|
ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ | ᠴᠣᠭᠴᠠᠵᠢᠭᠤᠯᠬᠤ ᠶᠢ ᠠᠬᠢᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ |
|
|
ᠨᠡᠶᠢᠲᠡᠯᠡᠭᠰᠡᠨ ᠴᠠᠭ᠄
2024/9/30
|
|
ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠠᠬᠢᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠬᠢᠴᠢᠶᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠤᠬᠡᠳ ᠤᠨ ᠴᠡᠴᠡᠷᠯᠢᠭ ᠤᠳ ᠢᠶᠠᠷ ᠭᠤᠤᠯ ᠰᠡᠳᠦᠪᠲᠦ ᠵᠢᠷᠤᠭᠲᠤ ᠳᠡᠪᠲᠡᠷ ᠢ ᠰᠠᠶᠢᠲᠤᠷ ᠬᠡᠷᠡᠭᠯᠡᠵᠦ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠣᠶᠢᠮᠤ︾ ᠭᠡᠬᠦ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠵᠡᠷᠭᠡ 23 ᠵᠢᠱᠢᠶ᠎ᠡ ᠦᠵᠡᠭᠦᠯᠬᠦ ᠬᠢᠴᠢᠶᠡᠯ ᠨᠢ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠯᠢᠳᠡᠭ ᠬᠢᠴᠢᠶᠡᠯ ᠢᠶᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ 123 ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ 12 ᠠᠶᠢᠮᠠᠭ ᠬᠤᠲᠠ ᠶᠢᠨ ᠬᠤᠪᠢᠰᠬᠠᠯ ᠤᠨ ᠰᠤᠳᠤᠯᠤᠨ ᠰᠤᠷᠤᠯᠴᠠᠬᠤ ᠭᠠᠵᠠᠷ ᠤᠨ ᠵᠢᠷᠤᠭ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠵᠢᠯᠤᠭᠤᠳᠤᠮᠵᠢ ᠶᠢ ᠭᠠᠷᠭᠠᠵᠤ᠂ ︽ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠬᠢᠯᠢ ᠶᠢᠨ ᠱᠤᠭᠤᠮ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠵᠦᠴᠦᠭᠡ ᠶᠢᠨ ᠲᠠᠯᠠᠪᠠᠢ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠵᠡᠷᠭᠡ ᠦᠢᠯᠡᠳᠦᠯᠭᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠣᠷᠣᠨ ᠪᠦᠰᠡ ᠠᠯᠤᠰᠯᠠᠨ ᠬᠤᠣᠰᠯᠠᠵᠤ ᠬᠠᠮᠲᠤ ᠪᠠᠷ ᠪᠠᠶᠢᠭᠤᠯᠬᠤ᠂ ᠨᠡᠶᠢᠭᠡᠮ ᠤᠨ ᠦᠢᠯᠡᠳᠦᠯᠭᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ 1800 ᠰᠢᠬᠠᠮ ᠲᠠᠯᠠᠪᠤᠷ ᠦᠷᠨᠢᠭᠦᠯᠵᠦ᠂ ᠬᠦᠯᠢᠶᠡᠨ ᠠᠪᠤᠭᠴᠢᠳ 46 ᠲᠦᠮᠡ ᠶᠢ ᠳᠠᠪᠠᠪᠠ᠃ ︵ᠰᠤᠷᠭᠠᠨ ᠬᠦᠮᠦᠵᠢᠯ ᠤᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|