ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠡᠳᠦᠷ ᠢᠷᠡᠬᠦᠶ᠎ᠡ ᠰᠢᠨᠡᠳᠴᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠦᠷ᠎ᠡ ᠪᠦᠲᠦᠮᠵᠢ ᠢᠯᠡᠳᠲᠡ ᠪᠠᠶᠢᠨ᠎ᠠ
ᠨᠡᠶᠢᠲᠡᠯᠡᠭᠰᠡᠨ ᠴᠠᠭ᠄
2024/9/30

 

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠭᠵᠢᠯᠲᠡ ᠶᠢ ᠡᠷᠴᠢᠮᠯᠡᠵᠦ᠂ ᠰᠢᠨ᠎ᠡ ᠶᠢ ᠡᠭᠦᠳᠬᠦ ᠪᠠᠷ ᠢᠷᠡᠭᠡᠳᠦᠢ ᠶᠢᠨ ᠰᠢᠢᠳᠪᠦᠷᠢᠲᠦ ᠢᠯᠠᠯᠲᠠ ᠶᠢ ᠲᠡᠮᠡᠴᠡᠨ᠎ᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠶᠠᠳᠠᠭᠤ ᠬᠤᠴᠤᠷᠤᠩᠭᠤᠢ ᠪᠠᠶᠢᠭᠰᠠᠨ ᠰᠠᠭᠤᠷᠢᠨ ᠳᠡᠭᠡᠷ᠎ᠡ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠴᠣᠭᠴᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠳ ᠬᠦᠴᠦᠷᠬᠡᠭᠵᠢᠬᠦ ᠪᠠᠷ ᠬᠠᠭᠠᠰ ᠢᠯᠡᠭᠦᠦ ᠵᠠᠭᠤᠨ ᠬᠦᠴᠦᠯᠡᠨ ᠴᠢᠷᠮᠠᠶᠢᠭᠰᠠᠨ ᠢᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠨᠢᠰᠬᠦ ᠮᠡᠲᠦ ᠲᠦᠷᠭᠡᠨ ᠬᠥᠭᠵᠢᠪᠡ᠃ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠯᠤᠭ᠎ᠠ ᠨᠢᠭᠲᠠ ᠤᠶᠠᠯᠳᠤᠭᠤᠯᠤᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠣᠷᠣᠨ ᠳᠠᠶᠠᠭᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠢᠨ᠎ᠡ ᠶᠢ ᠡᠭᠦᠳᠬᠦ ᠶᠢ ᠵᠡᠷᠭᠡ ᠪᠠᠷ ᠠᠳᠬᠤᠵᠤ ᠪᠣᠳᠠᠲᠠᠢ ᠪᠠᠷ ᠠᠵᠢᠯᠯᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠦ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠲᠥᠪᠯᠡᠷᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ᠂ ᠭᠤᠣᠯ ᠴᠣᠭᠴᠠ ᠶᠢ ᠬᠦᠴᠦᠷᠬᠡᠭᠵᠢᠭᠦᠯᠬᠦ᠂ ᠤᠯᠠᠷᠢᠭᠤᠯᠤᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠪᠠ᠃

      ᠨᠢᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠢᠨ᠎ᠡ ᠶᠢ ᠡᠭᠦᠳᠬᠦ ᠦᠢᠯᠡᠰ ᠯᠠᠪᠳᠠᠭᠤᠨ ᠢᠶᠠᠷ ᠬᠥᠭᠵᠢᠪᠡ

      ︵ᠨᠢᠭᠡ︶ ᠰᠢᠨᠵᠢᠯᠡᠬᠦ ᠤᠬᠠᠭᠠᠨ ᠰᠤᠳᠤᠯᠭᠠᠨ ᠤ ᠡᠩᠨᠡᠭᠡ ᠲᠦᠷᠭᠡᠨ ᠪᠥᠭᠡᠮᠨᠡᠷᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠮᠥᠨ ᠤ ᠬᠦᠴᠦᠨ ᠤ ᠡᠬᠢ ᠪᠠᠶᠠᠯᠢᠭ ᠦᠳᠲᠡᠷ ᠲᠦᠷᠭᠡᠨ ᠰᠡᠷᠭᠦᠨ ᠬᠥᠭᠵᠢᠪᠡ᠃ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠢᠨ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠲᠠᠪᠴᠠᠩ ᠤᠨ ᠪᠠᠶᠢᠭᠤᠯᠤᠯᠲᠠ᠂ ᠲᠦᠷᠦᠯ ᠵᠦᠢᠯ ᠤᠨ ᠬᠡᠷᠡᠭᠵᠢᠭᠦᠯᠦᠯᠲᠡ ᠪᠠᠷ ᠭᠠᠷᠳᠠᠴᠠ ᠪᠣᠯᠭᠠᠨ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠤᠲᠠᠲᠠᠶᠢᠵᠢᠭᠤᠯᠤᠯᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠳ ᠤᠨ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠪᠠ᠃ 2022 ᠣᠨ ᠳᠤ᠂ ᠪᠦᠬᠦᠯᠢ ᠴᠠᠭ ᠤᠨ ᠠᠵᠢᠯ ᠤᠨ ᠬᠡᠮᠵᠢᠶ᠎ᠡ ᠪᠠᠷ ᠨᠤᠭᠤᠯᠤᠨ ᠪᠤᠳᠤᠭᠰᠠᠨ ᠪᠥᠬᠦ ᠣᠷᠣᠨ ᠤ R&D ᠬᠦᠮᠦᠨ ᠤ ᠪᠥᠬᠦ ᠲᠤᠭ᠎ᠠ 3.8 ᠲᠦᠮᠡᠨ ᠬᠥᠮᠥᠨ ᠳᠤ ᠬᠦᠷᠴᠦ᠂ 2000 ᠣᠨ ᠤ ᠬᠢ ᠠᠴᠠ 4.5 ᠳᠠᠬᠢᠨ ᠪᠣᠯᠵᠠᠢ᠃ ᠮᠡᠳᠡᠯᠭᠡ ᠶᠢᠨ ᠦᠷᠳᠡᠭ ᠢᠶᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠰᠤᠳᠤᠯᠭᠠᠨ ᠤ ᠴᠢᠳᠠᠪᠤᠷᠢᠲᠠᠳ ᠢ ᠤᠷᠮᠠᠰᠢᠭᠤᠯᠬᠤ ᠪᠠ ᠦᠨᠡᠯᠡᠬᠦ ᠳᠦᠷᠢᠮ ᠤᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠳᠠᠭᠠᠯᠳᠤᠨ᠂ᠴᠢᠳᠠᠪᠤᠷᠢᠲᠠᠳ ᠤᠨ ᠪᠦᠲᠦᠴᠡ ᠴᠦ ᠨᠡᠩ ᠰᠢᠯᠢᠳᠡᠭᠵᠢᠵᠦ᠂ ᠪᠦᠬᠦ ᠣᠷᠣᠨ ᠤ ᠲᠦᠮᠡᠨ ᠠᠵᠢᠯ ᠣᠯᠣᠭᠰᠠᠳ ᠪᠦᠷᠢ ᠶᠢᠨ ᠳᠣᠲᠣᠷᠠᠬᠢ R&D ᠬᠥᠮᠥᠨ ᠤ ᠲᠤᠭ᠎ᠠ ︵ᠪᠦᠬᠦᠯᠢ ᠴᠠᠭ ᠤᠨ ᠠᠵᠢᠯ ᠤᠨ ᠬᠡᠮᠵᠢᠶ᠎ᠡ ᠪᠠᠷ ᠨᠤᠭᠤᠯᠵᠤ ᠪᠤᠳᠤᠪᠠᠯ︶ 2000 ᠣᠨ ᠳᠤ 8 ᠬᠥᠮᠥᠨ ᠪᠠᠶᠢᠭᠰᠠᠨ ᠠᠴᠠ 2022 ᠣᠨ ᠳᠤ 31.7 ᠬᠥᠮᠥᠨ ᠪᠣᠯᠣᠨ ᠳᠡᠭᠡᠭᠰᠢᠯᠡᠵᠦ᠂ R&D ᠠᠵᠢᠯᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠵᠠᠩᠭᠢᠯᠠᠭ᠎ᠠ ᠶᠢᠨ ᠬᠦᠳᠡᠯᠭᠡᠭᠴᠢ ᠬᠦᠴᠦᠨ ᠤ ᠡᠬᠢ ᠪᠤᠯᠠᠭ ᠢ ᠬᠠᠩᠭᠠᠵᠠᠢ᠃

      ︵ᠬᠤᠶᠠᠷ︶ ᠰᠤᠳᠤᠯᠤᠨ ᠨᠡᠭᠡᠭᠡᠬᠦ ᠵᠠᠷᠤᠳᠠᠯ ᠲᠣᠭᠲᠠᠭᠤᠨ ᠢᠶᠠᠷ ᠨᠡᠮᠡᠭᠳᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠠᠵᠤ ᠠᠬᠤᠢ ᠶᠢᠨ ᠪᠣᠳᠠᠲᠤ ᠬᠦᠴᠦᠨ ᠤ ᠳᠡᠭᠡᠭᠰᠢᠯᠡᠯᠲᠡ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠣᠷᠣᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠰᠤᠳᠤᠯᠤᠨ ᠨᠡᠭᠡᠭᠡᠬᠦ ᠵᠠᠷᠤᠳᠠᠯ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ᠃ 2022 ᠣᠨ ᠳᠤ᠂ ᠪᠥᠬᠦ ᠣᠷᠣᠨ ᠤ R&D ᠤᠨ ᠵᠠᠷᠤᠳᠠᠯ ᠤᠨ ᠣᠷᠣᠭᠤᠯᠤᠯᠲᠠ 209.5 ᠳ᠋ᠦᠩᠰᠢᠭᠤᠷ ᠲᠥᠭᠦᠷᠢᠭ ᠲᠤ ᠬᠦᠷᠴᠦ᠂ 2000 ᠣᠨ ᠤ 62.6 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 20.7% ᠨᠡᠮᠡᠭᠳᠡᠨ᠂ ᠠᠳᠠᠯᠢ ᠬᠤᠭᠤᠴᠠᠭᠠᠨ ᠤ GDP ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ︵ᠣᠲᠣ ᠶᠢᠨ ᠦᠨ᠎ᠡ︶ ᠠᠴᠠ 7.5 ᠵᠠᠭᠤᠨ ᠤ ᠴᠡᠭ ᠳᠠᠪᠠᠵᠤ᠂ ᠪᠥᠬᠦ ᠤᠯᠤᠰ ᠤᠨ ᠬᠢ ᠠᠴᠠ 3.3 ᠵᠠᠭᠤᠨ ᠤ ᠴᠡᠭ ᠥᠨᠳᠥᠷ ᠪᠣᠯᠵᠠᠢ᠃ R&D ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ 2000 ᠣᠨ ᠳᠤ 0.22% ᠪᠠᠶᠢᠭᠰᠠᠨ ᠠᠴᠠ 2022 ᠣᠨ ᠳᠤ 0.9% ᠪᠣᠯᠣᠨ ᠳᠡᠭᠡᠭᠰᠢᠯᠡᠵᠦ᠂ 0.68 ᠵᠠᠭᠤᠨ ᠤ ᠴᠡᠭ ᠳᠡᠭᠡᠭᠰᠢᠯᠡᠵᠦ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠲᠦᠷᠭᠡᠨ ᠨᠡᠮᠡᠭᠳᠡᠯ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃

      ︵ᠭᠤᠷᠪᠠ︶ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠮᠠᠨ ᠤ ᠣᠷᠣᠨ ᠡᠳ᠋ ᠤᠨ ᠵᠠᠰᠠᠭ ᠤᠨ ᠣᠷᠣᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠠᠵᠤ ᠠᠬᠤᠶᠢᠯᠠᠯ ᠤᠨ ᠣᠷᠣᠭᠤᠯᠤᠯᠲᠠ ᠪᠠᠷ ᠭᠤᠣᠯ ᠴᠣᠭᠴᠠ ᠪᠣᠯᠭᠠᠨ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢᠶᠠᠷ ᠲᠤᠯᠭᠠᠭᠤᠷᠢᠯᠠᠯ ᠪᠣᠯᠭᠠᠭᠰᠠᠨ ᠣᠯᠠᠨ ᠡᠰᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠢᠵᠢ ᠪᠦᠷᠢᠳᠦᠭᠰᠡᠨ ᠪᠡᠯᠡ ᠮᠥᠩᠭᠦᠨ ᠤ ᠠᠰᠢᠭᠲᠠᠢ ᠲᠥᠷᠥ ᠶᠢᠨ ᠪᠣᠳᠣᠯᠭ᠎ᠠ ᠶᠢ ᠪᠠᠶᠢᠨ ᠳᠠᠬᠢᠨ ᠨᠡᠶᠢᠲᠡᠯᠡᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠦᠪᠵᠢᠭᠦᠯᠭᠡ ᠪᠠ ᠭᠤᠣᠯᠳᠠᠯᠭ᠎ᠠ ᠪᠣᠯᠬᠤ ᠬᠦᠷᠢᠶᠡᠨ ᠤ ᠡᠭᠦᠷᠭᠡ ᠶᠢ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ 2022 ᠣᠨ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 43 ᠳ᠋ᠦᠩᠰᠢᠭᠤᠷ ᠲᠥᠭᠦᠷᠢᠭ ᠪᠠᠶᠢᠵᠤ᠂ 2012 ᠣᠨ ᠤ 1.6 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 4.5% ᠨᠡᠮᠡᠭᠳᠡᠪᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠡᠯ᠎ᠡ ᠭᠤᠭᠴᠤᠭ᠎ᠠ ᠳᠤ ᠬᠠᠨᠳᠤᠭᠤᠯᠤᠭᠰᠠᠨ ᠡᠯ᠎ᠡ ᠲᠥᠷᠥᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ ᠂ ᠠᠰᠢᠭ ᠬᠦᠷᠲᠡᠭᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃

      ᠬᠤᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠦᠷᠭᠦᠯᠵᠢᠯᠡᠨ ᠢᠯᠡᠷᠡᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠥᠷᠢᠰᠦᠯᠳᠦᠨ ᠣᠷᠭᠢᠯᠪᠠ

      ︵ᠨᠢᠭᠡ︶ ᠠᠵᠤ ᠠᠬᠤᠶᠢᠯᠠᠯ ᠤᠨ ᠰᠢᠨ᠎ᠡ ᠡᠭᠦᠳᠦᠯᠲᠡ ᠠᠮᠢᠵᠢᠷᠠᠯ ᠤᠨ ᠬᠦᠴᠦᠨ ᠢᠶᠠᠷ ᠪᠢᠯᠬᠠᠪᠠ᠃ ᠠᠵᠤ ᠠᠬᠤᠶᠢᠯᠠᠯ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠣᠷᠣᠭᠤᠯᠤᠯᠲᠠ ᠶᠢᠨ ᠲᠤᠯᠭᠠᠭᠤᠷᠢ ᠬᠦᠴᠦᠨ ᠪᠣᠯᠤᠭᠰᠠᠨ ᠤ ᠬᠤᠪᠢ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠠ ᠵᠠᠩᠭᠢᠯᠠᠭ᠎ᠠ ᠶᠢᠨ ᠬᠦᠴᠦᠨ ᠵᠦᠢᠯ ᠪᠣᠯᠣᠨ᠎ᠠ᠃ 2022 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 3583 ᠠᠵᠤ ᠠᠬᠤᠶᠢᠯᠠᠯ ᠤᠨ ᠳᠣᠲᠣᠷ᠎ᠠ᠂ R&D ᠤᠨ ᠠᠵᠢᠯᠯᠠᠭ᠎ᠠ ᠥᠷᠨᠢᠭᠦᠯᠦᠭᠰᠡᠨ ᠨᠢ 708 ᠪᠠᠶᠢᠵᠤ᠂ 2011 ᠣᠨ ᠤ 4.8 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 15.2% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠪᠦᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 19.8% ᠶᠢ ᠡᠵᠡᠯᠡᠪᠡ᠃ 2011 ᠣᠨ ᠤ ᠬᠢ ᠠᠴᠠ 16.2 ᠵᠠᠭᠤᠨ ᠤ ᠴᠡᠭ ᠢᠶᠠᠷ ᠳᠡᠭᠡᠭᠰᠢᠯᠡᠵᠡᠢ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ R&D ᠵᠠᠷᠤᠳᠠᠯ ᠤᠨ ᠣᠷᠣᠭᠤᠯᠤᠯᠲᠠ 170.9 ᠳ᠋ᠦᠩᠰᠢᠭᠤᠷ ᠲᠥᠭᠦᠷᠢᠭ ᠲᠤ ᠬᠦᠷᠴᠦ᠂ 2011 ᠣᠨ ᠤ 2.4 ᠳᠠᠬᠢᠨ ᠪᠣᠯᠵᠤ᠂ ᠪᠥᠬᠦ ᠨᠡᠶᠢᠭᠡᠮ ᠤᠨ R&D ᠵᠠᠷᠤᠳᠠᠯ ᠤᠨ ᠣᠷᠣᠭᠤᠯᠤᠯᠲᠠ ᠶᠢᠨ 81.5% ᠶᠢ ᠡᠵᠡᠯᠡᠵᠦ᠂ ᠵᠢᠯ ᠪᠦᠷᠢ ᠳᠤᠮᠳᠠᠴᠢ ᠪᠠᠷ 8.4% ᠨᠡᠮᠡᠭᠳᠡᠪᠡ᠃

      ︵ᠬᠤᠶᠠᠷ︶ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠨᠢ ᠵᠡᠷᠭᠡ ᠪᠠᠷ ᠳᠡᠭᠡᠭᠰᠢᠯᠡᠪᠡ᠃ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠬᠡᠳᠦᠨ ᠠᠷᠪᠠᠨ ᠵᠢᠯ ᠤᠨ ᠬᠥᠭᠵᠢᠯᠲᠡ ᠪᠠᠷ ᠳᠡᠮᠵᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠷᠸ᠎ᠠ ᠣᠷᠴᠢᠨ ᠨᠦᠬᠦᠴᠡᠯ ᠲᠠᠰᠤᠷᠠᠯᠲᠠ ᠦᠭᠡᠢ ᠰᠠᠶᠢᠵᠢᠷᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠬᠤ ᠠᠭᠤᠷ ᠠᠮᠢᠰᠬᠤᠯ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠢᠳᠡᠪᠬᠢ ᠴᠢᠨᠠᠷ ᠪᠠ ᠪᠦᠲᠦᠭᠡᠯᠴᠢ ᠴᠢᠨᠠᠷ ᠢ ᠲᠤᠶᠢᠯ ᠤᠨ ᠶᠡᠭᠡ ᠪᠠᠷ ᠬᠥᠭᠵᠢᠭᠡᠪᠡ᠃ 2022 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠰᠬᠠᠢ ᠠᠰᠢᠭ ᠭᠤᠶᠤᠴᠢᠯᠠᠭᠰᠠᠨ ᠲᠤᠭ᠎ᠠ 9065 ᠬᠤᠪᠢ ᠪᠠᠶᠢᠵᠤ᠂ 2011 ᠣᠨ ᠤ 7.3 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 19.7% ᠨᠡᠮᠡᠭᠳᠡᠪᠡ᠃ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠡᠭᠡ ᠪᠠᠷ ᠨᠡᠮᠡᠭᠳᠡᠬᠦ ᠶᠢᠨ ᠵᠡᠷᠭᠡ ᠪᠠᠷ ᠲᠤᠰᠬᠠᠢ ᠠᠰᠢᠭ ᠤᠨ ᠶᠠᠰᠤ ᠴᠢᠨᠠᠷ ᠴᠤ ᠵᠡᠷᠭᠡ ᠪᠠᠷ ᠳᠡᠭᠡᠭᠰᠢᠯᠡᠵᠡᠢ᠃ ᠰᠢᠨ᠎ᠡ ᠶᠢ ᠡᠭᠦᠳᠬᠦ ᠬᠢᠷᠢ ᠲᠦᠪᠰᠢᠨ ᠢ ᠬᠠᠮᠤᠭ ᠠᠴᠠ ᠰᠠᠶᠢᠨ ᠢᠯᠡᠷᠡᠭᠦᠯᠵᠦ ᠳᠡᠶᠢᠯᠬᠦ ᠡᠭᠦᠳᠦᠯᠲᠡ ᠶᠢᠨ ᠲᠤᠰᠬᠠᠢ ᠠᠰᠢᠭ ᠢᠶᠠᠷ ᠵᠢᠱᠢᠶᠡᠯᠡᠪᠡᠯ᠂ 2022 ᠣᠨ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠴᠦᠨ ᠲᠠᠢ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ 7911 ᠬᠤᠪᠢ ᠳᠤ ᠬᠦᠷᠴᠦ᠂ 2011 ᠣᠨ ᠤ 16.9 ᠲᠠᠬᠢᠨ ᠪᠣᠯᠵᠤ᠂ ᠵᠢᠯ ᠳᠤᠮᠳᠠᠴᠢ ᠪᠠᠷ 29.3% ᠨᠡᠮᠡᠭᠳᠡᠪᠡ︔ ᠳ᠋ᠦᠩᠰᠢᠭᠤᠷ ᠲᠥᠭᠦᠷᠢᠭ ᠪᠦᠷᠢ ᠶᠢᠨ ᠰᠤᠳᠤᠯᠤᠨ ᠨᠡᠭᠡᠭᠡᠬᠦ ᠵᠠᠷᠤᠳᠠᠯ ᠳᠠᠬᠢ ᠬᠦᠴᠦᠨ ᠲᠠᠢ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ ᠳᠤᠮᠳᠠᠴᠢ ᠪᠠᠷ 46.3 ᠬᠤᠪᠢ ᠪᠠᠶᠢᠵᠤ᠂ 2011 ᠣᠨ ᠤ ᠬᠢ ᠠᠴᠠ 39.6 ᠬᠤᠪᠢ ᠳᠡᠭᠡᠭᠰᠢᠯᠡᠵᠦ᠂ ᠲᠤᠰᠬᠠᠢ ᠠᠰᠢᠭ ᠤᠨ ᠦᠢᠯᠡᠳᠬᠦᠨ ᠤ ᠦᠷ᠎ᠡ ᠠᠰᠢᠭ ᠮᠡᠳᠡᠭᠳᠡᠬᠦᠶᠢᠴᠡ ᠳᠡᠭᠡᠭᠰᠢᠯᠡᠪᠡ᠃

      ︵ᠭᠤᠷᠪᠠ︶ ᠴᠢᠬᠤᠯᠠ ᠶᠡᠭᠡ ᠦᠷ᠎ᠡ ᠪᠦᠲᠦᠭᠡᠯ ᠤᠳ ᠦᠷᠢᠰᠦᠯᠳᠦᠨ ᠴᠣᠯᠭᠤᠷᠠᠪᠠ᠃ ᠮᠠᠨ ᠤ ᠣᠷᠣᠨ ᠠᠵᠤ ᠦᠢᠯᠡᠰ ᠤᠨ 8 ᠶᠡᠭᠡ ᠪᠦᠯᠦᠭᠵᠢᠯ ᠪᠠ ᠭᠤᠣᠯᠳᠠᠯᠭ᠎ᠠ ᠪᠣᠯᠬᠤ 16 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠪᠠ ︽ᠮᠣᠷᠢ ᠤᠷᠤᠯᠳᠤᠬᠤ ᠳᠦᠷᠢᠮ︾ ᠢ ᠬᠡᠷᠡᠭᠵᠢᠭᠦᠯᠦᠨ᠂ ᠦᠷ᠎ᠡ ᠶᠢᠨ ᠦᠢᠯᠡᠰ᠂ ︽ᠬᠤᠣᠰ ᠨᠡᠭᠦᠷᠡᠰᠦᠲᠥ᠋ᠷᠥᠭᠴᠢ︾᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ᠂ ᠬᠤᠪᠣᠷ ᠰᠢᠷᠣᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠪᠦᠬᠦ ᠤᠯᠤᠰ ᠤᠨ ᠰᠢᠨᠵᠢᠯᠡᠬᠦ ᠤᠬᠠᠭᠠᠨ ᠰᠤᠳᠤᠯᠭᠠᠨ ᠤ ᠪᠦᠯᠬᠦᠮ ᠤᠨ ᠵᠠᠷᠯᠠᠯ ᠬᠦᠯᠢᠶᠡᠨ ᠪᠣᠭᠤᠮᠲᠠ ᠰᠢᠪᠲᠤᠯᠬᠤ ᠢᠳᠡᠪᠬᠢᠵᠢᠯ ᠢ ᠲᠠᠲᠠᠪᠠ᠃ 2023 ᠣᠨ ᠳᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 11 ᠵᠦᠢᠯ ᠤᠨ ᠡᠭᠦᠷᠭᠡ ᠶᠢ ᠡᠭᠦᠷᠭᠡᠯᠡᠵᠦ᠂ 4 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ ᠴᠢᠷᠮᠠᠶᠢᠨ ᠣᠯᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠬᠤᠸᠠ ᠰᠢ ᠦᠬᠡᠷ᠂ ᠳ᠋ᠦ᠋ ᠮᠧᠩ ᠬᠤᠨᠢ ᠶᠢ ᠠᠮᠵᠢᠯᠲᠠᠲᠠᠢ ᠪᠣᠶᠢᠵᠢᠭᠤᠯᠵᠤ᠂ ᠲᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠡᠬᠡ ᠬᠠᠭᠤᠷᠠᠢ ᠶᠢᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ᠂ ᠠᠭᠤᠷᠬᠠᠢ ᠶᠢᠨ ᠰᠢᠨ᠎ᠡ ᠡᠨᠧᠷᠭᠢ ᠶᠢᠨ ᠮᠠᠰᠢᠨ ᠬᠥᠮᠥᠨ᠂ ᠤᠰᠤᠲᠥ᠋ᠷᠥᠭᠴᠢ ᠲᠦᠯᠡᠰᠢ ᠶᠢᠨ ᠠᠭᠤᠷᠬᠠᠢ ᠳᠤ ᠬᠡᠷᠡᠭᠯᠡᠬᠦ ᠮᠠᠰᠢᠨ ᠲᠡᠷᠭᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠬᠦ ᠵᠡᠷᠭᠡ ᠨᠢᠭᠡ ᠪᠦᠯᠦᠭ ᠮᠡᠷᠭᠡᠵᠢᠯ ᠪᠥᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠥᠷᠪᠡ᠃

      ︵ᠳᠥᠷᠪᠡ︶ ᠰᠢᠨ᠎ᠡ ᠶᠢ ᠡᠭᠦᠳᠬᠦ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠪᠠ᠃ ᠮᠠᠨ ᠤ ᠣᠷᠣᠨ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ︽4+8+N︾ ᠬᠠᠮᠲᠤᠷᠠᠯᠴᠠᠭᠠᠨ ᠤ ᠲᠣᠭᠲᠠᠴᠠ ᠶᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠶᠢᠨ ᠲᠤᠰᠢᠶᠠᠯ ᠤᠨ ᠦᠷ᠎ᠡ ᠪᠦᠲᠦᠭᠡᠯ ᠢᠶᠠᠷ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠪᠡ᠃ 2022 ᠣᠨ ᠳᠤ᠂ ᠪᠥᠬᠦ ᠣᠷᠣᠨ ᠤ 24.6% ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠪᠤᠰᠤᠳ ᠨᠢᠭᠡᠴᠢ ᠲᠠᠢ ᠬᠠᠮᠲᠤᠷᠠᠯᠴᠠᠭ᠎ᠠ ᠥᠷᠨᠢᠭᠦᠯᠪᠡ᠃ ᠡᠭᠦᠨ ᠳᠤ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠥᠷᠨᠢᠭᠦᠯᠦᠭᠰᠡᠨ ᠬᠠᠷᠢᠴᠠᠯ ᠨᠢ ᠲᠣᠰ ᠲᠣᠰ 38.3%᠂ 31% ᠪᠠᠶᠢᠵᠤ᠂ ᠪᠤᠰᠤᠳ ᠨᠢᠭᠡᠴᠢ ᠳᠤ ᠨᠠᠶᠢᠳᠠᠵᠤ R&D ᠠᠵᠢᠯᠯᠠᠭ᠎ᠠ ᠥᠷᠨᠢᠭᠦᠯᠦᠭᠰᠡᠨ ᠵᠠᠷᠤᠳᠠᠯ ᠤᠨ ᠣᠷᠣᠭᠤᠯᠤᠯᠲᠠ ᠨᠢ 13 ᠳ᠋ᠦᠩᠰᠢᠭᠤᠷ ᠲᠥᠭᠦᠷᠢᠭ ᠲᠤ ᠬᠦᠷᠴᠦ᠂ 2011 ᠣᠨ ᠤ 4.5 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 14.6% ᠨᠡᠮᠡᠭᠳᠡᠵᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠨᠤᠭᠤᠳ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠳᠤᠯᠭᠠᠨ ᠤ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ ︽ᠦᠢᠯᠡᠳᠪᠦᠷᠢᠯᠡᠯ ᠤᠨ ᠱᠤᠭᠤᠮ︾ ᠲᠡᠶᠢᠰᠢ ᠰᠢᠯᠵᠢᠭᠦᠯᠬᠦ ᠳᠤ ᠢᠳᠡᠪᠬᠢᠲᠡᠢ ᠪᠥᠭᠡᠳ ᠪᠦᠲᠦᠮᠵᠢᠲᠡᠶ ᠠᠬᠢᠭᠤᠯᠬᠤ ᠦᠢᠯᠡᠳᠦᠯ ᠦᠵᠡᠭᠦᠯᠪᠡ᠃

      ︵ᠲᠠᠪᠤ︶ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠲᠦᠯᠦᠨ ᠳᠠᠭᠠᠭᠤᠯᠭ᠎ᠠ ᠳᠣᠣᠷ᠎ᠠ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠲᠤ ᠦᠷᠭᠦᠯᠵᠢᠯᠡᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠵᠦ᠂ ᠨᠢᠭᠡᠨᠲᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠴᠢᠬᠤᠯᠠ ᠬᠦᠴᠦᠨ ᠪᠣᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠰᠠᠭᠤᠷᠢ ᠲᠠᠯᠪᠢᠵᠤ ᠥᠭᠴᠡᠢ᠃ 2022 ᠣᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 18.1 ᠳ᠋ᠦᠩᠰᠢᠭᠤᠷ ᠲᠥᠭᠦᠷᠢᠭ ᠤᠨ R&D ᠤᠨ ᠵᠠᠷᠤᠳᠠᠯ ᠣᠷᠣᠭᠤᠯᠵᠤ᠂ 2015 ᠣᠨ ᠤ 3 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 17% ᠨᠡᠮᠡᠭᠳᠡᠨ᠂ ᠠᠳᠠᠯᠢ ᠬᠤᠭᠤᠴᠠᠭᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ R&D ᠤᠨ ᠵᠠᠷᠤᠳᠠᠯ ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 11.7 ᠵᠠᠭᠤᠨ ᠤ ᠴᠡᠭ ᠢᠶᠠᠷ ᠥᠨᠳᠥᠷ ᠪᠣᠯᠪᠠ︔ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2.6% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠤ 4.3 ᠳᠠᠬᠢᠨ ᠪᠣᠯᠵᠠᠢ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠣᠨᠤᠭ ᠲᠦᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠠᠵᠤ ᠦᠢᠯᠡᠰ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳ᠋ᠢᠵᠢᠲ᠋ᠠᠯᠴᠢᠯᠠᠭᠰᠠᠨ ᠪᠦᠲᠦᠭᠡᠯᠴᠢ ᠰᠡᠳᠬᠢᠮᠵᠢ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠡᠷᠭᠡ ᠪᠠᠷ ᠲᠥᠯᠥᠭᠡᠯᠡᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠠᠵᠤ ᠠᠬᠤᠢ ᠶᠢᠨ ᠦᠷ᠎ᠡ ᠠᠰᠢᠭ ᠨᠢ ᠦᠷᠭᠦᠯᠵᠢᠯᠡᠨ ᠢᠯᠡᠷᠬᠡᠢ ᠪᠣᠯᠪᠠ᠃ 2023 ᠣᠨ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠤᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 6.1 ᠵᠠᠭᠤᠨ ᠤ ᠴᠡᠭ ᠥᠨᠳᠥᠷ ᠪᠣᠯᠵᠠᠢ᠃

      ᠰᠢᠨ᠎ᠡ ᠶᠢ ᠡᠭᠦᠳᠬᠦ ᠬᠦᠴᠦᠷᠬᠡᠭᠵᠢᠪᠡᠯ ᠡᠷᠡᠮᠡᠬᠡᠶᠢᠯᠡᠨ ᠲᠡᠮᠡᠴᠡᠭᠴᠢᠳ ᠲᠦᠷᠦᠭᠦᠯᠡᠨ᠎ᠡ᠃ 75 ᠵᠢᠯ ᠤᠨ ᠲᠤᠷᠰᠢ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠰᠢᠨᠵᠢᠯᠡᠬᠦ ᠤᠬᠠᠭᠠᠨ ᠲᠡᠶᠢᠰᠢ ᠤᠷᠤᠭᠰᠢᠯᠠᠬᠤ ᠪᠦᠷᠢᠶ᠎ᠡ ᠶᠢ ᠬᠠᠩᠭᠢᠨᠠᠭᠤᠯᠤᠭᠰᠠᠨ ᠠᠴᠠ᠂ ᠥᠭᠡᠷᠡᠴᠢᠯᠡᠯᠲᠡ ᠨᠡᠭᠡᠭᠡᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠬᠦ ᠨᠤᠲᠠᠯᠠᠯᠲᠠ ᠶᠢ ᠳᠤᠷᠠᠳᠤᠭᠰᠠᠨ ᠬᠦᠷᠲᠡᠯ᠎ᠡ᠂ ᠲᠠᠬᠢᠭᠠᠳ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠬᠦᠷᠲᠡᠯ᠎ᠡ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠶᠡᠷᠦ ᠪᠤᠰᠤ ᠶᠢᠨ ᠬᠥᠭᠵᠢᠯᠲᠡ ᠶᠢᠨ ᠵᠠᠮ ᠢᠶᠠᠷ ᠵᠠᠮᠨᠠᠪᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠪᠢᠳᠡ ᠣᠳᠣᠬᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠠᠶᠢᠨ ᠬᠠᠨᠳᠤᠰᠢ ᠶᠢ ᠬᠤᠪᠢ ᠲᠠᠬᠢᠨ ᠨᠠᠨᠳᠢᠩᠨᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠨ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ