ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠠᠬᠢᠭᠤᠯᠬᠤ ᠴᠢᠭᠯᠡᠯᠲᠡ ᠲᠥᠷᠥ ᠶᠢᠨ ᠪᠣᠳᠣᠯᠭ᠎ᠠ ᠨᠤᠭᠤᠳ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠪᠠᠨ ᠪᠠᠷᠢᠮᠲᠠᠯᠠᠨ᠂ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠳᠡᠬᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠭᠰᠡᠨ ᠪᠣᠯᠬᠤᠷ ᠠᠵᠢᠯ ᠣᠯᠭᠤᠯᠲᠠ ᠶᠢᠨ ᠪᠠᠶᠢᠳᠠᠯ ᠣᠷᠳᠣ ᠬᠤᠭᠤᠴᠠᠭ᠎ᠠ ᠪᠠᠷ ᠲᠣᠭᠲᠠᠭᠤᠨ ᠪᠥᠭᠡᠳ ᠰᠠᠶᠢᠨ ᠬᠠᠨᠳᠤᠰᠢ ᠲᠠᠢ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠬᠥᠮᠥᠨ ᠠᠮᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠥᠮᠥᠨ ᠠᠮᠠ ᠶᠢᠨ ᠬᠥᠭᠵᠢᠯᠲᠡ ᠶᠢᠨ ᠵᠥᠪ ᠴᠢᠭᠯᠡᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠦ ᠬᠥᠭᠵᠢᠯᠲᠡ ᠶᠢ ᠠᠬᠢᠭᠤᠯᠤᠨ᠂ ᠠᠵᠢᠯ ᠣᠯᠭᠤᠯᠲᠠ ᠶᠢ ᠥᠷᠭᠡᠳᠬᠡᠬᠦ ᠪᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠯᠢ ᠣᠯᠠᠨ ᠬᠦᠴᠦᠨ ᠲᠡᠭᠦᠯᠳᠡᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠨᠠᠩ ᠭᠦᠢᠴᠡᠳ ᠪᠥᠭᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠪᠠᠨ ᠠᠬᠢᠭᠤᠯᠪᠠ᠃
ᠨᠢᠭᠡ᠂ ᠬᠥᠮᠥᠨ ᠠᠮᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠤᠳᠠ ᠪᠠᠯᠭᠠᠰᠤᠵᠢᠯᠲᠠ ᠶᠢᠨ ᠨᠤᠷᠮ᠎ᠠ ᠶᠢ ᠮᠡᠳᠡᠭᠳᠡᠮ᠎ᠡ ᠳᠡᠭᠡᠭᠰᠢᠯᠡᠭᠦᠯᠪᠡ
︵ᠨᠢᠭᠡ︶ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠪᠦᠬᠦ ᠣᠷᠣᠨ ᠤ ᠬᠥᠮᠥᠨ ᠠᠮᠠ ᠶᠢᠨ ᠶᠡᠷᠦᠩᠬᠡᠢ ᠲᠤᠭ᠎ᠠ 1949 ᠣᠨ ᠳᠤ 608.1 ᠲᠦᠮᠡᠨ ᠬᠥᠮᠥᠨ ᠪᠠᠶᠢᠭᠰᠠᠨ ᠠᠴᠠ 2023 ᠣᠨ ᠳᠤ ᠦᠰᠦᠭᠡᠳ 2396 ᠲᠦᠮᠡᠨ ᠬᠥᠮᠥᠨ ᠪᠣᠯᠵᠤ᠂ ᠵᠢᠯ ᠪᠦᠷᠢ ᠳᠤᠮᠳᠠᠴᠢ ᠪᠠᠷ 1.9% ᠦᠰᠴᠤ᠂ ᠬᠥᠮᠥᠨ ᠠᠮᠠ ᠶᠢᠨ ᠶᠡᠷᠦᠩᠬᠡᠢ ᠲᠤᠭ᠎ᠠ ᠦᠨᠳᠦᠰᠦᠨ ᠳᠤ ᠪᠠᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠶᠢ ᠪᠠᠲᠤᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠪᠠᠯᠭᠠᠰᠤᠨ ᠳᠤ ᠣᠷᠣᠬᠤ ᠶᠢ ᠠᠬᠢᠭᠤᠯᠤᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ 2023 ᠣᠨ ᠳᠤ᠂ ᠪᠥᠬᠦ ᠣᠷᠣᠨ ᠤ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 69.58% ᠪᠠᠶᠢᠵᠤ᠂ 1978 ᠣᠨ ᠤ ᠬᠢ ᠲᠠᠢ ᠬᠠᠷᠢᠴᠠᠭᠤᠯᠪᠠᠯ 47.78 ᠵᠠᠭᠤᠨ ᠤ ᠴᠡᠭ ᠦᠰᠦᠭᠡᠳ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠪᠥᠬᠦ ᠤᠯᠤᠰ ᠤᠨ ᠠᠷᠪᠠᠳᠤᠭᠠᠷ ᠲᠤ ᠣᠷᠣᠭᠰᠠᠨ ᠪᠥᠭᠡᠳ ᠬᠠᠲᠤᠨ ᠭᠤᠣᠯ ᠳᠠᠭᠠᠤ ᠶᠢᠨ 9 ᠮᠤᠵᠢ ᠣᠷᠣᠨ ᠪᠠ ᠲᠠᠪᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠤᠲᠠ ᠪᠠᠯᠭᠠᠰᠤᠵᠢᠯᠲᠠ ᠶᠢᠨ ᠨᠣᠷᠮ᠎ᠠ ᠪᠠᠷ ᠢᠶᠠᠨ ᠴᠥᠮ ᠨᠢᠭᠡᠳᠦᠭᠡᠷ ᠲᠤ ᠣᠷᠣᠪᠠ᠃
︵ᠬᠤᠶᠠᠷ︶ ᠬᠥᠮᠥᠨ ᠠᠮᠠ ᠶᠢᠨ ᠬᠦᠢᠰᠦ ᠶᠢᠨ ᠢᠯᠭᠠᠯ ᠤᠨ ᠪᠦᠲᠦᠴᠡ ᠤᠯᠠᠮ ᠢᠶᠠᠷ ᠵᠦᠢ ᠵᠣᠬᠢᠰᠲᠠᠢ ᠪᠣᠯᠬᠤ ᠬᠠᠨᠳᠤᠰᠢ ᠲᠠᠢ ᠪᠣᠯᠪᠠ᠃ ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ᠂ ᠠᠵᠤ ᠠᠬᠤᠢ ᠨᠡᠶᠢᠭᠡᠮ ᠤᠨ ᠶᠡᠭᠡ ᠪᠠᠷ ᠬᠦᠭᠵᠢᠬᠦ ᠪᠠ ᠬᠠᠮᠲᠤ ᠪᠠᠷ ᠬᠦᠷᠲᠡᠬᠦ ᠣᠨᠣᠯᠵᠢᠬᠤᠨ ᠤ ᠭᠦᠨᠵᠡᠭᠡᠢ ᠠᠬᠢᠬᠤ ᠶᠢ ᠳᠠᠭᠠᠯᠳᠤᠨ᠂ ᠮᠠᠨ ᠤ ᠣᠷᠣᠨ ᠤ ᠠᠷᠠᠳ ᠣᠯᠠᠨ ᠤ ᠦᠷᠡᠵᠢᠯ ᠤᠨ ᠦᠵᠡᠯᠲᠡ ᠳᠤ ᠴᠦ ᠴᠢᠬᠤᠯᠠ ᠶᠡᠭᠡ ᠬᠤᠪᠢᠷᠠᠯᠲᠠ ᠭᠠᠷᠴᠤ᠂ ︽ᠬᠦᠦ ᠬᠡᠦᠬᠡᠨ ᠦᠷ᠎ᠡ ᠴᠥᠮ ᠠᠳᠠᠯᠢᠬᠠᠨ︾ ᠭᠡᠳᠡᠭ ᠦᠵᠡᠯᠲᠡ ᠬᠥᠮᠥᠰ ᠤᠨ ᠰᠡᠳᠬᠢᠯ ᠳᠤ ᠤᠯᠠᠮ ᠢᠶᠠᠷ ᠰᠠᠭᠤᠭᠳᠠᠨ᠂ ᠬᠥᠮᠥᠨ ᠠᠮᠠ ᠶᠢᠨ ᠬᠦᠢᠰᠦ ᠶᠢᠨ ᠢᠯᠭᠠᠯ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ 2023 ᠣᠨ ᠤ ᠡᠴᠦᠰ ᠪᠣᠯᠬᠤ ᠳᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ ᠡᠷᠡᠭᠲᠡᠢ 1227.07 ᠲᠦᠮᠡᠨ ᠬᠥᠮᠥᠨ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 51.21% ᠶᠢ ᠡᠵᠡᠯᠡᠪᠡ︔ ᠡᠮᠡᠭᠲᠡᠢ 1168.93 ᠲᠦᠮᠡᠨ ᠬᠥᠮᠥᠨ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 48.79% ᠶᠢ ᠡᠵᠡᠯᠡᠪᠡ᠃ ᠬᠦᠢᠰᠦ ᠶᠢᠨ ᠢᠯᠭᠠᠯ ᠤᠨ ᠬᠠᠷᠢᠴᠠᠯ 104.97 ᠪᠠᠶᠢᠵᠤ᠂ 1949 ᠣᠨ ᠤ ᠬᠢ ᠠᠴᠠ 16.88 ᠪᠠᠭᠤᠷᠠᠨ᠂ ᠡᠷᠡᠭᠲᠡᠢ ᠡᠮᠡᠭᠲᠡᠢ ᠶᠢᠨ ᠬᠠᠷᠢᠴᠠᠯ ᠤᠯᠠᠮ ᠢᠶᠠᠷ ᠵᠦᠢ ᠵᠣᠬᠢᠰᠲᠠᠢ ᠪᠣᠯᠵᠤ᠂ ᠬᠥᠮᠥᠨ ᠠᠮᠠ ᠶᠢᠨ ᠬᠦᠢᠰᠦ ᠶᠢᠨ ᠢᠯᠭᠠᠯ ᠤᠨ ᠪᠦᠲᠦᠴᠡ ᠦᠷᠭᠦᠯᠵᠢᠯᠡᠨ ᠰᠠᠶᠢᠵᠢᠷᠠᠪᠠ᠃
︵ᠭᠤᠷᠪᠠ︶ ᠦᠨᠳᠦᠰᠦᠲᠡᠨ ᠨᠦᠭᠦᠳ ᠤᠨ ᠬᠥᠮᠥᠨ ᠠᠮᠠ ᠵᠡᠷᠭᠡ ᠪᠠᠷ ᠨᠡᠮᠡᠭᠳᠡᠵᠦ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭ᠎ᠠ ᠬᠢᠭᠡᠳ ᠥᠢᠯᠡ ᠠᠵᠢᠯᠯᠠᠭ᠎ᠠ ᠪᠠᠨ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠨ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢᠶᠠᠨ ᠬᠠᠮᠲᠤ ᠪᠠᠷ ᠪᠡᠶᠡᠯᠡᠭᠦᠯᠬᠦ︾ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠲᠣᠭᠲᠠᠭᠤᠨ ᠢᠶᠠᠷ ᠨᠡᠮᠡᠭᠳᠡᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠰᠠᠨ ᠪᠠᠶᠢᠨ᠎ᠠ᠃ 2020 ᠣᠨ ᠳᠤ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 511.36 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 21.26% ᠶᠢ ᠡᠵᠡᠯᠡᠵᠦ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠢ ᠠᠴᠠ 5.8 ᠲᠦᠮᠡᠨ ᠬᠥᠮᠥᠨ ᠨᠡᠮᠡᠭᠳᠡᠨ᠂ ᠪᠥᠬᠦ ᠣᠷᠣᠨ ᠤ ᠦᠨᠳᠦᠰᠦᠲᠡᠨ ᠤ ᠬᠥᠮᠥᠨ ᠠᠮᠠ ᠶᠢᠨ ᠡᠵᠡᠯᠡᠬᠦ ᠬᠤᠪᠢ ᠶᠢᠨ ᠵᠢᠩ 2010 ᠣᠨ ᠤ ᠬᠢ ᠠᠴᠠ 0.8 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠮᠣᠩᠭᠤᠯ ᠦᠨᠳᠦᠰᠦᠲᠡᠨ 424.78 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ 17.66% ᠶᠢ ᠡᠵᠡᠯᠡᠵᠦ᠂ 2010 ᠣᠨ ᠤ ᠬᠢ ᠠᠴᠠ 2.17 ᠲᠦᠮᠡ ᠨᠡᠮᠡᠭᠳᠡᠨ᠂ ᠪᠥᠬᠦ ᠣᠷᠣᠨ ᠤ ᠦᠨᠳᠦᠰᠦᠲᠡᠨ ᠤ ᠬᠥᠮᠥᠨ ᠠᠮᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 2010 ᠣᠨ ᠤ ᠬᠢ ᠠᠴᠠ 0.55 ᠵᠠᠭᠤᠨ ᠤ ᠴᠡᠭ ᠳᠡᠭᠡᠭᠰᠢᠯᠡᠵᠡᠢ᠃
ᠬᠤᠶᠠᠷ᠂ ᠠᠵᠢᠯ ᠣᠯᠭᠤᠯᠲᠠ ᠶᠢᠨ ᠶᠡᠷᠦᠩᠬᠡᠢ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠭᠤᠯᠲᠠ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ
︵ᠨᠢᠭᠡ︶ ᠠᠵᠢᠯ ᠣᠯᠭᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠨᠡᠯᠢᠶᠡᠳ ᠪᠠᠭ᠎ᠠ ᠪᠠᠶᠢᠪᠠ᠃ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠢᠶᠠᠷ ᠢᠶᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠵᠢᠯ ᠣᠯᠭᠤᠯᠲᠠ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ ᠬᠥᠭᠵᠢᠯᠲᠡ ᠶᠢ ᠲᠣᠭᠲᠠᠭᠤᠨ ᠪᠠᠶᠢᠯᠭᠠᠬᠤ᠂ ᠰᠢᠨ᠎ᠡ ᠪᠠᠷ ᠪᠣᠶ ᠪᠣᠯᠤᠭᠰᠠᠨ ᠲᠥᠷᠥ ᠶᠢᠨ ᠡᠷᠬᠡ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 1957 ᠣᠨ ᠳᠤ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠬᠤ ᠳᠤ᠂ ᠪᠦᠬᠦ ᠣᠷᠣᠨ ᠤ ᠠᠵᠢᠯ ᠣᠯᠣᠭᠰᠠᠳ 400.6 ᠲᠦᠮᠡ ᠳᠤ ᠬᠦᠷᠴᠦ᠂ 1952 ᠣᠨ ᠤ ᠬᠢ ᠠᠴᠠ 55.3 ᠲᠦᠮᠡᠨ ᠬᠥᠮᠥᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 3% ᠨᠡᠮᠡᠭᠳᠡᠵᠡᠢ᠃ 1958 ᠣᠨ ᠠᠴᠠ ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ ᠪᠣᠯᠲᠠᠯ᠎ᠠ᠂ ᠮᠠᠨ ᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠨᠤᠭᠤᠷᠠᠯ ᠪᠦᠳᠦᠷᠢᠯ ᠤᠨ ᠳᠤᠮᠳᠠ ᠬᠥᠭᠵᠢᠵᠦ᠂ ᠠᠵᠢᠯ ᠣᠯᠭᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠨ ᠪᠠᠶᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠭᠰᠠᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠠᠬᠢᠭᠤᠯᠤᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠪᠠ ᠠᠵᠢᠯ ᠣᠯᠭᠤᠯᠲᠠ ᠪᠠᠨ ᠥᠷᠭᠡᠳᠭᠡᠬᠦ ᠶᠢ ᠬᠠᠮᠲᠤ ᠳᠤ ᠨᠢ ᠠᠬᠢᠭᠤᠯᠪᠠ᠃ 2023 ᠣᠨ ᠤ ᠡᠴᠦᠰ ᠪᠣᠯᠲᠠᠯ᠎ᠠ᠂ ᠮᠠᠨ ᠤ ᠣᠷᠣᠨ ᠤ ᠬᠤᠲᠠ ᠬᠥᠳᠡᠭᠡᠨ ᠤ ᠠᠵᠢᠯ ᠣᠯᠭᠤᠯᠲᠠ ᠶᠢᠨ ᠶᠡᠷᠦᠩᠬᠡᠢ ᠲᠤᠭ᠎ᠠ 1211 ᠲᠦᠮᠡᠨ ᠬᠥᠮᠥᠨ ᠳᠤ ᠬᠦᠷᠴᠦ᠂ 1952 ᠣᠨ ᠤ ᠬᠢ ᠠᠴᠠ 865.7 ᠲᠦᠮᠡᠨ ᠬᠥᠮᠥᠨ ᠨᠡᠮᠡᠭᠳᠡᠨ᠂ 2.5 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 12.2 ᠲᠦᠮᠡᠨ ᠬᠥᠮᠥᠨ ᠨᠡᠮᠡᠭᠳᠡᠨ᠂ ᠵᠢᠯ ᠪᠦᠷᠢ ᠳᠤᠮᠳᠠᠴᠢ ᠪᠠᠷ 1.8% ᠨᠡᠮᠡᠭᠳᠡᠪᠡ᠃ ᠡᠭᠦᠨ ᠳᠤ᠂ ᠬᠤᠳᠠ ᠪᠠᠯᠭᠠᠰᠤᠨ ᠤ ᠠᠵᠢᠯ ᠣᠯᠣᠭᠰᠠᠳ 784 ᠲᠦᠮᠡᠨ ᠬᠦᠮᠦᠨ ᠳᠤ ᠬᠦᠷᠴᠦ᠂ 1978 ᠣᠨ ᠤ ᠬᠢ ᠠᠴᠠ 2.4 ᠲᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 2.8% ᠨᠡᠮᠡᠭᠳᠡᠪᠡ᠃ ᠪᠠᠶᠢᠩᠭᠤ ᠰᠠᠭᠤᠭ᠎ᠠ ᠬᠥᠮᠥᠨ ᠠᠮᠠ ᠳᠠᠬᠢ ᠠᠵᠢᠯ ᠣᠯᠣᠭᠰᠠᠳ ᠤᠨ ᠡᠵᠡᠯᠡᠬᠦ ᠬᠤᠪᠢ ᠶᠢᠨ ᠵᠢᠩ 1978 ᠣᠨ ᠳᠤ 35.8% ᠪᠠᠶᠢᠭᠰᠠᠨ ᠠᠴᠠ ᠪᠠᠨ ᠨᠡᠮᠡᠭᠳᠡᠭᠡᠳ 50.5% ᠪᠣᠯᠵᠤ᠂ 14.7 ᠵᠠᠭᠤᠨ ᠤ ᠴᠡᠭ ᠥᠰᠴᠡᠢ᠃
︵ᠬᠤᠶᠠᠷ︶ ᠠᠵᠢᠯ ᠣᠯᠭᠤᠯᠲᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢᠴᠢ ᠰᠠᠭᠤᠭᠠᠯᠢ ᠠᠷᠠᠳ ᠤᠨ ᠠᠵᠢᠯ ᠣᠯᠬᠤ ᠦᠵᠡᠯᠲᠡ ᠶᠢᠨ ᠬᠤᠪᠢᠷᠠᠬᠤ ᠶᠢ ᠳᠠᠭᠠᠯᠳᠤᠨ᠂ ᠪᠥᠬᠦ ᠣᠷᠣᠨ ᠤ ᠠᠵᠢᠯ ᠣᠯᠭᠤᠯᠲᠠ ᠶᠢᠨ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠠᠴᠠ ᠥᠭᠡᠷᠡᠴᠢᠯᠡᠯᠲᠡ ᠨᠡᠭᠡᠭᠡᠯᠲᠡ ᠡᠬᠢᠯᠡᠬᠦ ᠠᠴᠠ ᠡᠮᠦᠨ᠎ᠡ ᠪᠣᠯᠲᠠᠯ᠎ᠠ᠂ ᠪᠦᠬᠦ ᠣᠷᠣᠨ ᠤ ᠠᠵᠤ ᠦᠢᠯᠡᠰ ᠤᠨ ᠪᠦᠲᠦᠴᠡ ᠲᠠᠷᠢᠶᠠᠯᠠᠩ ᠮᠠᠯ ᠠᠵᠤ ᠠᠬᠤᠢ ᠪᠠᠷ ᠭᠤᠣᠯ ᠪᠣᠯᠭᠠᠨ᠂ ᠠᠵᠢᠯ ᠣᠯᠭᠤᠯᠲᠠ ᠭᠤᠣᠯᠳᠠᠭᠤ ᠨᠢᠭᠡᠳᠦᠭᠡᠷ ᠠᠵᠤ ᠦᠢᠯᠡᠰ ᠤᠨ ᠳᠠᠶᠢᠴᠢᠯᠠᠯᠲᠠ ᠳᠤ ᠳᠦᠰᠢᠭᠯᠡᠳᠡᠭ ᠪᠠᠶᠢᠪᠠ᠃ 1952 ᠣᠨ ᠳᠤ᠂ ᠮᠠᠨ ᠤ ᠣᠷᠣᠨ ᠤ ᠭᠤᠷᠪᠠᠨ ᠠᠵᠤ ᠦᠢᠯᠡᠰ ᠢᠶᠠᠷ ᠠᠵᠢᠯ ᠣᠯᠣᠭᠰᠠᠳ ᠤᠨ ᠬᠠᠷᠢᠴᠠᠯ 87.6:3.8:8.6 ᠪᠠᠶᠢᠵᠤ᠂ 1978 ᠣᠨ ᠪᠣᠯᠬᠤ ᠳᠤ ᠬᠤᠪᠢᠷᠠᠭᠠᠳ 67.1:18.5:14.4 ᠪᠣᠯᠵᠤ᠂ ᠨᠢᠭᠡᠳᠦᠭᠡᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ ᠬᠠᠷᠢᠴᠠᠯ ᠪᠠᠭᠤᠷᠠᠭᠰᠠᠨ ᠪᠣᠯᠪᠠᠴᠤ ᠮᠥᠨ ᠯᠡ ᠬᠠᠷᠢᠴᠠᠯᠠᠰᠢᠭᠦᠢ ᠳᠠᠪᠠᠭᠤᠯᠢᠭ ᠢᠶᠠᠷ ᠠᠵᠢᠯ ᠣᠯᠭᠤᠯᠲᠠ ᠶᠢᠨ ᠪᠦᠲᠦᠴᠡ ᠶᠢ ᠭᠤᠣᠯᠯᠠᠨ ᠤᠳᠤᠷᠢᠳᠴᠤ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ ᠵᠠᠬ᠎ᠠ ᠳᠡᠯᠭᠡᠭᠦᠷ ᠤᠨ ᠤᠯᠠᠮ ᠨᠢᠭᠡ ᠠᠯᠬᠤᠮ ᠴᠢᠯᠥᠭᠡᠲᠡᠢ ᠪᠣᠯᠬᠤ ᠶᠢ ᠳᠠᠭᠠᠯᠳᠤᠨ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠮᠠᠶ᠋ᠢᠭ ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠭᠤᠯᠵᠤ ᠪᠠᠶᠢᠭᠰᠠᠨ ᠠᠴᠠ ᠠᠭᠠᠵᠢᠮ ᠢᠶᠠᠷ ᠲᠠᠷᠢᠶᠠᠯᠠᠩ ᠮᠠᠯ ᠠᠵᠤ ᠠᠬᠤᠢ ᠪᠠᠷ ᠰᠠᠭᠤᠷᠢ ᠪᠣᠯᠭᠠᠬᠤ ᠲᠡᠶᠢᠰᠢ ᠬᠤᠪᠢᠷᠠᠨ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠦᠳᠲᠡᠷ ᠲᠦᠷᠭᠡᠨ ᠬᠥᠭᠵᠢᠵᠦ᠂ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠭᠡᠳ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠲᠠᠢ ᠠᠵᠤ ᠦᠢᠯᠡᠰ ᠪᠦᠷᠢᠯᠳᠦᠪᠡ᠃ 1985 ᠠᠴᠠ 1997 ᠣᠨ ᠤ 13 ᠵᠢᠯ ᠤᠨ ᠬᠤᠭᠤᠴᠠᠭᠠᠨ ᠳᠤ᠂ ᠮᠠᠨ ᠤ ᠣᠷᠣᠨ ᠤ ᠬᠤᠶᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠡᠵᠡᠯᠡᠬᠦ ᠬᠠᠷᠢᠴᠠᠯ ᠢᠮᠠᠭᠲᠠ 20% ᠠᠴᠠ ᠳᠡᠭᠡᠭᠰᠢ ᠪᠠᠶᠢᠬᠤ ᠶᠢ ᠪᠠᠲᠤᠯᠠᠪᠠ︔ 1987 ᠣᠨ ᠳᠤ᠂ ᠮᠠᠨ ᠤ ᠣᠷᠣᠨ ᠤ ᠭᠤᠷᠪᠠᠳᠤᠭᠠᠷ ᠠᠵᠤ ᠦᠢᠯᠡᠰ ᠢᠶᠠᠷ ᠠᠵᠢᠯᠯᠠᠭᠰᠠᠳ ᠤᠨ ᠲᠤᠭ᠎ᠠ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠤ ᠳᠠᠷᠠᠭ᠎ᠠ ᠠᠩᠬ᠎ᠠ ᠤᠳᠠᠭ᠎ᠠ ᠬᠤᠶᠠᠳᠤᠭᠠᠷ ᠠᠵᠤ ᠦᠢᠯᠡᠰ ᠢ ᠳᠠᠪᠠᠵᠤ᠂ ᠭᠤᠷᠪᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠬᠠᠷᠢᠴᠠᠯ ᠨᠢ 55:21.1:23.9 ᠪᠣᠯᠵᠤ ᠬᠤᠪᠢᠷᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠤᠶᠢᠰᠢ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠢᠶᠠᠷ ᠠᠵᠢᠯ ᠣᠯᠣᠭᠰᠠᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠠᠵᠢᠯ ᠣᠯᠭᠤᠯᠲᠠ ᠶᠢᠨ ᠬᠤᠪᠢ ᠶᠢᠨ ᠵᠢᠩ ᠲᠠᠰᠤᠷᠠᠯᠲᠠ ᠦᠭᠡᠢ ᠨᠡᠮᠡᠭᠳᠡᠨ᠂ ︽ᠭᠤᠷᠪᠠᠳᠤᠭᠠᠷ ᠨᠢᠭᠡᠳᠦᠭᠡᠷ ᠬᠤᠶᠠᠳᠤᠭᠠᠷ︾ ᠭᠡᠬᠦ ᠠᠵᠢᠯ ᠣᠯᠭᠤᠯᠲᠠ ᠶᠢᠨ ᠪᠠᠶᠢᠳᠠᠯ ᠠᠯᠬᠤᠮ ᠠᠯᠬᠤᠮ ᠢᠶᠠᠷ ᠢᠯᠡᠷᠡᠪᠡ᠃ 2023 ᠣᠨ ᠳᠤ᠂ ᠮᠠᠨ ᠤ ᠣᠷᠣᠨ ᠤ ᠭᠤᠷᠪᠠᠨ ᠠᠵᠤ ᠦᠢᠯᠡᠰ ᠤᠨ ᠠᠵᠢᠯ ᠣᠯᠭᠤᠯᠲᠠ ᠶᠢᠨ ᠪᠦᠲᠦᠴᠡ ᠨᠢᠭᠡᠨᠲᠡ 34.4᠄ 17.7᠄ 47.9 ᠪᠣᠯᠣᠨ ᠬᠤᠪᠢᠷᠠᠵᠤ᠂ ᠪᠥᠬᠦ ᠨᠡᠶᠢᠭᠡᠮ ᠤᠨ ᠠᠵᠢᠯ ᠣᠯᠭᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠭᠡᠳ ᠠᠵᠢᠯ ᠣᠯᠭᠤᠯᠲᠠ ᠳᠤ ᠦᠢᠯᠡᠴᠢᠯᠡᠭᠡᠨ ᠤ ᠦᠢᠯᠡᠰ ᠤᠨ ᠬᠤᠷᠠᠭᠤᠯᠵᠤ ᠬᠠᠩᠭᠠᠬᠤ ᠴᠢᠳᠠᠮᠵᠢ ᠨᠢ ᠡᠳᠦᠷ ᠢᠷᠡᠬᠦᠶ᠎ᠡ ᠢᠯᠡᠷᠬᠡᠢ ᠪᠣᠯᠪᠠ᠃
︵ᠭᠤᠷᠪᠠ︶ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠪᠡ᠃ ᠨᠢᠭᠡ ᠲᠠᠯ᠎ᠠ ᠪᠠᠷ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠠᠰᠤᠷᠠᠯᠲᠠ ᠦᠭᠡᠢ ᠬᠥᠭᠵᠢᠨ ᠪᠣᠯᠪᠠᠰᠤᠷᠠᠬᠤ ᠶᠢ ᠳᠠᠭᠠᠯᠳᠤᠨ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠤᠳᠠᠯᠳᠤᠭᠠᠨ ᠤ ᠬᠡᠪ ᠵᠠᠭᠪᠤᠷ ᠲᠠᠰᠤᠷᠠᠯᠲᠠ ᠦᠭᠡᠢ ᠨᠡᠮᠡᠭᠳᠡᠵᠦ᠂ ᠮᠠᠨ ᠤ ᠣᠷᠣᠨ ᠳᠤ ᠡᠯ᠎ᠡ ᠲᠥᠷᠥᠯ ᠤᠨ ᠰᠢᠨ᠎ᠡ ᠪᠠᠷ ᠪᠤᠢ ᠪᠣᠯᠵᠤ ᠪᠠᠶᠢᠭ᠎ᠠ ᠠᠵᠢᠯ ᠣᠯᠭᠤᠯᠲᠠ ᠶᠢᠨ ᠠᠵᠢᠯ ᠤᠨ ᠪᠠᠶᠢᠷᠢ ᠲᠠᠰᠤᠷᠠᠯᠲᠠ ᠦᠭᠡᠢ ᠢᠯᠡᠷᠡᠨ ᠭᠠᠷᠪᠠ᠃ 2023 ᠣᠨ ᠳᠤ᠂ ᠪᠥᠬᠦ ᠣᠷᠣᠨ ᠤ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠢᠶᠠᠷ ᠬᠤᠲᠠ ᠪᠠᠯᠭᠠᠰᠤᠨ ᠤ ᠨᠢᠭᠡᠴᠢ ᠳᠤ 5.5 ᠲᠦᠮᠡᠨ ᠬᠥᠮᠥᠨ ᠠᠵᠢᠯ ᠣᠯᠵᠤ᠂ 2008 ᠣᠨ ᠤ ᠬᠢ ᠠᠴᠠ 48.6% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠦᠢᠯᠡᠰ ᠢᠶᠠᠷ ᠬᠤᠲᠠ ᠪᠠᠯᠭᠠᠰᠤᠨ ᠤ ᠨᠢᠭᠡᠴᠢ ᠳᠤ 15.9 ᠲᠦᠮᠡᠨ ᠬᠥᠮᠥᠨ ᠠᠵᠢᠯ ᠣᠯᠵᠤ᠂ 2008 ᠣᠨ ᠤ ᠬᠢ ᠠᠴᠠ 76.7% ᠪᠠᠷ ᠨᠡᠮᠡᠭᠳᠡᠪᠡ︔ ᠳᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠢᠶᠠᠷ 15 ᠲᠦᠮᠡᠨ ᠬᠥᠮᠥᠨ ᠠᠵᠢᠯ ᠣᠯᠵᠤ᠂ 2008 ᠣᠨ ᠤ ᠬᠢ ᠠᠴᠠ 400% ᠪᠠᠷ ᠨᠡᠮᠡᠭᠳᠡᠪᠡ᠃ ᠨᠥᠭᠦᠭᠡ ᠲᠠᠯ᠎ᠠ ᠪᠠᠷ᠂ ᠬᠥᠷᠥᠩᠭᠡ ᠮᠥᠩᠭᠦ ᠶᠢᠨ ᠣᠷᠣᠭᠤᠯᠤᠯᠲᠠ ᠨᠡᠮᠡᠭᠳᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠲᠦᠷᠭᠡᠰᠬᠦ᠂ ᠬᠥᠳᠡᠯᠮᠦᠷᠢᠴᠢᠳ ᠤᠨ ᠬᠡᠪ ᠴᠢᠨᠠᠷ ᠳᠡᠭᠡᠭᠰᠢᠯᠡᠬᠦ ᠵᠢᠴᠢ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠲᠣᠬᠢᠷᠠᠭᠤᠯᠬᠤ ᠶᠢ ᠳᠠᠭᠠᠯᠳᠤᠨ᠂ ᠮᠠᠨ ᠤ ᠣᠷᠣᠨ ᠤ ᠬᠥᠳᠡᠯᠮᠦᠷᠢ ᠬᠦᠴᠦᠨ ᠤ ᠬᠦᠴᠦᠨ ᠵᠦᠢᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ ᠬᠤᠪᠢᠷᠠᠯᠲᠠ ᠦᠭᠡᠢ ᠦᠨ᠎ᠡ ᠪᠠᠷ ᠪᠤᠳᠤᠪᠠᠯ᠂ ᠪᠥᠬᠦ ᠣᠷᠣᠨ ᠤ ᠨᠡᠶᠢᠭᠡᠮ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ 1981 ᠣᠨ ᠳᠤ 0.11 ᠲᠦᠮᠡᠨ ᠲᠥᠭᠦᠷᠢᠭ / ᠬᠥᠮᠥᠨ ᠪᠠᠶᠢᠭᠰᠠᠨ ᠠᠴᠠ ᠳᠡᠭᠡᠭᠰᠢᠯᠡᠭᠡᠳ 2023 ᠣᠨ ᠳᠤ 17.19 ᠲᠦᠮᠡᠨ ᠲᠥᠭᠦᠷᠢᠭ / ᠬᠥᠮᠥᠨ ᠪᠣᠯᠪᠠ᠃
ᠭᠤᠷᠪᠠ᠂ ᠬᠥᠳᠡᠯᠮᠦᠷᠢ ᠶᠢᠨ ᠬᠥᠯᠥᠰᠦ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠣᠷᠣᠯᠭ᠎ᠠ ᠶᠢᠨ ᠵᠥᠷᠢᠶ᠎ᠡ ᠶᠢ ᠠᠭᠠᠵᠢᠮ ᠢᠶᠠᠷ ᠪᠠᠭᠠᠰᠬᠠᠪᠠ
︵ᠨᠢᠭᠡ︶ ᠴᠠᠯᠢᠩ ᠤᠨ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠬᠦ ᠠᠴᠠ ᠡᠮᠦᠨ᠎ᠡ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠨᠡᠯᠢᠶᠡᠳ ᠳᠣᠣᠷ᠎ᠠ᠂ ᠬᠤᠪᠢᠶᠠᠷᠢᠯᠠᠯᠲᠠ ᠶᠢᠨ ᠳᠦᠷᠢᠮ ᠲᠠᠩ ᠴᠤᠯᠭᠤᠢ᠂ ᠠᠵᠢᠯᠲᠠᠨ ᠠᠵᠢᠯᠴᠢᠨ ᠤ ᠴᠠᠯᠢᠩ ᠤᠨ ᠲᠦᠪᠰᠢᠨ ᠨᠡᠯᠢᠶᠡᠳ ᠳᠣᠣᠷ᠎ᠠ ᠮᠥᠷᠲᠡᠭᠡᠨ ᠨᠡᠮᠡᠭᠳᠡᠯ ᠨᠢ ᠤᠳᠠᠭᠠᠨ ᠪᠠᠶᠢᠪᠠ᠃ 1978 ᠣᠨ ᠳᠤ᠂ ᠪᠥᠬᠦ ᠣᠷᠣᠨ ᠤ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ 712 ᠲᠥᠭᠦᠷᠢᠭ ᠪᠠᠶᠢᠵᠤ᠂ 1952 ᠣᠨ ᠤ ᠬᠢ ᠲᠠᠢ ᠬᠠᠷᠢᠴᠠᠭᠤᠯᠪᠠᠯ᠂ 26 ᠵᠢᠯ ᠳᠤ ᠵᠥᠪᠬᠡᠨ 312 ᠲᠥᠭᠦᠷᠢᠭ ᠨᠡᠮᠡᠭᠳᠡᠵᠦ᠂ ᠵᠢᠯ ᠪᠦᠷᠢ ᠳᠤᠮᠳᠠᠴᠢ ᠪᠠᠷ 12 ᠲᠥᠭᠦᠷᠢᠭ ᠨᠡᠮᠡᠭᠳᠡᠨ᠂ ᠵᠢᠯ ᠪᠦᠷᠢ ᠳᠤᠮᠳᠠᠴᠢ ᠪᠠᠷ ᠵᠥᠪᠬᠡᠨ 2.2% ᠤᠨ ᠨᠡᠮᠡᠭᠳᠡᠯ ᠤᠨ ᠬᠤᠷᠳᠤᠴᠠ ᠲᠠᠢ ᠪᠠᠶᠢᠵᠠᠢ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ ᠮᠠᠨ ᠤ ᠣᠷᠣᠨ ᠤ ᠠᠵᠤ ᠠᠬᠤᠢ ᠲᠦᠷᠭᠡᠨ ᠬᠦᠭᠵᠢᠪᠡ᠂ ᠢᠯᠠᠩᠭᠤᠶ᠎ᠠ 1992 ᠠᠴᠠ 2012 ᠣᠨ ᠤ ᠬᠤᠭᠤᠷᠣᠨᠳᠤ᠂ ᠮᠠᠨ ᠤ ᠣᠷᠣᠨ ᠤ ᠠᠵᠤ ᠠᠬᠤᠢ 20 ᠵᠢᠯ ᠤᠨ ᠲᠤᠷᠰᠢᠳᠠ 10% ᠠᠴᠠ ᠳᠡᠭᠡᠭᠰᠢᠬᠢ ᠨᠡᠮᠡᠭᠳᠡᠯ ᠲᠠᠢ ᠪᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠴᠠᠯᠢᠩ ᠳᠤ ᠬᠠᠮᠲᠤ ᠪᠠᠷ ᠵᠥᠪᠳᠡᠯᠴᠡᠬᠦ ᠳᠦᠷᠢᠮ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠯᠤᠭ᠎ᠠ ᠵᠣᠬᠢᠴᠠᠯᠳᠤᠭᠰᠠᠨ ᠴᠠᠯᠢᠩ ᠤᠨ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠤᠨ᠂ ᠬᠥᠳᠡᠯᠮᠦᠷᠢ ᠶᠢᠨ ᠬᠥᠯᠥᠰᠦ ᠣᠯᠭᠤᠮᠵᠢ ᠬᠢᠭᠡᠳ ᠠᠵᠤ ᠠᠬᠤᠢ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠵᠤ᠂ ᠠᠵᠢᠯᠲᠠᠨ ᠠᠵᠢᠯᠴᠢᠳ ᠤᠨ ᠴᠠᠯᠢᠩ ᠢ ᠦᠷᠭᠦᠯᠵᠢᠯᠡᠨ ᠥᠰᠬᠡᠪᠡ᠃ 2023 ᠣᠨ ᠳᠤ᠂ ᠮᠠᠨ ᠤ ᠣᠷᠣᠨ ᠤ ᠬᠤᠲᠠ ᠪᠠᠯᠭᠠᠰᠤᠨ ᠤ ᠬᠤᠪᠢ ᠶᠢᠨ ᠪᠤᠰᠤ ᠡᠵᠡᠩᠨᠡᠯᠲᠡ ᠶᠢᠨ ᠨᠢᠭᠡᠴᠢ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ 111602 ᠲᠥᠭᠦᠷᠢᠭ ᠲᠤ ᠬᠦᠷᠴᠦ᠂ ᠲᠣᠰ ᠲᠣᠰ 1978 ᠣᠨ ᠪᠠ 2012 ᠣᠨ ᠤ 156.7 ᠳᠠᠬᠢᠨ ᠪᠠ 2.4 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ ᠲᠣᠰ ᠲᠣᠰ 11.9% ᠪᠠ 8.2% ᠨᠡᠮᠡᠭᠳᠡᠵᠦ᠂ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠬᠦ ᠠᠴᠠ ᠡᠮᠦᠨᠡᠬᠢ ᠨᠡᠮᠡᠭᠳᠡᠬᠦ ᠬᠤᠷᠳᠤᠴᠠ ᠶᠢᠨ ᠲᠦᠪᠰᠢᠨ ᠠᠴᠠ ᠬᠤᠯᠠ ᠲᠦᠷᠭᠡᠨ ᠪᠣᠯᠤᠭᠰᠠᠨ ᠪᠠᠶᠢᠨ᠎ᠠ᠃
︵ᠬᠤᠶᠠᠷ︶ ᠴᠠᠯᠢᠩ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠡᠬᠢᠨ ᠪᠣᠯᠲᠠᠯ᠎ᠠ᠂ ᠪᠦᠬᠦ ᠣᠷᠣᠨ ᠤ ᠨᠢᠭᠡᠴᠢ ᠶᠢᠨ ᠲᠦᠷᠦᠯ ᠲᠠᠩ ᠴᠤᠯᠭᠤᠢ᠂ ᠠᠵᠢᠯᠲᠠᠨ ᠠᠵᠢᠯᠴᠢᠳ ᠤᠯᠤᠰ ᠤᠨ ᠦᠮᠴᠢᠯᠡᠯᠲᠦ ᠨᠢᠭᠡᠴᠢ ᠪᠠ ᠬᠠᠮᠲᠤ ᠶᠢᠨ ᠨᠢᠭᠡᠴᠢ ᠳᠤ ᠲᠥᠪᠯᠡᠷᠡᠵᠦ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠳᠠᠷᠠᠭ᠎ᠠ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠭᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠭᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠤᠭᠰᠠᠨ ᠠᠴᠠ ᠡᠯ᠎ᠡ ᠲᠥᠷᠥᠯ ᠤᠨ ᠨᠢᠭᠡᠴᠢ ᠡᠮᠬᠢ ᠵᠢᠷᠤᠮ ᠲᠠᠢ ᠥᠷᠢᠰᠦᠯᠳᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ 2022 ᠣᠨ ᠳᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠨᠢᠭᠡᠴᠢ᠂ ᠬᠤᠲᠠ ᠪᠠᠯᠭᠠᠰᠤᠨ ᠤ ᠬᠠᠮᠲᠤ ᠶᠢᠨ ᠨᠢᠭᠡᠴᠢ ᠪᠠ ᠪᠤᠰᠤᠳ ᠲᠥᠷᠥᠯ ᠬᠡᠯᠪᠡᠷᠢ ᠶᠢᠨ ᠨᠢᠭᠡᠴᠢ ᠶᠢᠨ ᠠᠵᠢᠯᠲᠠᠨ ᠠᠵᠢᠯᠴᠢᠳ ᠤᠨ ᠵᠢᠯ ᠤᠨ ᠳᠤᠮᠳᠠᠴᠢ ᠴᠠᠯᠢᠩ ᠲᠣᠰ ᠲᠣᠰ 100920 ᠲᠥᠭᠦᠷᠢᠭ᠂ 96895 ᠲᠥᠭᠦᠷᠢᠭ ᠪᠠ 106613 ᠲᠥᠭᠦᠷᠢᠭ ᠪᠣᠯᠵᠤ᠂ ᠲᠣᠰ ᠲᠣᠰ 1985 ᠣᠨ ᠤ ᠬᠢ ᠠᠴᠠ 86.3 ᠳᠠᠬᠢᠨ᠂ 111.1 ᠳᠠᠬᠢᠨ ᠪᠠ 104.2 ᠳᠠᠬᠢᠨ ᠪᠠᠶᠢᠵᠤ᠂ 1985 ᠣᠨ ᠤ ᠬᠢ ᠲᠠᠢ ᠬᠠᠷᠢᠴᠠᠭᠤᠯᠪᠠᠯ ᠵᠢᠯ ᠪᠦᠷᠢ ᠳᠤᠮᠳᠠᠴᠢ ᠪᠠᠷ ᠲᠣᠰ ᠲᠣᠰ 12.8%᠂ 13.6% ᠪᠠ 13.4% ᠨᠡᠮᠡᠭᠳᠡᠪᠡ᠃ ᠡᠭᠦᠨ ᠤ ᠳᠣᠲᠣᠷ᠎ᠠ᠂ ᠠᠵᠤ ᠠᠬᠤᠶᠢᠯᠠᠯ ᠤᠨ ᠪᠦᠷᠢᠯᠳᠦᠯ ᠢᠶᠠᠷ ᠭᠤᠣᠯ ᠪᠣᠯᠭᠠᠭᠰᠠᠨ ᠪᠤᠰᠤᠳ ᠲᠦᠷᠦᠯ ᠬᠡᠯᠪᠡᠷᠢ ᠶᠢᠨ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠤᠨ ᠬᠡᠮᠵᠢᠶ᠎ᠡ 3 ᠵᠢᠯ ᠳᠠᠷᠠᠭᠠᠯᠠᠨ ᠤᠯᠤᠰ ᠤᠨ ᠦᠮᠴᠢᠯᠡᠯᠲᠦ ᠨᠢᠭᠡᠴᠢ ᠪᠠ ᠬᠠᠮᠲᠤ ᠶᠢᠨ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠤᠨ ᠬᠡᠮᠵᠢᠶ᠎ᠡ ᠠᠴᠠ ᠳᠠᠪᠠᠵᠤ᠂ ᠠᠳᠠᠯᠢ ᠪᠤᠰᠤ ᠨᠢᠭᠡᠴᠢ ᠶᠢᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃ ᠡᠭᠦᠨ ᠤ ᠬᠠᠮᠲᠤ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠳᠤ ᠦᠷᠭᠦᠯᠵᠢᠯᠡᠨ ᠲᠣᠬᠢᠷᠠᠭᠤᠯᠤᠯᠲᠠ ᠬᠢᠬᠦ ᠶᠢ ᠳᠠᠭᠠᠯᠳᠤᠨ᠂ ᠡᠯ᠎ᠡ ᠠᠶᠢᠮᠠᠭ ᠬᠤᠲᠠ ᠶᠢᠨ ᠬᠤᠭᠤᠷᠣᠨᠳᠣᠬᠢ ᠴᠠᠯᠢᠩ ᠤᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠠᠶᠢᠮᠠᠭ ᠬᠤᠲᠠ ᠶᠢᠨ ᠬᠤᠭᠤᠷᠣᠨᠳᠣᠬᠢ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠤᠨ ᠬᠠᠮᠤᠭ ᠤᠨ ᠥᠨᠳᠥᠷ ᠪᠠ ᠬᠠᠮᠤᠭ ᠤᠨ ᠳᠣᠣᠷ᠎ᠠ ᠬᠠᠷᠢᠴᠠᠯ 2010 ᠣᠨ ᠳᠤ 2.1᠄ 1 ᠪᠠᠶᠢᠭᠰᠠᠨ ᠠᠴᠠ ᠪᠠᠭᠤᠷᠠᠭᠠᠳ 2023 ᠣᠨ ᠳᠤ 1.3᠄ 1 ᠪᠣᠯᠪᠠ᠃
ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠳᠠ᠂ ᠪᠦᠬᠦ ᠣᠷᠣᠨ ᠢᠶᠠᠷ ᠢᠶᠠᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠠᠰᠤᠷᠠᠯᠲᠠ ᠦᠭᠡᠢ ᠥᠷᠭᠡᠳᠬᠡᠨ ᠣᠷᠣᠯᠭ᠎ᠠ ᠶᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠶᠢᠴᠡ ᠪᠣᠯᠭᠠᠵᠠᠢ᠃ ᠲᠠᠷᠠᠭᠠᠴᠢ ᠪᠠᠷ᠂ ᠮᠠᠨ ᠤ ᠣᠷᠣᠨ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠤᠨ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠵᠤ᠂ ᠠᠵᠢᠯ ᠣᠯᠭᠤᠯᠲᠠ ᠶᠢᠨ ᠴᠢᠨᠠᠷ ᠤᠨ ᠪᠦᠲᠦᠮᠵᠢᠲᠡᠶ ᠳᠡᠭᠡᠭᠰᠢᠯᠡᠬᠦ ᠪᠠ ᠲᠣᠭᠠᠨ ᠤ ᠵᠣᠬᠢᠰᠲᠠᠢ ᠨᠡᠮᠡᠭᠳᠡᠬᠦ ᠶᠢ ᠦᠷᠭᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ ᠳᠠᠬᠢ ᠥᠪᠥᠷ ᠮᠣᠩᠭᠤᠯ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︕ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶