ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠭᠤᠴᠠᠭᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠲᠡᠦᠬᠡᠲᠦ ᠡᠭᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠪᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠤ ᠳᠡᠭᠡᠳᠦ ᠳᠣᠣᠷ᠎ᠠ ᠱᠠᠲᠤ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠬᠢᠵᠢᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠤᠳᠤ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠴᠣᠭᠴᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢ ᠪᠠᠨ ᠥᠩᠵᠢᠭᠦᠯᠦᠨ ᠰᠡᠷᠭᠦᠭᠡᠬᠦ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠲᠦᠮᠡᠨ ᠭᠠᠵᠠᠷ ᠤᠨ ᠪᠣᠬᠢᠷᠲᠤᠯ ᠦᠭᠡᠢ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠴᠣᠭᠴᠠᠯᠠᠨ ᠪᠠᠶᠢᠭᠤᠯᠵᠠᠢ᠃
ᠨᠢᠭᠡ᠂ ᠣᠷᠴᠢᠨ ᠠᠬᠤᠢ ᠶᠢᠨ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢ ᠢᠳᠡᠪᠬᠢᠲᠡᠢ ᠠᠬᠢᠯᠲᠠ ᠲᠠᠢ ᠪᠣᠯᠭᠠᠪᠠ
︵ᠨᠢᠭᠡ︶ ᠠᠭᠠᠷ ᠮᠠᠨᠳᠠᠯ ᠤᠨ ᠴᠢᠨᠠᠷ ᠲᠠᠰᠤᠷᠠᠯᠲᠠ ᠦᠭᠡᠢ ᠰᠠᠶᠢᠵᠢᠷᠠᠵᠤ ᠪᠠᠶᠢᠨ᠎ᠠ᠃ 2023 ᠣᠨ ᠳᠤ᠂ ᠪᠥᠬᠦ ᠣᠷᠣᠨ ᠤ ᠬᠤᠲᠠ ᠶᠢᠨ ᠠᠭᠠᠷ ᠮᠠᠨᠳᠠᠯ ᠤᠨ ᠴᠢᠨᠠᠷ ᠰᠢᠯᠢᠳᠡᠭ ᠰᠠᠶᠢᠨ ᠪᠠᠶᠢᠭᠰᠠᠨ ᠡᠳᠦᠷ ᠤᠨ ᠲᠣᠭᠠᠨ ᠤ ᠬᠠᠷᠢᠴᠠᠯ 87.2% ᠪᠠᠶᠢᠵᠤ᠂ 2015 ᠣᠨ ᠤ ᠬᠢ ᠠᠴᠠ 1.1 ᠵᠠᠭᠤᠨ ᠤ ᠴᠡᠭ ᠳᠡᠭᠡᠭᠰᠢᠯᠡᠪᠡ︔ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ 23 ᠮᠢᠺᠷᠥᠭᠷᠠᠮ / ᠺᠦᠪ ᠮᠧᠲᠷ ᠪᠠᠶᠢᠵᠤ᠂ 2015 ᠣᠨ ᠤ ᠬᠢ ᠠᠴᠠ 36.1% ᠪᠠᠷ ᠪᠠᠭᠤᠷᠠᠵᠤ᠂ ᠵᠢᠯ ᠪᠦᠷᠢ ᠳᠤᠮᠳᠠᠴᠢ ᠪᠠᠷ 5.4% ᠪᠠᠭᠤᠷᠠᠪᠠ︔ ᠦᠬᠠᠢ ᠵᠢᠴᠢ ᠲᠡᠭᠦᠨ ᠤ ᠡᠷᠬᠢᠨ ᠲᠣᠭᠤᠷᠢᠨ ᠤ ᠭᠠᠵᠠᠷ ᠣᠷᠣᠨ ᠳᠠᠬᠢ ᠠᠭᠠᠷ ᠮᠠᠨᠳᠠᠯ ᠤᠨ ᠴᠢᠨᠠᠷ ᠳᠤᠮᠳᠠᠴᠢ ᠪᠠᠷ ᠰᠢᠯᠢᠳᠡᠭ ᠪᠠᠶᠢᠭᠰᠠᠨ ᠡᠳᠦᠷ ᠤᠨ ᠲᠣᠭᠠᠨ ᠤ ᠬᠠᠷᠢᠴᠠᠯ 77.4% ᠪᠠᠶᠢᠵᠤ᠂ ᠣᠷᠣᠨ ᠪᠦᠰᠡ ᠶᠢᠨ ᠳᠣᠲᠣᠷᠠᠬᠢ ᠠᠭᠠᠷ ᠮᠠᠨᠳᠠᠯ ᠤᠨ ᠳᠥᠷᠪᠡᠨ ᠵᠦᠢᠯ ᠤᠨ ᠪᠣᠬᠢᠷᠲᠤᠯ ᠪᠣᠳᠠᠰ ᠤᠨ ᠥᠳᠬᠡᠴᠡ ᠶᠢᠨ ᠬᠡᠮᠵᠢᠶ᠎ᠡ ᠪᠠᠭᠤᠷᠠᠪᠠ᠂ ᠡᠭᠦᠨ ᠳᠤ ᠨᠠᠷᠢᠨ ᠮᠥᠬᠦᠯᠢᠭᠲᠦ ᠪᠣᠳᠠᠰ ︵PM2.5︶ ᠪᠠ ᠠᠮᠢᠰᠬᠤᠯ ᠤᠨ ᠮᠥᠬᠦᠯᠢᠭᠲᠦ ᠪᠣᠳᠠᠰ ︵PM10︶ ᠤᠨ ᠥᠳᠬᠡᠴᠡ ᠲᠣᠰ ᠪᠦᠷᠢ ᠠᠳᠠᠯᠢ ᠬᠤᠭᠤᠴᠠᠭᠠᠨ ᠤ ᠬᠢ ᠠᠴᠠ ᠪᠠᠨ 13.3% ᠪᠠ 9% ᠪᠠᠷ ᠪᠠᠭᠤᠷᠠᠭᠠᠳ ᠬᠢᠨᠠᠨ ᠬᠡᠮᠵᠢᠭᠰᠡᠨ ᠲᠡᠮᠳᠡᠭᠯᠡᠯ ᠲᠠᠢ ᠪᠣᠯᠤᠭᠰᠠᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠳᠤ ᠬᠦᠷᠪᠡ᠃
︵ᠬᠤᠶᠠᠷ︶ ᠤᠰᠤᠨ ᠤ ᠣᠷᠴᠢᠨ ᠠᠬᠤᠢ ᠶᠢᠨ ᠴᠢᠨᠠᠷ ᠦᠷᠭᠦᠯᠵᠢᠯᠡᠨ ᠰᠠᠶᠢᠵᠢᠷᠠᠵᠤ ᠪᠠᠶᠢᠨ᠎ᠠ᠃ 2023 ᠣᠨ ᠳᠤ᠂ ᠪᠥᠬᠦ ᠣᠷᠣᠨ ᠤ ᠭᠠᠵᠠᠷ ᠤᠨ ᠭᠠᠳᠠᠷᠭᠤ ᠳᠠᠬᠢ ᠤᠰᠤ ᠶᠢ ᠬᠢᠨᠠᠨ ᠬᠡᠮᠵᠢᠭᠡᠳ ᠤᠰᠤᠨ ᠤ ᠴᠢᠨᠠᠷ ᠰᠢᠯᠢᠳᠡᠭ ᠰᠠᠶᠢᠨ ︵Ⅰ — Ⅲ ᠲᠥᠷᠥᠯ︶ ᠣᠭᠲᠣᠯᠣᠭᠠᠰᠤ ᠶᠢᠨ ᠬᠠᠷᠢᠴᠠᠯ 79.1% ᠪᠠᠶᠢᠵᠤ᠂ 2014 ᠣᠨ ᠤ ᠬᠢ ᠲᠠᠢ ᠬᠠᠷᠢᠴᠠᠭᠤᠯᠪᠠᠯ 21.4 ᠵᠠᠭᠤᠨ ᠤ ᠴᠡᠭ ᠳᠡᠭᠡᠭᠰᠢᠯᠡᠪᠡ︔ ᠴᠢᠨᠠᠷ ᠮᠠᠭᠤᠲᠠᠢ V ᠲᠥᠷᠥᠯ ᠤᠨ ᠤᠰᠤᠨ ᠤ ᠴᠢᠨᠠᠷ ᠤᠨ ᠣᠭᠲᠣᠯᠣᠭᠠᠰᠤ 1.7% ᠪᠠᠶᠢᠵᠤ᠂ 2014 ᠣᠨ ᠤ ᠬᠢ ᠲᠠᠢ ᠬᠠᠷᠢᠴᠠᠭᠤᠯᠪᠠᠯ 6 ᠵᠠᠭᠤᠨ ᠤ ᠴᠡᠭ ᠪᠠᠭᠤᠷᠠᠪᠠ᠃ ᠭᠤᠣᠯᠳᠠᠯᠭ᠎ᠠ ᠪᠦᠬᠦᠢ ᠰᠠᠪᠠ ᠭᠠᠵᠠᠷ ᠤᠨ ᠤᠰᠤᠨ ᠤ ᠴᠢᠨᠠᠷ ᠠᠭᠠᠵᠢᠮ ᠢᠶᠠᠷ ᠰᠠᠶᠢᠵᠢᠷᠠᠨ᠂ ᠬᠠᠲᠤᠨ ᠭᠤᠣᠯ ᠤᠨ ᠤᠰᠤᠨ ᠤ ᠴᠢᠨᠠᠷ ᠤᠨ ᠰᠢᠯᠢᠳᠡᠭ ᠰᠠᠶᠢᠨ ᠣᠭᠲᠣᠯᠣᠭᠠᠰᠤ ᠶᠢᠨ ᠬᠠᠷᠢᠴᠠᠯ 81.3% ᠪᠠᠶᠢᠵᠤ᠂ 2014 ᠣᠨ ᠤ ᠬᠢ ᠲᠠᠢ ᠬᠠᠷᠢᠴᠠᠭᠤᠯᠪᠠᠯ 31.3 ᠵᠠᠭᠤᠨ ᠤ ᠴᠡᠭ ᠳᠡᠭᠡᠭᠰᠢᠯᠡᠪᠡ︔ ᠯᠢᠶᠣᠤ ᠾᠧ ᠭᠤᠣᠯ ᠤᠨ ᠤᠰᠤᠨ ᠤ ᠴᠢᠨᠠᠷ ᠤᠨ ᠰᠢᠯᠢᠳᠡᠭ ᠰᠠᠶᠢᠨ ᠣᠭᠲᠣᠯᠣᠭᠠᠰᠤ ᠶᠢᠨ ᠬᠠᠷᠢᠴᠠᠯ 72.4% ᠪᠠᠶᠢᠵᠤ᠂ 2014 ᠣᠨ ᠤ ᠬᠢ ᠲᠠᠢ ᠬᠠᠷᠢᠴᠠᠭᠤᠯᠪᠠᠯ 16.9 ᠵᠠᠭᠤᠨ ᠤ ᠴᠡᠭ ᠳᠡᠭᠡᠭᠰᠢᠯᠡᠪᠡ᠃
︵ᠭᠤᠷᠪᠠ︶ ᠬᠥᠷᠥᠰᠥ ᠰᠢᠷᠣᠢ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ ᠪᠠᠶᠢᠨ᠎ᠠ᠃ 2023 ᠣᠨ ᠳᠤ᠂ ᠪᠥᠬᠦ ᠣᠷᠣᠨ ᠤ ᠪᠣᠬᠢᠷᠲᠤᠭᠰᠠᠨ ᠲᠠᠷᠢᠶᠠᠨ ᠭᠠᠵᠠᠷ ᠢᠶᠠᠨ ᠠᠮᠤᠷ ᠲᠦᠪᠰᠢᠨ ᠢᠶᠠᠷ ᠠᠰᠢᠭᠯᠠᠭᠰᠠᠨ ᠨᠣᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠪᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ ᠵᠠᠰᠠᠭ ᠵᠠᠬᠢᠷᠭᠠᠨ ᠤ ᠲᠣᠰᠬᠤᠨ ᠳᠦ ᠪᠦᠷᠬᠦᠭᠦᠯᠦᠭᠰᠡᠨ ᠨᠤᠷᠮ᠎ᠠ 58.5% ᠳᠤ ᠬᠦᠷᠴᠦ᠂ 2021 ᠣᠨ ᠤ ᠬᠢ ᠲᠠᠢ ᠬᠠᠷᠢᠴᠠᠭᠤᠯᠪᠠᠯ 15.4 ᠵᠠᠭᠤᠨ ᠤ ᠴᠡᠭ ᠳᠡᠭᠡᠭᠰᠢᠯᠡᠪᠡ︔ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 82% ᠲᠤ ᠬᠦᠷᠴᠦ᠂ 2018 ᠣᠨ ᠤ ᠬᠢ ᠲᠠᠢ ᠬᠠᠷᠢᠴᠠᠭᠤᠯᠪᠠᠯ 8.4 ᠵᠠᠭᠤᠨ ᠤ ᠴᠡᠭ ᠳᠡᠭᠡᠭᠰᠢᠯᠡᠪᠡ᠃
ᠬᠤᠶᠠᠷ᠂ ᠠᠮᠢ ᠠᠬᠤᠢ ᠶᠢᠨ ᠬᠠᠮᠠᠭᠠᠯᠠᠯᠲᠠ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠪᠠᠶᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠠᠰᠢᠭ ᠣᠯᠪᠠ
︵ᠨᠢᠭᠡ︶ ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠲᠣᠭᠲᠠᠭᠤᠨ ᠢᠶᠠᠷ ᠰᠠᠶᠢᠨ ᠲᠡᠶᠢᠰᠢ ᠪᠠᠨ ᠬᠦᠭᠵᠢᠵᠦ ᠪᠠᠶᠢᠨ᠎ᠠ᠃ ᠨᠢᠭᠡ ᠳᠤ ᠠᠮᠢ ᠠᠬᠤᠢ ᠶᠢᠨ ᠴᠢᠨᠠᠷ ᠬᠠᠷᠢᠴᠠᠩᠭᠤᠢ ᠲᠣᠭᠲᠠᠭᠤᠨ ᠪᠠᠶᠢᠨ᠎ᠠ᠃ 2023 ᠣᠨ ᠳᠤ᠂ ᠪᠥᠬᠦ ᠣᠷᠣᠨ ᠤ ᠠᠮᠢ ᠠᠬᠤᠢ ᠶᠢᠨ ᠴᠢᠨᠠᠷ ᠤᠨ ᠵᠢᠭᠠᠯᠲᠠ ᠲᠣᠭᠠᠨ ︵EQI︶ ᠤ ᠬᠡᠮᠵᠢᠭᠳᠡᠯ 61.2 ᠪᠠᠶᠢᠭᠰᠠᠨ ᠮᠥᠷᠲᠡᠭᠡᠨ ᠠᠮᠢ ᠠᠬᠤᠢ ᠶᠢᠨ ᠴᠢᠨᠠᠷ ᠨᠢ ᠬᠤᠶᠠᠳᠤᠭᠠᠷ ᠲᠥᠷᠥᠯ ᠳᠤ ᠪᠠᠭᠲᠠᠵᠤ᠂ ᠠᠳᠠᠯᠢ ᠬᠤᠭᠤᠴᠠᠭᠠᠨ ᠤ ᠬᠢ ᠲᠠᠢ ᠨᠢ ᠬᠠᠷᠢᠴᠠᠭᠤᠯᠪᠠᠯ ᠦᠨᠳᠦᠰᠦᠨ ᠳᠤ ᠪᠠᠨ ᠲᠣᠭᠲᠠᠭᠤᠨ ᠪᠠᠶᠢᠪᠠ᠃ ᠠᠮᠢ ᠠᠬᠤᠢ ᠶᠢᠨ ᠴᠢᠨᠠᠷ ᠢᠶᠠᠷ ᠢᠶᠠᠨ ᠨᠢᠭᠡᠳᠦᠭᠡᠷ ᠲᠥᠷᠥᠯ ᠤᠨ ᠪᠣᠯᠬᠤ ᠰᠢᠶᠠᠨ ᠤ ᠬᠡᠪᠴᠢᠶᠡᠨ ᠤ ᠲᠠᠯᠠᠪᠠᠶ ᠪᠥᠬᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ 22.1% ᠶᠢᠨ ᠲᠠᠯᠠᠪᠠᠶ ᠶᠢ ᠡᠵᠡᠯᠡᠵᠦ᠂ ᠬᠤᠶᠠᠳᠤᠭᠠᠷ ᠲᠥᠷᠥᠯ ᠤᠨ ᠪᠣᠯᠬᠤ ᠰᠢᠶᠠᠨ ᠤ ᠬᠡᠪᠴᠢᠶᠡᠨ ᠤ ᠲᠠᠯᠠᠪᠠᠶ 43.6% ᠶᠢ ᠨᠢ ᠡᠵᠡᠯᠡᠨ᠎ᠡ᠃ ᠬᠤᠶᠠᠷ ᠲᠤ ᠤᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠪᠠᠷ ᠰᠡᠷᠭᠦᠭᠡᠪᠡ᠃ 2023 ᠣᠨ ᠳᠤ᠂ ᠪᠥᠬᠦ ᠣᠷᠣᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 21.8% ᠪᠠᠶᠢᠵᠤ᠂ 1980 ᠣᠨ ᠤ ᠬᠢ ᠲᠠᠢ ᠬᠠᠷᠢᠴᠠᠭᠤᠯᠪᠠᠯ 8.6 ᠵᠠᠭᠤᠨ ᠤ ᠴᠡᠭ ᠳᠡᠭᠡᠭᠰᠢᠯᠡᠪᠡ︔ ᠤᠢ ᠰᠢᠭᠤᠢ ᠶᠢᠨ ᠲᠠᠯᠠᠪᠠᠢ 2494.3 ᠲᠦᠮᠡᠨ ᠾᠧᠺᠲ᠋ᠠᠷ ᠪᠠᠶᠢᠵᠤ᠂ 1980 ᠣᠨ ᠤ ᠬᠢ ᠲᠠᠢ ᠬᠠᠷᠢᠴᠠᠭᠤᠯᠪᠠᠯ 59.6% ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 1.1% ᠨᠡᠮᠡᠭᠳᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 0.7 ᠵᠠᠭᠤᠨ ᠤ ᠴᠡᠭ ᠳᠡᠭᠡᠭᠰᠢᠯᠡᠵᠦ᠂ ᠣᠶ ᠰᠢᠭᠤᠢ ᠶᠢᠨ ᠮᠣᠳᠣᠨ ᠤ ᠶᠡᠷᠦᠩᠬᠡᠢ ᠡᠵᠡᠯᠡᠬᠦᠨ 25.7% ᠪᠠᠷ ᠨᠡᠮᠡᠭᠳᠡᠪᠡ᠃ ᠭᠤᠷᠪᠠ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠪᠠ᠃ 2023 ᠣᠨ ᠳᠤ᠂ ᠪᠥᠬᠦ ᠣᠷᠣᠨ ᠳᠠᠬᠢ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 45% ᠳᠤ ᠬᠦᠷᠴᠦ᠂ 2006 ᠣᠨ ᠤ ᠬᠢ ᠲᠠᠢ ᠬᠠᠷᠢᠴᠠᠭᠤᠯᠪᠠᠯ 8.9 ᠵᠠᠭᠤᠨ ᠤ ᠴᠡᠭ ᠳᠡᠭᠡᠭᠰᠢᠯᠡᠪᠡ᠃ ᠨᠤᠲᠤᠭ ᠪᠡᠯᠴᠢᠭᠡᠷ ᠤᠨ ᠳᠤᠮᠳᠠᠴᠢ ᠤᠨᠠᠯᠲᠠ 57.4 ᠺᠢᠯᠣᠭ᠍ᠷᠠᠮ / ᠮᠦ ᠳᠤ ᠬᠦᠷᠴᠦ᠂ 2011 ᠣᠨ ᠤ ᠬᠢ ᠲᠠᠢ ᠬᠠᠷᠢᠴᠠᠭᠤᠯᠪᠠᠯ ᠮᠦ ᠪᠦᠷᠢ ᠶᠢᠨ ᠤᠨᠠᠯᠲᠠ 8.6 ᠺᠢᠯᠣᠭ᠍ᠷᠠᠮ ᠥᠰᠴᠦ᠂ ᠵᠢᠯ ᠪᠦᠷᠢ ᠳᠤᠮᠳᠠᠴᠢ ᠪᠠᠷ 1.4% ᠨᠡᠮᠡᠭᠳᠡᠪᠡ᠃ ᠡᠪᠡᠰᠦ ᠲᠠᠷᠢᠬᠤ ᠲᠠᠯᠠᠪᠠᠢ ᠶᠢ 1817.1 ᠲᠦᠮᠡᠨ ᠮᠦ ᠳᠤ ᠬᠦᠷᠭᠡᠵᠦ᠂ 1980 ᠣᠨ ᠤ ᠬᠢ ᠲᠠᠢ ᠬᠠᠷᠢᠴᠠᠭᠤᠯᠪᠠᠯ 211.9% ᠪᠠᠷ ᠨᠡᠮᠡᠭᠳᠡᠭᠦᠯᠵᠦ᠂ ᠵᠢᠯ ᠪᠦᠷᠢ ᠳᠤᠮᠳᠠᠴᠢ ᠪᠠᠷ 2.7% ᠨᠡᠮᠡᠭᠳᠡᠭᠦᠯᠵᠡᠢ᠃ ᠳᠥᠷᠪᠡ ᠳᠤ᠂ ᠨᠤᠭᠤ ᠭᠠᠵᠠᠷ ᠢ ᠪᠦᠲᠦᠮᠵᠢᠲᠡᠢ ᠪᠠᠷ ᠥᠩᠵᠢᠭᠦᠯᠦᠨ ᠰᠡᠷᠭᠦᠭᠡᠪᠡ᠃ 2023 ᠣᠨ ᠳᠤ᠂ ᠪᠥᠬᠦ ᠣᠷᠣᠨ ᠳᠤ ᠨᠤᠭᠤ ᠭᠠᠵᠠᠷ ᠤᠨ ᠬᠠᠮᠠᠭᠠᠯᠠᠯᠲᠠ ᠶᠢᠨ 51 ᠲᠥᠷᠥᠯ ᠵᠦᠢᠯ ᠢ ᠬᠡᠷᠡᠭᠵᠢᠭᠦᠯᠵᠦ᠂ 2010 ᠣᠨ ᠤ ᠬᠢ ᠲᠠᠢ ᠬᠠᠷᠢᠴᠠᠭᠤᠯᠪᠠᠯ 24 ᠳᠠᠬᠢᠨ ᠢᠯᠡᠭᠦᠦ ᠨᠡᠮᠡᠭᠳᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠠᠴᠠ ᠣᠲᠣ ᠪᠣᠯᠬᠤ ᠳᠤ ᠰᠢᠨ᠎ᠡ ᠪᠠᠷ ᠨᠡᠮᠡᠭᠳᠡᠭᠰᠡᠨ ᠪᠠ ᠵᠠᠰᠠᠨ ᠰᠡᠷᠭᠦᠭᠡᠭᠰᠡᠨ ᠨᠤᠭᠤ ᠭᠠᠵᠠᠷ 1.45 ᠲᠦᠮᠡᠨ ᠾᠧᠺᠲ᠋ᠠᠷ ᠲᠤ ᠬᠦᠷᠴᠡᠢ᠃ ᠲᠠᠪᠤ ᠳᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠪᠠ᠃ 2023 ᠣᠨ ᠳᠤ᠂ ᠪᠥᠬᠦ ᠣᠷᠣᠨ ᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠲᠥᠷᠥᠯ ᠢ ᠬᠠᠮᠠᠭᠠᠯᠠᠭᠰᠠᠨ ᠨᠣᠷᠮ᠎ᠠ 80% ᠳᠤ ᠬᠦᠷᠴᠦ᠂ 2020 ᠣᠨ ᠤ ᠬᠢ ᠲᠠᠢ ᠬᠠᠷᠢᠴᠠᠭᠤᠯᠪᠠᠯ 14 ᠵᠠᠭᠤᠨ ᠤ ᠴᠡᠭ ᠳᠡᠭᠡᠭᠰᠢᠯᠡᠪᠡ︔ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠲᠦᠷᠦᠯ ᠢ ᠬᠠᠮᠠᠭᠠᠯᠠᠭᠰᠠᠨ ᠨᠤᠷᠮ᠎ᠠ 85% ᠳᠤ ᠬᠦᠷᠴᠦ᠂ 2020 ᠣᠨ ᠤ ᠬᠢ ᠲᠠᠢ ᠬᠠᠷᠢᠴᠠᠭᠤᠯᠪᠠᠯ 5 ᠵᠠᠭᠤᠨ ᠤ ᠴᠡᠭ ᠳᠡᠭᠡᠭᠰᠢᠯᠡᠪᠡ᠃
︵ᠬᠤᠶᠠᠷ︶ ᠠᠮᠢ ᠠᠬᠤᠢ ᠶᠢ ᠥᠩᠵᠢᠭᠦᠯᠦᠨ ᠰᠡᠷᠭᠦᠭᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ ᠨᠢᠭᠡ ᠳᠤ ᠠᠮᠢ ᠠᠬᠤᠢ ᠶᠢ ᠥᠩᠵᠢᠭᠦᠯᠦᠨ ᠰᠡᠷᠭᠦᠭᠡᠭᠰᠡᠨ ᠦᠷ᠎ᠡ ᠪᠦᠲᠦᠮᠵᠢ ᠢᠯᠡᠳᠲᠡ ᠪᠣᠯᠪᠠ᠃ 2023 ᠣᠨ ᠳᠤ᠂ ᠪᠥᠬᠦ ᠣᠷᠣᠨ ᠤ 6622 ᠲᠦᠮᠡᠨ ᠾᠧᠺᠲ᠋ᠠᠷ ᠲᠠᠯᠠᠪᠠᠶ ᠠᠮᠢ ᠠᠬᠤᠢ ᠶᠢ ᠬᠠᠮᠠᠭᠠᠯᠠᠭᠰᠠᠨ ᠪᠠ ᠥᠩᠵᠢᠭᠦᠯᠦᠨ ᠰᠡᠷᠭᠦᠭᠡᠵᠦ᠂ ᠭᠤᠣᠯᠳᠠᠯᠭ᠎ᠠ ᠪᠦᠬᠦᠢ ᠠᠮᠢ ᠠᠬᠤᠢ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠲᠥᠯᠥᠭᠰᠡᠨ ᠪᠡᠯᠡ ᠮᠥᠩᠭᠦ ᠨᠢ 80 ᠬᠤᠰᠢᠭᠤ ᠰᠢᠶᠠᠨ ᠲᠣᠭᠤᠷᠢᠭ ᠲᠤ ᠬᠤᠯᠪᠤᠭᠳᠠᠪᠠ᠃ ᠬᠤᠶᠠᠷ ᠲᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠠᠬᠢᠭᠤᠯᠪᠠ᠃ 2013 ᠠᠴᠠ 2023 ᠣᠨ ᠳᠤ ᠨᠡᠶᠢᠲᠡ 13613.8 ᠲᠦᠮᠡᠨ ᠮᠦ ᠶᠢ ᠣᠶᠢᠵᠢᠭᠤᠯᠵᠠᠢ᠂ ᠡᠭᠦᠨ ᠳᠤ ᠬᠥᠮᠥᠨ ᠤ ᠬᠦᠴᠦ ᠪᠠᠷ 5224.8 ᠲᠦᠮᠡᠨ ᠮᠦ ᠶᠢ ᠣᠶᠢᠵᠢᠭᠤᠯᠵᠤ᠂ ᠪᠥᠬᠦ ᠣᠶᠢᠵᠢᠭᠤᠯᠤᠭᠰᠠᠨ ᠲᠠᠯᠠᠪᠠᠶ ᠶᠢᠨ ᠢᠶᠠᠨ 38.4% ᠶᠢ ᠡᠵᠡᠯᠡᠪᠡ︔ ᠪᠥᠬᠦ ᠣᠷᠣᠨ ᠳᠤ ᠵᠢᠯ ᠪᠦᠷᠢ ᠳᠤᠮᠳᠠᠴᠢ ᠪᠠᠷ 244.2 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠪᠠ︔ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠣᠶ ᠰᠢᠭᠤᠶᠢᠲᠤ ᠬᠤᠲᠠ ᠶᠢ 5 ᠪᠠᠶᠢᠭᠤᠯᠵᠠᠢ᠃ ᠭᠤᠷᠪᠠ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠠᠵᠢᠯ ᠤᠨ ᠦᠷ᠎ᠡ ᠳ᠋ᠦᠩ ᠢᠯᠡᠳᠲᠡ ᠪᠣᠯᠪᠠ᠃ 2013 ᠠᠴᠠ 2023 ᠣᠨ ᠳᠤ᠂ ᠨᠡᠶᠢᠲᠡ 13401 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠᠨ ᠪᠡᠶᠡᠯᠡᠭᠦᠯᠵᠦ᠂ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠢ 18 ᠪᠠᠶᠢᠭᠤᠯᠵᠤ᠂ 275.2 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠤᠷᠢᠭᠠᠲᠠᠢ ᠬᠠᠮᠠᠭᠠᠯᠠᠵᠤ᠂ ᠪᠥᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ 7᠂ ᠤᠯᠤᠰ ᠤᠨ ᠡᠯᠡᠰᠦᠨ ᠴᠥᠯ ᠤᠨ ᠴᠡᠴᠡᠷᠯᠢᠭ ᠢ 15 ᠪᠠᠶᠢᠭᠤᠯᠪᠠ᠃ ᠳᠥᠷᠪᠡ ᠳᠤ ᠤᠰᠤ ᠬᠦᠷᠦᠰᠦᠨ ᠤ ᠬᠤᠷᠣᠭᠳᠠᠯ ᠢ ᠵᠠᠰᠠᠭᠰᠠᠨ ᠠᠵᠢᠯ ᠤᠨ ᠦᠷ᠎ᠡ ᠠᠰᠢᠭ ᠢᠯᠡᠳᠲᠡ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠤ ᠤᠰᠤ ᠬᠦᠷᠦᠰᠦᠨ ᠤ ᠬᠤᠷᠤᠭᠳᠠᠯ ᠢ ᠶᠡᠷᠦᠩᠬᠡᠶᠢᠯᠡᠨ ᠵᠠᠰᠠᠭᠰᠠᠨ ᠨᠡᠶᠢᠲᠡ ᠲᠠᠯᠠᠪᠠᠢ ᠶᠢ ᠪᠠᠷᠤᠭ 6.5 ᠲᠦᠮᠡᠨ ᠺᠦᠸᠠᠳ᠋ ᠺᠢᠯᠣᠮᠧᠲᠷ ᠰᠢᠨ᠎ᠡ ᠪᠠᠷ ᠨᠡᠮᠡᠭᠳᠡᠭᠦᠯᠵᠡᠢ᠃ 2023 ᠣᠨ ᠳᠤ᠂ ᠪᠥᠬᠦ ᠣᠷᠣᠨ ᠤ ᠤᠰᠤ ᠬᠦᠷᠦᠰᠦ ᠬᠤᠷᠤᠭᠳᠠᠭᠰᠠᠨ ᠲᠠᠯᠠᠪᠠᠶ ᠨᠡᠶᠢᠲᠡ 57 ᠲᠦᠮᠡᠨ ᠺᠦᠸᠠᠳ᠋ ᠺᠢᠯᠣᠮᠧᠲᠷ ᠲᠤ ᠬᠦᠷᠴᠦ᠂ 2011 ᠣᠨ ᠤ ᠬᠢ ᠠᠴᠠ 5.9 ᠲᠦᠮᠡᠨ ᠺᠦᠸᠠᠳ᠋ ᠺᠢᠯᠣᠮᠧᠲᠷ ᠪᠠᠭᠠᠰᠴᠤ᠂ 9.4% ᠪᠠᠷ ᠪᠠᠭᠠᠰᠴᠠᠢ᠂ ᠪᠥᠬᠦ ᠣᠷᠣᠨ ᠤ ᠤᠰᠤ ᠬᠦᠷᠦᠰᠦ ᠶᠢ ᠬᠠᠮᠠᠭᠠᠯᠠᠭᠰᠠᠨ ᠨᠣᠷᠮ᠎ᠠ 52.4% ᠳᠤ ᠬᠥᠷᠪᠡ᠃ ᠲᠠᠪᠤ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠭᠰᠠᠨ ᠠᠵᠢᠯ ᠤᠨ ᠠᠮᠵᠢᠯᠲᠠ ᠲᠣᠪᠣᠶᠢᠮ᠎ᠠ ᠪᠣᠯᠪᠠ᠃ 2019 ᠠᠴᠠ 2023 ᠣᠨ ᠳᠤ᠂ ᠬᠠᠲᠤᠨ ᠭᠤᠣᠯ ᠤᠨ ᠰᠠᠪᠠ ᠭᠠᠵᠠᠷ ᠲᠠᠬᠢ 42 ᠬᠤᠰᠢᠭᠤ ᠰᠢᠶᠠᠨ ᠨᠡᠶᠢᠲᠡ 5156 ᠲᠦᠮᠡᠨ ᠮᠦ ᠶᠢ ᠣᠶᠢᠵᠢᠭᠤᠯᠤᠭᠰᠠᠨ ᠪᠠ ᠡᠪᠡᠰᠦ ᠲᠠᠷᠢᠪᠠ᠃ 2023 ᠣᠨ ᠳᠤ ᠪᠥᠬᠦ ᠣᠷᠣᠨ ᠤ ᠬᠠᠲᠤᠨ ᠭᠤᠣᠯ ᠤᠨ ᠰᠠᠪᠠ ᠭᠠᠵᠠᠷ ᠲᠠᠬᠢ ᠨᠤᠲᠤᠭ ᠪᠡᠯᠴᠢᠭᠡᠷ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 34.2% ᠪᠠᠶᠢᠵᠤ᠂ 2019 ᠣᠨ ᠤ ᠬᠢ ᠲᠠᠢ ᠬᠠᠷᠢᠴᠠᠭᠤᠯᠪᠠᠯ 4.2 ᠵᠠᠭᠤᠨ ᠤ ᠴᠡᠭ ᠳᠡᠭᠡᠭᠰᠢᠯᠡᠪᠡ᠃ ᠬᠠᠲᠤᠨ ᠭᠤᠣᠯ ᠤᠨ ᠰᠠᠪᠠ ᠭᠠᠵᠠᠷ ᠲᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠲᠡ 76 ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠪᠠ ᠤᠷᠭᠤᠮᠠᠯ ᠤᠨ ᠲᠦᠷᠦᠯ ᠢ ᠬᠠᠮᠠᠭᠠᠯᠠᠭᠰᠠᠨ ᠨᠣᠷᠮ᠎ᠠ 80% ᠠᠴᠠ ᠳᠡᠭᠡᠭᠰᠢ ᠳᠤ ᠬᠦᠷᠪᠡ᠃
ᠭᠤᠷᠪᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠬᠤᠷᠣᠭᠳᠠᠯ ᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠤᠪᠢᠰᠤᠯᠲᠠ ᠶᠢ ᠲᠦᠷᠭᠡᠪᠴᠢᠯᠡᠨ ᠠᠬᠢᠭᠤᠯᠪᠠ
ᠨᠢᠭᠡ ᠳᠤ ᠡᠨᠧᠷᠭᠢ ᠶᠢᠨ ᠬᠡᠷᠡᠭᠯᠡᠭᠡ ᠶᠢᠨ ᠪᠦᠲᠦᠴᠡ ᠦᠷᠭᠦᠯᠵᠢᠯᠡᠨ ᠰᠢᠯᠢᠭᠳᠡᠭᠵᠢᠵᠦ ᠪᠠᠶᠢᠨ᠎ᠠ᠃ 2023 ᠣᠨ ᠤ ᠪᠥᠬᠦ ᠣᠷᠣᠨ ᠳᠠᠬᠢ ᠨᠡᠭᠦᠷᠡᠰᠦᠨ ᠤ ᠬᠡᠷᠡᠭᠯᠡᠭᠡ ᠶᠢᠨ ᠬᠤᠪᠢ ᠶᠢᠨ ᠵᠢᠩ ᠢ 2018 ᠣᠨ ᠤ ᠬᠢ ᠲᠠᠢ ᠬᠠᠷᠢᠴᠠᠭᠤᠯᠪᠠᠯ 2.8 ᠵᠠᠭᠤᠨ ᠤ ᠴᠡᠭ ᠪᠠᠭᠤᠷᠠᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡ ᠶᠢᠨ ᠡᠵᠡᠯᠡᠬᠦ ᠬᠠᠷᠢᠴᠠᠯ 3.4 ᠵᠠᠭᠤᠨ ᠤ ᠴᠡᠭ ᠳᠡᠭᠡᠭᠰᠢᠯᠡᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠯᠡᠭᠡ ᠶᠢᠨ ᠡᠵᠡᠯᠡᠬᠦ ᠬᠠᠷᠢᠴᠠᠯ 0.3 ᠵᠠᠭᠤᠨ ᠤ ᠴᠡᠭ ᠳᠡᠭᠡᠭᠰᠢᠯᠡᠪᠡ᠃ ᠬᠤᠶᠠᠷ ᠲᠤ ᠡᠨᠧᠷᠭᠢ ᠶᠢ ᠠᠰᠢᠭᠯᠠᠭᠰᠠᠨ ᠦᠷ᠎ᠡ ᠪᠦᠲᠦᠮᠵᠢ ᠪᠠᠨ ᠲᠣᠭᠲᠠᠭᠤᠨ ᠢᠶᠠᠷ ᠳᠡᠭᠡᠭᠰᠢᠯᠡᠭᠦᠯᠪᠡ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠪᠣᠯᠪᠠᠰᠤᠷᠠᠭᠤᠯᠤᠨ ᠤᠯᠠᠷᠢᠭᠤᠯᠤᠭᠰᠠᠨ ᠠᠰᠢᠭᠯᠠᠮᠵᠢ 68.1% ᠪᠠᠶᠢᠵᠤ᠂ 2015 ᠣᠨ ᠤ ᠬᠢ ᠲᠠᠢ ᠬᠠᠷᠢᠴᠠᠭᠤᠯᠪᠠᠯ 0.6 ᠵᠠᠭᠤᠨ ᠤ ᠴᠡᠭ ᠳᠡᠭᠡᠭᠰᠢᠯᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠠᠷ 1321.8 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠡᠭᠡᠭᠦᠯᠦᠨ ᠬᠤᠷᠢᠶᠠᠭᠠᠳ ᠠᠰᠢᠭᠯᠠᠪᠠ᠂ ᠡᠨᠧᠷᠭᠢ ᠶᠢ ᠡᠭᠡᠭᠦᠯᠦᠨ ᠬᠤᠷᠢᠶᠠᠵᠤ ᠠᠰᠢᠭᠯᠠᠭᠰᠠᠨ ᠨᠣᠷᠮ᠎ᠠ ᠨᠢ 2.4% ᠪᠠᠶᠢᠵᠤ᠂ 2015 ᠣᠨ ᠤ ᠬᠢ ᠠᠴᠠ 1.2 ᠵᠠᠭᠤᠨ ᠤ ᠴᠡᠭ ᠳᠡᠭᠡᠭᠰᠢᠯᠡᠪᠡ᠃ ᠭᠤᠷᠪᠠ ᠳᠤ ᠭᠤᠣᠯ ᠪᠣᠯᠬᠤ ᠦᠢᠯᠡᠳᠬᠦᠨ ᠤ ᠨᠢᠭᠡᠴᠢ ᠬᠤᠷᠣᠭᠳᠠᠯ ᠤᠨ ᠭᠦᠢᠴᠡᠳᠬᠡᠯ ᠲᠤᠭ᠎ᠠ ᠶᠢ ᠪᠠᠭᠤᠷᠠᠭᠤᠯᠪᠠ᠃ 2023 ᠣᠨ ᠳᠤ᠂ ᠪᠥᠬᠦ ᠣᠷᠣᠨ ᠤ ᠴᠠᠬᠢᠯᠭᠠᠨ ᠦᠢᠯᠡᠳᠪᠦᠷᠢ ᠶᠢᠨ ᠭᠠᠯ ᠤᠨ ᠬᠦᠴᠦᠨ ᠢᠶᠠᠷ ᠴᠠᠬᠢᠯᠭᠠᠨ ᠬᠠᠩᠭᠠᠭᠰᠠᠨ ᠪᠠᠷᠢᠮᠵᠢᠶᠠᠲᠤ ᠨᠡᠭᠦᠷᠡᠰᠦᠨ ᠤ ᠬᠤᠷᠣᠭᠳᠠᠯ 2015 ᠣᠨ ᠤ ᠬᠢ ᠠᠴᠠ 13.2 ᠭᠷᠡᠮ ᠪᠠᠷᠢᠮᠵᠢᠶᠠᠲᠤ ᠨᠡᠭᠦᠷᠡᠰᠦ / ᠺᠢᠯᠣᠸᠠᠲ ᠴᠠᠭ ᠪᠠᠭᠠᠰᠴᠤ᠂ ᠴᠠᠬᠢᠯᠭᠠᠨ ᠦᠢᠯᠡᠳᠪᠦᠷᠢ ᠶᠢᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠪᠠᠷᠢᠮᠵᠢᠶᠠᠲᠤ ᠨᠡᠭᠦᠷᠡᠰᠦᠨ ᠤ ᠬᠤᠷᠣᠭᠳᠠᠯ 11.3 ᠭᠷᠡᠮ ᠪᠠᠷᠢᠮᠵᠢᠶᠠᠲᠤ ᠨᠡᠭᠦᠷᠡᠰᠦ / ᠺᠢᠯᠣᠸᠠᠲ ᠴᠠᠭ ᠪᠠᠭᠠᠰᠪᠠ︔ ᠨᠡᠶᠢᠯᠡᠯᠭᠡ ᠰᠢᠪᠲᠦᠷ ᠪᠠ ᠴᠠᠬᠢᠯᠤᠭᠤᠷ ᠦᠢᠯᠡᠳᠪᠦᠷᠢᠯᠡᠯ ᠤᠨ ᠨᠢᠭᠡᠴᠢ ᠬᠤᠷᠣᠭᠳᠠᠯ ᠲᠣᠰ ᠪᠦᠷᠢ 75.1 ᠪᠠ 192.6 ᠺᠢᠯᠣᠭ᠍ᠷᠠᠮ ᠪᠠᠷᠢᠮᠵᠢᠶᠠᠲᠤ ᠨᠡᠭᠦᠷᠡᠰᠦ / ᠲᠣᠨ ᠪᠠᠭᠠᠰᠪᠠ︔ ᠬᠡᠦᠷᠡᠰᠦ ᠪᠣᠯᠪᠠᠰᠤᠷᠠᠭᠤᠯᠬᠤ᠂ ᠲᠡᠮᠦᠷ ᠪᠣᠯᠪᠠᠰᠤᠷᠠᠭᠤᠯᠬᠤ᠂ ᠪᠣᠯᠣᠳ ᠬᠡᠪᠰᠢᠭᠦᠯᠬᠦ ᠠᠵᠢᠯ ᠤᠨ ᠳᠠᠷᠠᠭᠠᠯᠠᠯ ᠤᠨ ᠨᠢᠭᠡᠴᠢ ᠡᠨᠧᠷᠭᠢ ᠶᠢᠨ ᠬᠤᠷᠣᠭᠳᠠᠯ ᠳᠤᠰ ᠪᠦᠷᠢ 92.3᠂ 77.5 ᠪᠠ 73.9 ᠺᠢᠯᠣᠭ᠍ᠷᠠᠮ ᠪᠠᠷᠢᠮᠵᠢᠶᠠᠲᠤ ᠨᠡᠭᠦᠷᠡᠰᠦ / ᠲᠣᠨ ᠪᠠᠭᠠᠰᠪᠠ᠃
ᠳᠥᠷᠪᠡ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠰᠢᠨᠡᠳᠴᠦ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ
︵ᠨᠢᠭᠡ︶ ᠬᠤᠲᠠ ᠶᠢᠨ ᠣᠷᠴᠢᠨ ᠨᠥᠭᠦᠴᠡᠯ ᠤᠨ ᠰᠠᠭᠤᠷᠢ ᠪᠡᠯᠡᠳᠬᠡᠮᠵᠢ ᠶᠢ ᠨᠠᠩ ᠲᠡᠭᠦᠯᠳᠡᠷᠵᠢᠭᠦᠯᠪᠡ᠃ 2023 ᠣᠨ ᠳᠤ᠂ ᠪᠥᠬᠦ ᠣᠷᠣᠨ ᠤ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠨᠢᠭᠡ ᠡᠳᠦᠷ ᠲᠤ 352.2 ᠲᠦᠮᠡᠨ ᠺᠦᠪ ᠮᠧᠲᠷ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠲᠠᠢ ᠪᠣᠯᠵᠤ᠂ 2012 ᠣᠨ ᠤ ᠬᠢ ᠠᠴᠠ 37.6% ᠪᠠᠷ ᠨᠡᠮᠡᠭᠳᠡᠨ᠂ ᠵᠢᠯ ᠪᠦᠷᠢ ᠳᠤᠮᠳᠠᠴᠢ ᠪᠠᠷ 2.9% ᠨᠡᠮᠡᠭᠳᠡᠪᠡ︔ ᠪᠣᠬᠢᠷ ᠤᠰᠤ ᠶᠢ ᠰᠢᠢᠳᠪᠦᠷᠢᠯᠡᠭᠰᠡᠨ ᠨᠤᠷᠮ᠎ᠠ 99.3% ᠳᠤ ᠬᠦᠷᠴᠦ᠂ 2012 ᠣᠨ ᠤ ᠬᠢ ᠠᠴᠠ 15.7 ᠵᠠᠭᠤᠨ ᠤ ᠴᠡᠭ ᠳᠡᠭᠡᠭᠰᠢᠯᠡᠪᠡ︔ ᠠᠮᠢᠳᠤᠷᠠᠯ ᠤᠨ ᠬᠤᠭ ᠨᠣᠪᠰᠢ ᠶᠢ ᠡᠳᠦᠷ ᠲᠤ 24132 ᠲᠣᠨ ᠬᠤᠣᠷ ᠦᠭᠡᠶᠢᠵᠢᠭᠦᠯᠦᠨ ᠰᠢᠢᠳᠪᠦᠷᠢᠯᠡᠬᠦ ᠴᠢᠳᠠᠪᠤᠷᠢ ᠲᠠᠢ ᠪᠣᠯᠵᠤ᠂ 2012 ᠣᠨ ᠤ ᠬᠢ ᠠᠴᠠ 67.8% ᠪᠠᠷ ᠨᠡᠮᠡᠭᠳᠡᠨ᠂ ᠵᠢᠯ ᠪᠦᠷᠢ ᠳᠤᠮᠳᠠᠴᠢ ᠪᠠᠷ 4.8% ᠨᠡᠮᠡᠭᠳᠡᠪᠡ︔ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠭᠰᠡᠨ ᠨᠣᠷᠮ᠎ᠠ 99.9% ᠳᠤ ᠬᠦᠷᠴᠦ᠂ 2012 ᠣᠨ ᠤ ᠬᠢ ᠠᠴᠠ 8 ᠵᠠᠭᠤᠨ ᠤ ᠴᠡᠭ ᠳᠡᠭᠡᠭᠰᠢᠯᠡᠵᠡᠢ︔ ᠰᠢᠲᠠᠮᠠᠬᠠᠢ ᠬᠡᠢ ᠶᠢ ᠲᠥᠭᠡᠮᠡᠯᠵᠢᠭᠦᠯᠦᠭᠰᠡᠨ ᠨᠣᠷᠮ᠎ᠠ 96.3% ᠪᠠᠶᠢᠵᠤ᠂ 2012 ᠣᠨ ᠤ ᠬᠢ ᠠᠴᠠ 20 ᠵᠠᠭᠤᠨ ᠤ ᠴᠡᠭ ᠳᠡᠭᠡᠭᠰᠢᠯᠡᠪᠡ᠃
︵ᠬᠤᠶᠠᠷ︶ ᠬᠤᠲᠠ ᠶᠢᠨ ᠣᠷᠴᠢᠨ ᠨᠥᠭᠦᠴᠡᠯ ᠢ ᠨᠠᠩ ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠪᠣᠯᠭᠠᠪᠠ᠃ 2023 ᠣᠨ ᠳᠤ᠂ ᠪᠥᠬᠦ ᠣᠷᠣᠨ ᠳᠠᠬᠢ ᠬᠤᠲᠠ ᠶᠢᠨ ᠨᠢᠭᠡᠨᠲᠡ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 40.2% ᠪᠠᠶᠢᠵᠤ᠂ 1958 ᠣᠨ ᠤ ᠬᠢ ᠠᠴᠠ 38 ᠵᠠᠭᠤᠨ ᠤ ᠴᠡᠭ ᠳᠡᠭᠡᠭᠰᠢᠯᠡᠵᠦ᠂ 2012 ᠣᠨ ᠤ ᠬᠢ ᠠᠴᠠ 9.8 ᠵᠠᠭᠤᠨ ᠤ ᠴᠡᠭ ᠳᠡᠭᠡᠭᠰᠢᠯᠡᠪᠡ︔ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠢ 20.6 ᠺᠦᠸᠠᠳ᠋ ᠮᠧᠲᠷ ᠲᠤ ᠬᠦᠷᠴᠦ᠂ 1958 ᠣᠨ ᠤ ᠬᠢ ᠠᠴᠠ 28.4 ᠲᠠᠬᠢᠨ ᠨᠡᠮᠡᠭᠳᠡᠵᠦ᠂ 2012 ᠣᠨ ᠤ ᠬᠢ ᠠᠴᠠ 39.9% ᠪᠠᠷ ᠨᠡᠮᠡᠭᠳᠡᠵᠡᠢ᠃ ᠣᠳᠣᠬᠠᠨ ᠳᠤ᠂ ᠪᠥᠬᠦ ᠣᠷᠣᠨ ᠳᠠᠬᠢ ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠴᠢᠨᠠᠷ ᠨᠢ Ⅲ ᠲᠥᠷᠥᠯ ᠳᠤ ᠭᠦᠷᠦᠭᠰᠡᠨ ᠪᠤᠶᠤ ᠲᠡᠭᠦᠨ ᠠᠴᠠ ᠰᠢᠯᠢᠳᠡᠭ ᠪᠠᠶᠢᠬᠤ ᠬᠠᠷᠢᠴᠠᠯ ᠨᠢ 85.7% ᠪᠠᠶᠢᠵᠤ᠂ 2012 ᠣᠨ ᠤ ᠬᠢ ᠠᠴᠠ 0.3 ᠵᠠᠭᠤᠨ ᠤ ᠴᠡᠭ ᠳᠡᠭᠡᠭᠰᠢᠯᠡᠵᠡᠢ᠃
︵ᠭᠤᠷᠪᠠ︶ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ 2023 ᠣᠨ ᠳᠤ᠂ ᠪᠥᠬᠦ ᠣᠷᠣᠨ ᠬᠥᠳᠡᠭᠡ ᠲᠣᠰᠬᠤᠨ ᠤ 113 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ 2020 ᠣᠨ ᠤ ᠬᠢ ᠠᠴᠠ 27.6% ᠪᠠᠷ ᠨᠡᠮᠡᠭᠳᠡᠪᠡ︔ ᠵᠣᠷᠯᠣᠩ ᠲᠦᠭᠡᠮᠡᠯᠵᠢᠭᠰᠡᠨ ᠨᠣᠷᠮ᠎ᠠ 43.5% ᠶᠢ ᠳᠠᠪᠠᠵᠤ᠂ 2020 ᠣᠨ ᠤ ᠬᠢ ᠲᠠᠢ ᠬᠠᠷᠢᠴᠠᠭᠤᠯᠪᠠᠯ 10.7 ᠵᠠᠭᠤᠨ ᠤ ᠴᠡᠭ ᠳᠡᠭᠡᠭᠰᠢᠯᠡᠪᠡ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠤᠷᠮ᠎ᠠ 34.7% ᠳᠤ ᠬᠦᠷᠴᠦ᠂ 2002 ᠣᠨ ᠤ ᠬᠢ ᠠᠴᠠ ᠪᠠᠷᠤᠭ 34.6 ᠵᠠᠭᠤᠨ ᠤ ᠴᠡᠭ ᠳᠡᠭᠡᠭᠰᠢᠯᠡᠵᠡᠢ᠃
︵ᠳᠥᠷᠪᠡ︶ ᠪᠣᠬᠢᠷᠲᠤᠯ ᠦᠭᠡᠢ ᠠᠮᠢᠳᠤᠷᠠᠯ ᠤᠨ ᠬᠡᠯᠪᠡᠷᠢ ᠮᠠᠶ᠋ᠢᠭ ᠶᠠᠭ ᠪᠦᠷᠢᠯᠳᠦᠵᠦ ᠪᠠᠶᠢᠨ᠎ᠠ᠃ 2023 ᠣᠨ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ 61.7% ᠪᠠᠶᠢᠵᠤ᠂ 2014 ᠣᠨ ᠤ ᠬᠢ ᠲᠠᠢ ᠬᠠᠷᠢᠴᠠᠭᠤᠯᠪᠠᠯ 56.5 ᠵᠠᠭᠤᠨ ᠤ ᠴᠡᠭ ᠳᠡᠭᠡᠭᠰᠢᠯᠡᠪᠡ︔ 2023 ᠣᠨ ᠤ ᠡᠴᠦᠰ ᠲᠤ᠂ ᠰᠢᠨ᠎ᠡ ᠡᠨᠧᠷᠭᠢ ᠶᠢᠨ ᠮᠠᠰᠢᠨ ᠲᠡᠷᠭᠡ 6803 ᠲᠦᠮᠡ ᠪᠠᠶᠢᠵᠤ᠂ 2014 ᠣᠨ ᠤ ᠰᠡᠭᠦᠯᠴᠢ ᠶᠢᠨ ᠬᠢ ᠠᠴᠠ ᠪᠠᠷᠤᠭ 11.7 ᠳᠠᠬᠢᠨ ᠰᠢᠬᠠᠮ ᠨᠡᠮᠡᠭᠳᠡᠨ᠂ ᠵᠢᠯ ᠪᠦᠷᠢ ᠳᠤᠮᠳᠠᠴᠢ ᠪᠠᠷ 32.7% ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠠᠸᠠᠷ ᠪᠣᠯᠭᠠᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 166.1% ᠪᠠᠷ ᠨᠡᠮᠡᠭᠳᠡᠵᠦ᠂ ᠭᠤᠷᠪᠠᠨ ᠵᠢᠯ ᠳᠠᠷᠠᠭᠠᠯᠠᠨ 100% ᠠᠴᠠ ᠳᠡᠭᠡᠭᠰᠢᠬᠢ ᠦᠨᠳᠦᠷ ᠬᠤᠷᠳᠤᠴᠠ ᠪᠠᠷ ᠨᠡᠮᠡᠭᠳᠡᠪᠡ᠃
ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠣᠷᠣᠨ ᠣᠷᠴᠢᠨ ᠠᠬᠤᠢ ᠶᠢᠨ ᠬᠠᠮᠠᠭᠠᠯᠠᠯᠲᠠ ᠬᠢᠭᠡᠳ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠬᠢᠴᠠ᠂ ᠰᠢᠨ᠎ᠡ ᠰᠢᠪᠲᠤᠯᠤᠯᠲᠠ ᠲᠠᠢ ᠪᠣᠯᠵᠤ᠂ ᠠᠮᠢ ᠠᠬᠤᠢ ᠣᠷᠴᠢᠨ ᠠᠬᠤᠢ ᠶᠢᠨ ᠴᠢᠨᠠᠷ ᠢᠶᠠᠨ ᠨᠡᠯᠢᠶᠡᠳ ᠶᠡᠭᠡ ᠰᠠᠶᠢᠵᠢᠷᠠᠭᠤᠯᠪᠠ᠃ ᠢᠷᠡᠭᠡᠳᠦᠢ ᠪᠠᠨ ᠪᠠᠷᠠᠯᠠᠬᠤᠶ᠎ᠠ᠂ ᠮᠠᠨ ᠤ ᠣᠷᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠦᠢᠯᠡᠳᠦᠯᠭᠡᠵᠢᠭᠦᠯᠦᠭᠴᠢ᠂ ᠰᠠᠬᠢᠨ ᠬᠠᠮᠠᠭᠠᠯᠠᠭᠴᠢ᠂ ᠪᠠᠲᠤᠯᠠᠨ ᠬᠠᠮᠠᠭᠠᠯᠠᠭᠴᠢ ᠪᠣᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠦᠲᠦᠭᠡᠨ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ︾ ᠪᠠᠷ ᠵᠢᠯᠣᠭᠤᠳᠤᠮᠵᠢ ᠪᠣᠯᠭᠠᠵᠤ᠂ ᠡᠨᠧᠷᠭᠢ ᠶᠢᠨ ᠬᠤᠪᠢᠰᠬᠠᠯ ᠢ ᠭᠤᠶᠢᠪᠢᠰᠢ ᠦᠭᠡᠢ ᠠᠬᠢᠭᠤᠯᠵᠤ᠂ ᠠᠷᠢᠭᠤᠨ ᠴᠡᠪᠡᠷ ᠳᠣᠣᠷ᠎ᠠ ᠨᠡᠭᠦᠷᠡᠰᠦᠳᠦ᠋ᠷᠦᠭᠴᠢᠲᠦ᠂ ᠠᠮᠤᠷ ᠲᠦᠪᠰᠢᠨ ᠥᠨᠳᠥᠷ ᠦᠷ᠎ᠡ ᠠᠰᠢᠭ ᠲᠠᠢ ᠡᠨᠧᠷᠭᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠯᠠᠨ ᠵᠦᠢᠯ ᠤᠨ ᠡᠨᠧᠷᠭᠢ ᠶᠢᠨ ᠬᠠᠷᠢᠯᠴᠠᠨ ᠬᠠᠮᠵᠢᠯᠴᠠᠵᠤ ᠬᠠᠷᠢᠯᠴᠠᠨ ᠨᠥᠬᠦᠪᠦᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠥᠨᠳᠥᠷ ᠦᠷ᠎ᠡ ᠠᠰᠢᠭ ᠲᠠᠢ ᠡᠨᠧᠷᠭᠢ ᠬᠠᠩᠭᠠᠬᠤ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠨᠠᠩ ᠥᠨᠳᠥᠷ ᠲᠠᠨᠢᠯᠲᠠ ᠲᠠᠢ᠂ ᠨᠠᠩ ᠥᠨᠳᠥᠷ ᠪᠠᠷᠢᠮᠵᠢᠶ᠎ᠠ ᠲᠠᠢ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠥᠬᠦ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶