠪᠡᠯᠡ ᠣᠷᠣᠭᠤᠯᠤᠯᠲᠠ ᠨᠢ 157 ᠳ᠋ᠦᠩᠰᠢᠭᠤᠷ ᠲᠥᠭᠦᠷᠢᠭ ᠤᠨ ᠰᠠᠨ ᠰᠢᠶᠠ ᠪᠦᠯᠦᠭᠯᠡᠯ ᠤᠨ ᠬᠥᠪᠴᠢ ᠶᠢᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠢᠵᠢ ᠪᠦᠷᠢᠳᠦᠭᠦᠯᠦᠭᠰᠡᠨ ᠨᠡᠭᠦᠷᠡᠰᠦ ᠴᠠᠬᠢᠯᠭᠠᠨ ᠤ ᠲᠥᠷᠥᠯ ᠵᠦᠢᠯ ᠠᠵᠢᠯ ᠡᠬᠢᠯᠡᠪᠡ᠃ ᠲᠥᠷᠥᠯ ᠵᠦᠢᠯ ᠨᠢ ᠭᠤᠤᠯᠳᠠᠭᠤ 4 × 1000MW ᠳᠠᠮ ᠤᠨ ᠠᠭᠠᠷ ᠬᠦᠷᠦᠭᠡᠬᠦ ᠥᠨᠳᠥᠷ ᠪᠦᠲᠦᠮᠵᠢᠲᠡᠶ ᠬᠢᠵᠠᠭᠠᠷ ᠠᠴᠠ ᠬᠡᠳᠦ ᠳᠠᠪᠠᠭᠰᠠᠨ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢ ᠪᠥᠲᠥᠭᠡᠨ ᠪᠠᠶᠢᠭᠤᠯᠵᠤ᠂ ᠵᠢᠯ ᠤᠨ ᠠᠰᠢᠭᠯᠠᠯᠲᠠ ᠶᠢᠨ ᠴᠠᠭ ᠤᠨ ᠤᠷᠲᠤ 4500h ᠣᠷᠴᠢᠮ ᠪᠠᠶᠢᠵᠤ᠂ ᠵᠢᠯ ᠳᠤ ᠲᠣᠣᠷ ᠲᠤ ᠨᠡᠶᠢᠯᠡᠭᠦᠯᠦᠨ ᠭᠠᠷᠭᠠᠭᠰᠠᠨ ᠴᠠᠬᠢᠯᠭᠠᠨ ᠤ ᠬᠡᠮᠵᠢᠶ᠎ᠡ ᠪᠠᠷᠤᠭ 160 ᠳ᠋ᠦᠩᠰᠢᠭᠤᠷ kWh ᠪᠣᠯᠤᠨ᠎ᠠ᠃ ᠲᠣᠰ ᠨᠡᠭᠦᠷᠡᠰᠦ ᠴᠠᠬᠢᠯᠭᠠᠨ ᠤ ᠲᠥᠷᠥᠯ ᠵᠦᠢᠯ ᠨᠢ ᠰᠠᠭᠤᠷᠢᠨ ᠭᠠᠵᠠᠷ ᠤᠨ ᠰᠠᠯᠬᠢ ᠭᠡᠷᠡᠯ ᠤᠨ ᠡᠬᠢ ᠪᠠᠶᠠᠯᠢᠭ ᠢᠶᠠᠷ ᠰᠠᠭᠤᠷᠢ ᠪᠣᠯᠭᠠᠵᠤ᠂ ᠵᠠᠭᠤᠨ ᠲᠦᠮᠡᠨ ᠮᠠᠰᠢᠨ ᠴᠣᠭᠴᠠᠯᠠᠪᠤᠷᠢ ᠶᠢᠨ ᠣᠷᠭᠢᠯ ᠤᠨ ᠬᠡᠮᠵᠢᠭᠳᠡᠯ ᠤᠨ ᠭᠦᠨᠴᠠ ᠲᠣᠬᠢᠷᠠᠭᠤᠯᠬᠤ ᠮᠡᠷᠭᠡᠵᠢᠯ᠂ ᠠᠮᠢᠳᠤᠯᠢᠭ ᠴᠢᠨᠠᠷᠲᠠᠶ ᠡᠵᠡᠮᠳᠡᠬᠦ ᠮᠡᠷᠭᠡᠵᠢᠯ᠂ ᠤᠶᠤᠨᠲᠤ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠵᠡᠷᠭᠡ ᠮᠡᠷᠭᠡᠵᠢᠯ ᠲᠠᠢ ᠤᠶᠠᠯᠳᠤᠭᠤᠯᠤᠨ ᠰᠢᠨ᠎ᠡ ᠶᠢ ᠡᠭᠦᠳᠬᠦ ᠴᠢᠨᠠᠷᠲᠠᠶ ᠬᠡᠷᠡᠭᠯᠡᠯᠲᠡ ᠬᠢᠵᠦ᠂ ᠣᠯᠠᠨ ᠤᠯᠤᠰ ᠲᠠᠬᠢ ᠠᠩᠬᠠᠳᠠᠭᠴᠢ᠂ ᠤᠯᠤᠰ ᠤᠨ ᠳᠣᠲᠣᠭᠠᠳᠤ ᠶᠢᠨ ᠲᠡᠷᠢᠭᠦᠨ ᠳᠤ ᠵᠢᠭᠰᠠᠭᠠᠭᠳᠠᠬᠤ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢ ᠭᠡᠷᠡᠯᠴᠢ ᠢᠯᠴᠢ ᠨᠥᠭᠡᠴᠡᠯᠡᠬᠦ ᠪᠦᠬᠦᠢ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠰᠢᠨ᠎ᠡ ᠨᠢᠭᠡ ᠦᠶ᠎ᠡ ᠶᠢᠨ ᠨᠡᠭᠦᠷᠡᠰᠦ ᠰᠢᠲᠠᠭᠠᠯᠲᠠ ᠶᠢᠨ ᠴᠠᠬᠢᠯᠭᠠᠨ ᠥᠷᠲᠡᠭᠡ ᠶᠢ ᠪᠥᠲᠥᠭᠡᠨ ᠪᠠᠶᠢᠭᠤᠯᠬᠤ ᠪᠣᠯᠣᠨ᠎ᠠ᠃ ᠲᠥᠷᠥᠯ ᠵᠦᠢᠯ ᠢ ᠪᠠᠶᠢᠭᠤᠯᠤᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠶ ᠭᠠᠵᠠᠷ ᠣᠷᠣᠨ ᠳᠤ 360 — 440 ᠳ᠋ᠦᠩᠰᠢᠭᠤᠷ kWh ᠴᠠᠬᠢᠯᠭᠠᠨ ᠢ ᠲᠣᠭᠲᠠᠭᠤᠨ ᠢᠶᠠᠷ ᠬᠦᠷᠭᠡᠬᠦ ᠪᠣᠯᠤᠨ᠎ᠠ᠃ ︵ᠤᠷᠳᠤᠰ ᠬᠤᠳᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|