ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/9/4

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

    ᠥᠪᠥᠷ ᠵᠠᠰᠠᠭ ᠠᠯᠪᠠᠨ ᠲᠠᠷᠬᠠᠭᠠᠭᠰᠠᠨ 〔2024〕 35 ᠳ᠋ᠤᠭᠠᠷ ᠲᠣᠭᠠᠲᠤ

ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃

    ᠨᠢᠭᠡ᠂ ᠶᠡᠷᠦᠩᠬᠡᠢ ᠱᠠᠭᠠᠷᠳᠠᠯᠭ᠎ᠠ

    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠮᠥᠨ ᠤ ᠠᠮᠢ ᠨᠠᠰᠤ ᠪᠠ ᠡᠷᠡᠭᠦᠯ ᠡᠩᠬᠡ ᠶᠢ ᠬᠠᠮᠠᠭᠠᠯᠠᠬᠤ ᠪᠠᠷ ᠵᠣᠷᠢᠯᠲᠠ ᠪᠣᠯᠭᠠᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠶᠢ ᠳᠠᠶᠢᠴᠢᠯᠠᠬᠤ ᠪᠠᠷ ᠳᠠᠮᠵᠢᠭᠤᠯᠵᠤ᠂ ︽ᠠᠪᠤᠷᠠᠯᠲᠠ ᠳᠡᠷᠭᠡᠳᠡ ᠴᠢᠨᠢ︾ ᠭᠡᠬᠦ 10 ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠵᠢᠷᠦᠬᠡ ᠠᠭᠤᠰᠬᠢᠨ ᠤ ᠰᠡᠷᠭᠦᠭᠡᠯᠲᠡ ᠬᠢᠭᠡᠳ ᠪᠡᠶ᠎ᠡ ᠶᠢᠨ ᠭᠠᠳᠠᠨ᠎ᠠ ᠠᠴᠠ ᠴᠡᠴᠡᠷᠡᠬᠦ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ ︵AED ᠮᠠᠰᠢᠨ︶ ᠤᠨ ᠬᠡᠷᠡᠭᠯᠡᠯᠲᠡ᠂ ᠠᠮᠢᠰᠬᠤᠯ ᠤᠨ ᠵᠠᠮ ᠤᠨ ᠣᠨᠳᠣᠣ ᠪᠣᠳᠠᠰ ᠤᠨ ᠲᠦᠭᠵᠢᠷᠡᠯ᠂ ᠰᠢᠷᠬᠠᠲᠤᠭᠰᠠᠨ ᠢ ᠠᠪᠤᠷᠠᠬᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠵᠡᠷᠭᠡ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠳᠡᠯᠭᠡ ᠮᠡᠷᠭᠡᠰᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠂ 2030 ᠣᠨ ᠪᠤᠯᠲᠠᠯ᠎ᠠ᠂ ᠪᠥᠬᠦ ᠤᠯᠤᠰ ᠤᠨ ᠳᠤᠮᠳᠠ ᠵᠡᠷᠭᠡ ᠠᠴᠠ ᠳᠡᠭᠡᠭᠰᠢᠬᠢ ᠬᠠᠷᠠᠯᠲᠠ ᠳᠤ ᠬᠦᠷᠦᠭᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ 70 ᠲᠦᠮᠡᠨ ᠬᠥᠮᠥᠨ ᠤᠳᠠᠭ᠎ᠠ ᠠᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ ᠳᠤ ︽ᠳᠣᠯᠣᠳᠤᠭᠠᠷ ᠨᠡᠶᠢᠳᠡᠮ ᠪᠠᠶᠢᠴᠠᠭᠠᠯᠲᠠ︾ ᠶᠢᠨ ᠬᠥᠮᠥᠨ ᠠᠮᠠ ᠳᠠᠬᠢ ᠨᠡᠶᠢᠲᠡ ᠲᠦᠭᠡᠮᠡᠯᠵᠢᠭᠦᠯᠦᠭᠰᠡᠨ ᠨᠣᠷᠮ᠎ᠠ ᠶᠢᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠤᠨ ᠲᠦᠪᠰᠢᠨ ᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠨᠡᠮᠯᠡᠯ ᠠᠪᠬᠤ ᠬᠥᠮᠥᠨ ᠤ ᠲᠤᠭ᠎ᠠ ᠶᠢ 8 ᠲᠦᠮᠡ ᠢᠯᠡᠭᠦᠦ ᠨᠡᠮᠡᠭᠳᠡᠭᠦᠯᠵᠦ᠂ 2030 ᠣᠨ ᠪᠣᠯᠬᠤ ᠳᠤ᠂ ︽ᠳᠣᠯᠣᠳᠤᠭᠠᠷ ᠨᠡᠶᠢᠳᠡᠮ ᠪᠠᠶᠢᠴᠠᠭᠠᠯᠲᠠ︾ ᠶᠢᠨ ᠬᠥᠮᠥᠨ ᠠᠮᠠ ᠳᠠᠬᠢ ᠦᠨᠡᠮᠯᠡᠯ ᠠᠪᠤᠭᠰᠠᠨ ᠬᠥᠮᠥᠨ ᠤ ᠲᠤᠭ᠎ᠠ ᠶᠢᠨ ᠡᠵᠡᠯᠡᠬᠦ ᠬᠠᠷᠢᠴᠠᠯ ᠢ 4.2% ᠠᠴᠠ ᠳᠡᠭᠡᠭᠰᠢ ᠳᠤ ᠬᠦᠷᠦᠭᠦᠯᠵᠦ᠂ ᠡᠮᠨᠡᠯᠭᠡ ᠳᠤ ᠰᠠᠭᠤᠬᠤ ᠠᠴᠠ ᠡᠮᠦᠨᠡᠬᠢ ᠲᠦᠷᠭᠡᠨ ᠠᠪᠤᠷᠠᠯᠲᠠ ᠳᠤ ᠣᠷᠣᠯᠴᠠᠬᠤ ᠣᠯᠠᠨ ᠨᠡᠶᠢᠲᠡ ᠶᠢᠨ ᠬᠠᠷᠢᠴᠠᠯ ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠲᠡᠬᠡᠭᠰᠢᠯᠡᠬᠦᠯᠦᠨ᠎ᠡ᠃ 2030 ᠣᠨ ᠪᠤᠯᠲᠠᠯ᠎ᠠ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ AED ᠮᠠᠰᠢᠨ ᠢ 10 ᠲᠦᠮᠡᠨ ᠬᠥᠮᠥᠨ ᠪᠦᠷᠢ ᠳᠤ 30 ᠰᠠᠤᠷᠢ ᠲᠣᠬᠢᠷᠠᠭᠤᠯᠤᠨ ᠤᠭᠰᠠᠷᠠᠵᠤ᠂ ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠭᠠᠨ ᠳᠤ ᠬᠠᠮᠤᠷᠠᠭᠤᠯᠬᠤ ᠶᠢ ᠪᠡᠶᠡᠯᠡᠭᠦᠯᠦᠨ᠎ᠡ᠃ A ᠲᠠᠰ ᠤᠨ ᠦᠵᠡᠮᠵᠢ ᠶᠢᠨ ᠣᠷᠣᠨ ᠳᠤ ᠠᠪᠤᠷᠠᠯᠲᠠ ᠶᠢᠨ ᠥᠷᠲᠡᠭᠡ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠤᠯᠭᠠᠬᠤ ᠶᠢ ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠳᠤ ᠣᠷᠣᠯᠴᠠᠭᠤᠯᠵᠤ᠂ ︽ᠠᠪᠤᠷᠠᠯᠲᠠ ᠳᠡᠷᠭᠡᠳᠡ ᠴᠢᠨᠢ︾ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ︽ᠬᠥᠮᠥᠨ ᠪᠦᠭᠦᠨ ᠲᠦᠷᠭᠡᠨ ᠠᠪᠤᠷᠠᠯᠲᠠ ᠬᠢᠬᠦ ᠶᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ ᠨᠢ ᠬᠥᠮᠥᠨ ᠪᠦᠭᠦᠨ ᠤ ᠲᠥᠯᠥᠭᠡ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠵᠤ᠂ ᠢᠳᠡᠪᠬᠢ ᠬᠦᠴᠦᠨ ᠢ ᠪᠠᠳᠠᠷᠠᠭᠤᠯᠤᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃

    ᠬᠤᠶᠠᠷ᠂ ᠭᠤᠣᠯ ᠡᠭᠦᠷᠭᠡ

    ︵ᠨᠢᠭᠡ︶ ︽ᠠᠪᠤᠷᠠᠯᠲᠠ ᠳᠡᠷᠭᠡᠳᠡ ᠴᠢᠨᠢ︾ ᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠃

    1. ︽ᠠᠪᠤᠷᠠᠯᠲᠠ ᠳᠡᠷᠭᠡᠳᠡ ᠴᠢᠨᠢ • ᠰᠤᠷᠭᠠᠭᠤᠯᠢ ᠶᠢᠨ ᠬᠦᠷᠢᠶᠡᠨ ᠳᠤ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠳᠤ ᠣᠷᠣᠭᠤᠯᠵᠤ᠂ ᠰᠤᠷᠤᠭᠴᠢᠳ ᠤᠨ ᠴᠡᠷᠢᠭ ᠤᠨ ᠪᠣᠯᠪᠠᠰᠤᠷᠠᠯ ᠳᠤ ᠣᠷᠣᠭᠤᠯᠤᠨ᠂ ᠶᠡᠭᠡ ᠳᠡᠭᠡᠳᠦ ᠰᠤᠷᠭᠠᠭᠤᠯᠢ ᠨᠤᠭᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠬᠠᠮᠢᠶ᠎ᠠ ᠪᠦᠬᠦᠢ ᠰᠣᠩᠭᠤᠨ ᠰᠤᠷᠬᠤ ᠬᠢᠴᠢᠶᠡᠯ ᠲᠣᠬᠢᠷᠠᠭᠤᠯᠬᠤ ᠶᠢᠨ ᠬᠠᠮᠲᠤ ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠳᠤ ᠣᠷᠣᠭᠤᠯᠬᠤ ᠶᠢ ᠨᠢ ᠵᠣᠷᠢᠭᠵᠢᠭᠤᠯᠵᠤ᠂ ᠨᠥᠬᠦᠴᠡᠯ ᠲᠠᠢ ᠳᠤᠮᠳᠠᠳᠤ ᠰᠤᠷᠭᠠᠭᠤᠯᠢ ᠨᠢ ᠲᠦᠷᠭᠡᠨ ᠠᠪᠤᠷᠠᠯᠲᠠ ᠬᠢᠬᠦ ᠬᠥᠮᠦᠵᠢᠯ ᠢ ᠰᠤᠷᠭᠠᠭᠤᠯᠢ ᠶᠢᠨ ᠬᠢᠴᠢᠶᠡᠯ ᠤᠨ ᠳᠡᠪᠲᠡᠷ ᠲᠤ ᠪᠠᠨ ᠣᠷᠣᠭᠤᠯᠵᠤ ᠬᠢᠴᠢᠶᠡᠯᠯᠡᠨ᠎ᠡ᠃ ᠰᠤᠷᠭᠠᠭᠤᠯᠢ ᠶᠢᠨ ᠡᠮᠴᠢ᠂ ᠪᠡᠶ᠎ᠡ ᠶᠢᠨ ᠲᠠᠮᠢᠷ ᠬᠢᠭᠡᠳ ᠡᠷᠡᠭᠦᠯ ᠡᠩᠬᠡ ᠶᠢᠨ ᠬᠢᠴᠢᠶᠡᠯ ᠤᠨ ᠪᠠᠭᠰᠢ᠂ ᠠᠩᠭᠢ ᠶᠢᠨ ᠡᠷᠬᠢᠯᠡᠭᠴᠢ ᠵᠡᠷᠭᠡ ᠭᠤᠣᠯᠳᠠᠯᠭ᠎ᠠ ᠲᠠᠢ ᠪᠠᠭᠰᠢ ᠠᠵᠢᠯᠲᠠᠨ ᠠᠵᠢᠯᠴᠢᠳ ᠲᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠪᠣᠯᠪᠠᠰᠤᠷᠠᠯ ᠥᠷᠨᠢᠭᠦᠯᠵᠦ᠂ 2030 ᠣᠨ ᠪᠣᠯᠬᠤ ᠳᠤ ᠦᠨᠡᠮᠯᠡᠯ ᠠᠪᠤᠭᠰᠠᠨ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ᠃ ᠪᠠᠭᠰᠢ ᠠᠵᠢᠯᠲᠠᠨ ᠠᠵᠢᠯᠴᠢᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠠᠯ᠎ᠠ ᠪᠠᠷ ᠬᠢ ᠪᠠᠭᠰᠢ ᠨᠠᠷ ᠤᠨ ᠪᠣᠯᠪᠠᠰᠤᠷᠠᠯ ᠥᠷᠨᠢᠭᠦᠯᠬᠦ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠠᠳᠠᠭ ᠲᠤ ᠪᠠᠨ 1 ᠲᠤᠰᠬᠠᠢ ︵ᠬᠠᠪᠰᠤᠷᠭᠠᠭᠰᠠᠨ︶ ᠲᠤᠰᠢᠶᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠲᠠᠢ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ ᠲᠦᠷᠭᠡᠨ ᠠᠪᠤᠷᠠᠯᠲᠠ ᠶᠢᠨ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ᠂ ᠰᠢᠶᠠᠩ ᠪᠠᠯᠭᠠᠰᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠤᠨ ᠴᠡᠭ ᠲᠣᠭᠲᠠᠭᠠᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠤᠨ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠶᠢ ᠲᠣᠬᠢᠷᠠᠭᠤᠯᠵᠤ᠂ ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠣᠷᠢᠯᠲᠠ ᠥᠷᠨᠢᠭᠦᠯᠦᠨ᠂ ᠰᠤᠷᠭᠠᠭᠤᠯᠢ ᠶᠢᠨ ᠬᠦᠷᠢᠶᠡᠨ  ᠤ ᠬᠢᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠶᠢ ᠲᠡᠬᠡᠭᠰᠢᠯᠡᠬᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ᠂ ᠲᠡᠷᠢᠭᠦᠨ ᠳᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶

    2. ︽ᠠᠪᠤᠷᠠᠯᠲᠠ ᠳᠡᠷᠭᠡᠳᠡ ᠴᠢᠨᠢ • ᠵᠠᠮ ᠬᠠᠷᠢᠯᠴᠠᠭ᠎ᠠ ᠬᠠᠨᠢ ᠪᠣᠯᠣᠶ᠎ᠠ︾ ᠭᠡᠬᠦ ᠠᠵᠢᠯᠯᠠᠭᠠᠨ᠃ ᠲᠦᠷᠢᠶᠡᠰᠦᠨ ᠮᠠᠰᠢᠨ ᠲᠡᠷᠭᠡ ᠵᠡᠷᠭᠡ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠠᠶᠠᠨᠴᠢᠳ ᠤᠨ ᠤᠷᠤᠰᠬᠠᠯ ᠶᠡᠬᠡᠲᠡᠢ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠠᠵᠢᠯᠲᠠᠨ ᠪᠠ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠡᠷᠴᠢᠮ ᠢᠶᠠᠨ ᠴᠢᠩᠭᠠᠷᠠᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠪᠦᠬᠦᠨ ᠢ ᠬᠠᠮᠤᠷᠬᠤ ᠪᠠᠷ ᠬᠦᠴᠦᠯᠡᠨ ᠴᠢᠷᠮᠠᠶᠢᠵᠤ᠂ 2030 ᠣᠨ ᠪᠣᠯᠬᠤ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠨᠣᠷᠮ᠎ᠠ ᠶᠢ 30% ᠠᠴᠠ ᠳᠣᠣᠷ᠎ᠠ ᠦᠭᠡᠢ ᠪᠣᠯᠭᠠᠨ᠎ᠠ᠃ ᠵᠢᠯᠣᠭᠤᠴᠢ ᠶᠢᠨ ᠰᠤᠷᠭᠠᠭᠤᠯᠢ ᠨᠤᠭᠤᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠪᠣᠯᠪᠠᠰᠤᠷᠠᠯ ᠤᠨ ᠰᠢᠯᠭᠠᠬᠤ ᠠᠭᠤᠯᠭ᠎ᠠ ᠳᠤ ᠪᠠᠨ ᠣᠷᠣᠭᠤᠯᠬᠤ ᠶᠢ ᠨᠢ ᠵᠣᠷᠢᠭᠵᠢᠭᠤᠯᠵᠤ᠂ ᠰᠢᠨ᠎ᠡ ᠪᠠᠷ ᠵᠢᠯᠣᠭᠤᠴᠢ ᠶᠢᠨ ᠦᠨᠡᠮᠯᠡᠯ ᠭᠠᠷᠳᠠᠵᠦ ᠪᠠᠶᠢᠭ᠎ᠠ ᠬᠥᠮᠥᠰ ᠲᠤ ᠬᠠᠨᠳᠤᠭᠤᠯᠤᠭᠰᠠᠨ ᠪᠣᠯᠪᠠᠰᠤᠷᠠᠯ ᠪᠦᠭᠦᠨ ᠳᠤ ᠬᠠᠮᠤᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠭᠤᠣᠯ ᠪᠣᠯᠬᠤ ᠲᠦᠷᠭᠡᠨ ᠤ ᠲᠡᠮᠦᠷ ᠵᠠᠮ ᠤᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠬᠦᠢᠰᠦ᠂ ᠬᠤᠲᠠ ᠶᠢᠨ ᠵᠢᠮᠲᠦ ᠵᠠᠮ ᠬᠠᠷᠢᠯᠴᠠᠭ᠎ᠠ ᠵᠡᠷᠭᠡ ᠥᠷᠲᠡᠭᠡ ᠴᠡᠭ ᠲᠤ ᠡᠮᠴᠢᠯᠡᠭᠡᠨ ᠤ ᠲᠦᠷᠭᠡᠨ ᠠᠪᠤᠷᠠᠯᠲᠠ ᠬᠢᠬᠦ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠳᠤ ᠠᠵᠢᠯᠯᠠᠭᠰᠠᠳ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠳᠠᠬᠢ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠳᠦ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    3. ︽ᠠᠪᠤᠷᠠᠯᠲᠠ ᠳᠡᠷᠭᠡᠳᠡ ᠴᠢᠨᠢ • ᠪᠠᠶᠢᠭᠤᠯᠭ᠎ᠠ ᠤᠷᠢᠳ ᠢᠶᠠᠷ ᠬᠥᠳᠡᠯᠦᠯᠴᠡᠶ᠎ᠡ︾ ᠭᠡᠬᠦ ᠠᠵᠢᠯᠯᠠᠭᠠᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠲᠠᠢ ᠬᠠᠮᠲᠤᠷᠠᠯᠴᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠠᠯᠪᠠᠲᠠᠨ ᠤ ᠠᠩᠬᠠᠨ ᠤ ᠲᠤᠰᠢᠶᠠᠯ ᠳᠤ ᠭᠠᠷᠬᠤ ᠪᠣᠯᠪᠠᠰᠤᠷᠠᠯ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠺᠠᠳ᠋ᠷ ᠤᠨ ᠪᠣᠯᠪᠠᠰᠤᠷᠠᠯ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠭᠤᠣᠯ ᠴᠣᠭᠴᠠᠲᠤ ᠠᠩᠭᠢ ᠤᠳᠠᠭ᠎ᠠ ᠶᠢᠨ ᠵᠢᠭᠠᠨ ᠰᠤᠷᠭᠠᠯᠲᠠ ᠪᠠ ᠰᠦᠯᠵᠢᠶᠡᠨ ᠤ ᠳᠡᠭᠡᠳᠦ ᠰᠤᠷᠭᠠᠭᠤᠯᠢ ᠶᠢᠨ ᠰᠤᠷᠤᠯᠴᠠᠬᠤ ᠠᠭᠤᠯᠭ᠎ᠠ ᠳᠤ ᠤᠷᠤᠭᠤᠯᠬᠤ ᠲᠠᠯ᠎ᠠ ᠪᠠᠷ ᠰᠦᠪᠡᠭᠴᠢᠯᠡᠯᠲᠡ ᠬᠢᠵᠦ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠥᠪᠥᠷ ᠮᠣᠩᠭᠤᠯ ᠤᠨ ᠲᠠᠪᠴᠠᠩ ᠳᠤ ᠳᠡᠯᠭᠡᠨ ᠦᠵᠡᠭᠦᠯᠵᠦ᠂ ᠪᠠᠶᠢᠭᠤᠯᠭ᠎ᠠ ᠶᠢᠨ ᠺᠠᠳ᠋ᠷᠴᠤᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠂ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠷᠭᠡᠰᠢᠯ ᠢ ᠨᠢ ᠳᠡᠭᠡᠭᠰᠢᠯᠡᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠨᠦᠭᠦᠳ ᠢ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠡᠷᠬᠢᠯᠡᠬᠦᠯᠬᠦ ᠪᠠᠷ ᠰᠠᠨᠠᠭᠠᠴᠢᠯᠠᠬᠤ ᠶᠢᠨ ᠬᠠᠮᠲᠤ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶

    4. ︽ᠠᠪᠤᠷᠠᠯᠲᠠ ᠳᠡᠷᠭᠡᠳᠡ ᠴᠢᠨᠢ • ᠦᠵᠡᠮᠵᠢ ᠶᠢᠨ ᠣᠷᠣᠨ ᠳᠤ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ A ᠲᠠᠰ ᠤᠨ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠳᠤ ᠬᠠᠨᠳᠤᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠶᠢ ᠠᠬᠢᠭᠤᠯᠵᠤ᠂ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠶᠢᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠭᠠᠷᠳᠠᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯᠯᠠᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠪᠦᠬᠦ ᠣᠷᠣᠨ ᠤ 3A ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠪᠦᠭᠦᠨ ᠳᠤ AED ᠮᠠᠰᠢᠨ ᠲᠣᠬᠢᠷᠠᠭᠤᠯᠤᠨ ᠤᠭᠰᠠᠷᠠᠬᠤ ᠶᠢ ᠪᠡᠶᠡᠯᠡᠭᠦᠯᠦᠨ᠂ ᠨᠥᠬᠦᠴᠡᠯ ᠲᠠᠢ 4A ᠲᠠᠰ ᠤᠨ ᠦᠵᠡᠮᠵᠢ ᠶᠢᠨ ᠣᠷᠣᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠳᠡᠭᠡ ᠪᠠᠶᠢᠭᠤᠯᠬᠤ ᠶᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠣᠯᠭᠠᠬᠤ ᠶᠢ ᠪᠡᠶᠡᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠲᠤᠷᠠᠴᠤᠳ ᠤᠨ ᠡᠩᠨᠡᠭᠡ ᠶᠢ ᠪᠦᠷᠢᠨᠰᠢᠭᠦᠯᠵᠦ᠂ ᠤᠰᠤᠨ ᠳᠤ ᠴᠠᠴᠠᠬᠤ ᠦᠵᠡᠭᠳᠡᠯ ᠠᠮᠠᠷᠬᠠᠨ ᠡᠭᠦᠰᠬᠦ ᠭᠤᠣᠯᠳᠠᠯᠭ᠎ᠠ ᠲᠠᠢ ᠣᠷᠣᠨ ᠪᠦᠰᠡ ᠳᠤ ᠤᠰᠤᠨ ᠳᠤ ᠴᠠᠴᠠᠬᠤ ᠶᠢ ᠪᠣᠯᠭᠤᠮᠵᠢᠯᠠᠨ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ︽ᠦᠵᠡᠮᠵᠢ ᠶᠢᠨ ᠣᠷᠣᠨ ᠤ ᠠᠪᠤᠷᠠᠯᠲᠠ ᠶᠢᠨ ᠥᠷᠲᠡᠭᠡ + ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ︾ ᠤ ᠠᠵᠢᠯ ᠤᠨ ᠵᠠᠭᠪᠤᠷ ᠢ ᠢᠳᠡᠪᠬᠢᠲᠡᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠲᠦᠷᠦᠭᠦᠯᠡᠨ ᠬᠠᠷᠢᠭᠤᠴᠠᠨ᠎ᠠ︶

    5. ︽ᠠᠪᠤᠷᠠᠯᠲᠠ ᠳᠡᠷᠭᠡᠳᠡ ᠴᠢᠨᠢ • ᠠᠶᠤᠯ ᠦᠭᠡᠢ ᠦᠢᠯᠡᠳᠪᠦᠷᠢᠯᠡᠶ᠎ᠡ︾ ᠭᠡᠬᠦ ᠠᠵᠢᠯᠯᠠᠭᠠᠨ᠃ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠠᠭᠤᠷᠬᠠᠢ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠳ ᠲᠡᠶᠢᠰᠢ ᠬᠡᠯᠪᠡᠶᠢᠯᠭᠡᠵᠦ᠂ ᠠᠶᠤᠯ ᠶᠡᠬᠡᠲᠡᠢ ᠪᠠ ᠭᠤᠣᠯᠳᠠᠯᠭ᠎ᠠ ᠲᠠᠢ ᠠᠵᠢᠯ ᠤᠨ ᠪᠠᠶᠢᠷᠢᠨ ᠳᠠᠬᠢ ᠠᠵᠢᠯᠯᠠᠭᠰᠠᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠪᠣᠯᠪᠠᠰᠤᠷᠠᠯ ᠪᠠ ᠰᠣᠷᠢᠯᠲᠠ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠵᠢᠴᠢ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠷᠭᠡᠰᠢᠯ ᠢ ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ ᠬᠠᠷᠢᠭᠤᠴᠠᠨ᠎ᠠ︶

    6. ︽ᠠᠪᠤᠷᠠᠯᠲᠠ ᠳᠡᠷᠭᠡᠳᠡ ᠴᠢᠨᠢ • ᠪᠡᠶ᠎ᠡ ᠶᠢᠨ ᠲᠠᠮᠢᠷ ᠬᠠᠨᠢ ᠪᠣᠯᠣᠶ᠎ᠠ︾ ᠭᠡᠬᠦ ᠠᠵᠢᠯᠯᠠᠭᠠᠨ᠃ ᠪᠡᠶ᠎ᠡ ᠶᠢᠨ ᠲᠠᠮᠢᠷ ᠤᠨ ᠲᠠᠯᠠᠪᠤᠷ ︵ᠣᠷᠳᠣᠨ︶ ᠲᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠲᠠᠯᠠᠪᠤᠷ ᠣᠷᠳᠣᠨ ᠤ ᠠᠵᠢᠯᠲᠠᠳ᠂ ᠲᠠᠮᠢᠷ ᠤᠨ ᠠᠩᠭᠢ ᠶᠢᠨ ᠰᠢᠯᠢᠳᠡᠭ ᠳᠠᠰᠬᠠᠯᠵᠢᠭᠤᠯᠤᠭᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ ᠲᠤ ᠬᠠᠨᠳᠤᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠦᠨ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠦᠷᠭᠦᠯᠵᠢᠯᠡᠨ ᠳᠡᠬᠡᠭᠰᠢᠯᠡᠬᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠷᠭᠡᠰᠢᠯ ᠲᠠᠢ ᠲᠤᠰᠬᠠᠢ ᠮᠡᠷᠭᠡᠵᠢᠯ ᠤᠨ ᠰᠠᠶᠢᠨ ᠳᠤᠷᠠᠴᠤᠳ ᠢ ᠴᠢᠬᠤᠯᠠ ᠶᠡᠭᠡ ᠤᠷᠤᠯᠳᠤᠭᠠᠨ ᠪᠠ ᠠᠵᠢᠯᠯᠠᠭ᠎ᠠ ᠳᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠠᠯᠠᠮᠵᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠳᠤ ᠤᠷᠤᠯᠴᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    7. ︽ᠠᠪᠤᠷᠠᠯᠲᠠ ᠳᠡᠷᠭᠡᠳᠡ ᠴᠢᠨᠢ • ᠰᠠᠶᠢᠨ ᠳᠤᠷ᠎ᠠ ᠶᠢᠨ ᠦᠢᠯᠡᠴᠢᠯᠡᠭᠡ ᠬᠠᠮᠲᠤ ᠠᠶᠠᠯᠠᠶ᠎ᠠ︾ ᠭᠡᠬᠦ ᠠᠵᠢᠯᠯᠠᠭᠠᠨ᠃ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ ᠤᠨ ᠡᠳᠦᠷ ᠵᠡᠷᠭᠡ ᠲᠣᠬᠢᠶᠠᠯ ᠢ ᠠᠮᠵᠢᠭᠤᠯᠤᠨ᠂ ᠰᠢᠷᠢᠰ ᠭᠤᠣᠯ ᠰᠡᠳᠦᠪᠲᠦ ᠤᠬᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠴᠤᠤᠷᠢᠶᠠᠳᠠᠨ ᠳᠠᠭᠠᠬᠤ ᠪᠠ ᠣᠯᠠᠨ ᠲᠦᠮᠡᠨ ᠤ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠵᠦ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ ︽ᠠᠪᠤᠷᠠᠯᠲᠠ ᠳᠡᠷᠭᠡᠳᠡ ᠴᠢᠨᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ︽ᠪᠣᠯᠪᠠᠰᠤᠨ ᠰᠤᠷᠲᠠᠯ ᠢ ᠤᠯᠠᠮᠵᠢᠯᠠᠨ• ᠠᠮᠢ ᠨᠠᠰᠤ ᠶᠢ ᠬᠠᠮᠠᠭᠠᠯᠠᠰᠤᠭᠠᠢ︾ ᠭᠤᠣᠯ ᠰᠡᠳᠦᠪᠲᠦ ᠠᠵᠢᠯᠯᠠᠭ᠎ᠠ ᠳᠤ ᠣᠷᠣᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠳᠤ ᠨᠢ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ ᠬᠠᠷᠢᠭᠤᠴᠠᠨ᠎ᠠ︶

    8. ︽ᠠᠪᠤᠷᠠᠯᠲᠠ ᠳᠡᠷᠭᠡᠳᠡ ᠴᠢᠨᠢ • ᠨᠠᠰᠤᠲᠠᠨ ᠢ ᠠᠰᠠᠷᠠᠨ ᠬᠠᠷᠠᠭᠠᠯᠵᠠᠵᠤ ᠬᠠᠶᠢᠷᠠᠯᠠᠨ ᠬᠠᠮᠠᠭᠠᠯᠠᠶ᠎ᠠ︾ ᠭᠡᠬᠦ ᠠᠵᠢᠯᠯᠠᠭᠠᠨ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠭᠦᠨᠵᠡᠭᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠶᠢᠨ ᠬᠤᠯᠪᠣᠭᠠᠲᠤ ᠴᠣᠭᠴᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠲᠠᠯᠠᠪᠤᠷ ᠭᠠᠵᠠᠷ ᠪᠠᠶᠢᠭᠤᠯᠤᠨ᠂ ᠨᠠᠰᠤᠲᠠᠨ ᠢ ᠠᠰᠠᠷᠠᠬᠤ ᠠᠰᠠᠷᠠᠨ ᠰᠤᠪᠢᠯᠠᠭᠴᠢᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    9. ︽ᠠᠪᠤᠷᠠᠯᠲᠠ ᠳᠡᠷᠭᠡᠳᠡ ᠴᠢᠨᠢ • ᠠᠪᠤᠷᠠᠨ ᠲᠤᠰᠠᠯᠠᠬᠤ ᠬᠤᠰᠢᠭᠤᠴᠢ ᠪᠣᠯᠣᠶ᠎ᠠ︾ ᠭᠡᠬᠦ ᠠᠵᠢᠯᠯᠠᠭᠠᠨ᠃ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠠᠭᠤᠷᠬᠠᠢ ᠶᠢᠨ ᠠᠪᠤᠷᠠᠨ ᠲᠤᠰᠠᠯᠠᠬᠤ ᠬᠦᠴᠦᠨ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠪᠠᠨ ᠴᠢᠩᠭᠠᠳᠬᠠᠵᠤ᠂ 2030 ᠣᠨ ᠪᠣᠯᠬᠤ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠬᠠᠷᠢᠴᠠᠯ ᠢ 80% ᠠᠴᠠ ᠳᠣᠣᠷ᠎ᠠ ᠦᠭᠡᠢ ᠪᠠᠶᠢᠯᠭᠠᠨ᠂ ᠨᠥᠬᠦᠴᠡᠯ ᠲᠠᠢ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠤ ᠬᠢᠨ ᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠳᠣᠲᠣᠷ᠎ᠠ ᠨᠢᠭᠡ ᠪᠦᠯᠦᠭ ᠠᠪᠤᠷᠠᠨ ᠲᠤᠰᠠᠯᠠᠬᠤ ᠪᠠᠭᠰᠢ ᠨᠠᠷ ᠢ ᠬᠥᠮᠥᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠶᠢᠨ ᠥᠪᠡᠷ ᠢ  ᠪᠠᠨ ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠶᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    10. ︽ᠠᠪᠤᠷᠠᠯᠲᠠ ᠳᠡᠷᠭᠡᠳᠡ ᠴᠢᠨᠢ • ᠬᠢᠯᠢ ᠬᠢᠵᠠᠭᠠᠷ ᠢᠶᠠᠨ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ ᠬᠢᠯᠢ ᠶᠢᠨ ᠬᠤᠰᠢᠭᠤ ᠬᠤᠲᠠ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠲᠦᠭᠡᠮᠡᠯᠵᠢᠭᠦᠯᠬᠦ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ ᠴᠠᠭᠳᠠᠭ᠎ᠠ᠂ ᠬᠢᠯᠢ ᠬᠠᠮᠠᠭᠠᠯᠠᠭᠴᠢ᠂ ᠪᠠᠬᠢᠯᠡᠯᠲᠡᠲᠦ ᠡᠷᠦᠬᠡ ᠨᠦᠭᠦᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠭᠤᠣᠯᠳᠠᠯᠭ᠎ᠠ ᠲᠠᠢ ᠲᠡᠬᠡᠭᠰᠢᠯᠡᠬᠦᠯᠦᠨ᠎ᠡ᠃ ᠬᠢᠯᠢ ᠶᠢᠨ ᠬᠤᠰᠢᠭᠤ ᠬᠤᠲᠠ ᠳᠠᠬᠢ ᠲᠦᠷᠭᠡᠨ ᠠᠪᠤᠷᠠᠯᠲᠠ ᠶᠢᠨ ᠬᠠᠶᠢᠷᠴᠠᠭ ︵ᠪᠣᠭᠴᠣ︶᠂ AED ᠮᠠᠰᠢᠨ ᠤ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    ︵ᠬᠤᠶᠠᠷ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃

    1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ ᠤᠨ ᠡᠩᠨᠡᠭᠡ ᠶᠢ ᠪᠣᠶᠢᠵᠢᠭᠤᠯᠬᠤ ᠪᠠᠨ ᠴᠢᠩᠭᠠᠷᠠᠭᠤᠯᠤᠨ᠂ ᠠᠶᠢᠮᠠᠭ ᠬᠤᠲᠠ ᠶᠢᠨ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠶᠢ ᠠᠳᠠᠭ ᠲᠤ ᠪᠠᠨ 3 ᠪᠠᠶᠢᠯᠭᠠᠵᠤ᠂ ᠬᠤᠰᠢᠭᠤ ᠰᠢᠶᠠᠨ ᠤ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠶᠢ ᠠᠳᠠᠭ ᠲᠤ ᠪᠠᠨ 2 ᠪᠠᠶᠢᠯᠭᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠩ ᠲᠡᠷᠢᠭᠦᠨ ᠳᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠳ ᠤᠨ ᠲᠤᠰᠬᠠᠢ ᠮᠡᠷᠭᠡᠵᠢᠯ ᠤᠨ ᠠᠵᠢᠯᠲᠠᠳ ᠤᠨ ᠳᠣᠲᠣᠷ᠎ᠠ ᠠᠴᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠶᠢ ᠬᠥᠮᠥᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠳᠤ ᠣᠷᠣᠯᠴᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠳᠤ ᠤᠷᠤᠭᠤᠯᠬᠤ ᠶᠢ ᠵᠥᠪᠰᠢᠶᠡᠷᠡᠬᠦ ᠬᠢᠭᠡᠳ ᠡᠩᠨᠡᠭᠡᠨ ᠠᠴᠠ ᠪᠤᠴᠠᠭᠠᠨ ᠭᠠᠷᠭᠠᠬᠤ᠂ ᠤᠷᠮᠠᠰᠢᠭᠤᠯᠬᠤ ᠬᠢᠭᠡᠳ ᠰᠢᠯᠭᠠᠨ ᠬᠢᠨᠠᠬᠤ ᠵᠡᠷᠭᠡ ᠬᠠᠮᠢᠶ᠎ᠠ ᠪᠦᠬᠦᠢ ᠳᠦᠷᠢᠮ ᠤᠳ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠶᠢᠨ ᠬᠢᠷᠢ ᠭᠡᠮ ᠢ ᠵᠡᠷᠭᠡ ᠳᠡᠰ ᠬᠤᠪᠢᠶᠠᠬᠤ ᠪᠤᠶᠤ ᠤᠳᠤᠨ ᠲᠡᠰ ᠰᠢᠯᠭᠠᠷᠠᠭᠤᠯᠵᠤ ᠦᠨᠡᠯᠡᠨ ᠬᠠᠮᠢᠶᠠᠷᠬᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ᠂ ᠮᠡᠷᠭᠡᠰᠢᠯ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠵᠡᠷᠭᠡ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠨ᠂ ᠪᠠᠭᠰᠢ ᠨᠠᠷ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠢᠯᠴᠢᠨ ᠤ ᠶᠡᠷᠦᠩᠬᠡᠢ ᠡᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

    ︵ᠭᠤᠷᠪᠠ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠪᠣᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃

    1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠠᠭᠤᠷᠢᠨ᠂ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠪᠠᠶᠢᠭᠤᠯᠵᠤ᠂ 2030 ᠣᠨ ᠪᠣᠯᠬᠤ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠠᠳᠠᠭ ᠲᠤ ᠪᠠᠨ 1 ᠭᠠᠷᠭᠠᠬᠤ ᠪᠠᠷ ᠴᠢᠷᠮᠠᠶᠢᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠢᠭᠡᠨᠲᠡ ᠪᠠᠶᠢᠭ᠎ᠠ ᠪᠣᠯᠪᠠᠰᠤᠷᠠᠯ ᠤᠨ ᠵᠢᠭᠰᠠᠭᠠᠯ ᠤᠨ ᠭᠠᠵᠠᠷ ᠢ ᠲᠥᠪᠯᠡᠷᠡᠭᠦᠯᠦᠨ ᠵᠢᠭᠠᠨ ᠰᠤᠷᠭᠠᠬᠤ᠂ ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠠᠭᠤᠷᠢᠨ ᠲᠡᠶᠢᠰᠢ ᠠᠯᠬᠤᠮ ᠠᠯᠬᠤᠮ ᠢᠶᠠᠷ ᠬᠥᠭᠵᠢᠭᠦᠯᠦᠨ ᠥᠷᠭᠡᠳᠬᠡᠨ᠎ᠡ᠃ ᠨᠥᠬᠦᠴᠡᠯ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠣᠳᠣ ᠶᠢᠨ ᠪᠠᠶᠢᠭ᠎ᠠ ᠲᠠᠯᠠᠪᠤᠷ ᠭᠠᠵᠠᠷ ᠢᠶᠠᠨ ᠠᠰᠢᠭᠯᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ ᠳᠤ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶

    2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠦᠢᠰᠦ ᠪᠤᠶᠤ ᠦᠢᠯᠡᠴᠢᠯᠡᠭᠡᠨ ᠤ ᠲᠠᠯᠠᠪᠤᠷ ᠥᠷᠲᠡᠭᠡ ᠵᠡᠷᠭᠡ ᠳᠤ ᠠᠪᠤᠷᠠᠯᠲᠠ ᠶᠢᠨ ᠥᠷᠲᠡᠭᠡ ᠪᠠᠶᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠨᠤᠭᠤᠳ ᠲᠤ ᠨᠡᠶᠢᠳᠡᠮ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ ᠲᠣᠬᠢᠷᠠᠭᠤᠯᠤᠨ᠎ᠠ᠃ ᠰᠤᠷᠭᠠᠭᠤᠯᠢ ᠨᠤᠭᠤᠳ ᠨᠢ ᠭᠦᠢᠴᠡᠳ ᠬᠡᠮᠵᠢᠶᠡᠨ ᠤ ᠪᠣᠳᠠᠲᠤ ᠬᠡᠷᠡᠭᠴᠡᠭᠡ ᠲᠠᠢ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ ᠲᠣᠬᠢᠷᠠᠭᠤᠯᠵᠤ᠂ ᠨᠥᠬᠦᠴᠡᠯ ᠲᠠᠢ ᠰᠤᠷᠭᠠᠭᠤᠯᠢ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠪᠡᠯᠡᠳᠬᠡᠨ ᠲᠣᠬᠢᠷᠠᠭᠤᠯᠵᠤ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    3. ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠲᠣᠬᠢᠷᠠᠭᠤᠯᠤᠨ ᠪᠠᠶᠢᠷᠢᠯᠠᠭᠤᠯᠬᠤ ᠶᠢ ᠠᠬᠢᠭᠤᠯᠤᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ ᠳᠣᠣᠷᠠᠬᠢ ᠲᠡᠮᠦᠷ ᠵᠠᠮ ᠤᠨ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠠᠰᠠᠭ ᠵᠠᠬᠢᠷᠭᠠᠨ ᠤ ᠲᠥᠪ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠤᠭᠰᠠᠷᠠᠨ ᠲᠣᠬᠢᠷᠠᠭᠤᠯᠵᠤ᠂ ᠨᠥᠬᠦᠴᠡᠯ ᠲᠠᠢ ᠲᠦᠷᠭᠡᠨ ᠠᠪᠤᠷᠠᠬᠤ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠳᠤ ᠠᠯᠬᠤᠮ ᠠᠯᠬᠤᠮ ᠢᠶᠠᠷ ᠤᠭᠰᠠᠷᠠᠨ ᠲᠣᠬᠢᠷᠠᠭᠤᠯᠬᠤ ᠶᠢ ᠵᠣᠷᠢᠭᠵᠢᠭᠤᠯᠤᠨ᠎ᠠ᠃ AED ᠮᠠᠰᠢᠨ ᠤᠭᠰᠠᠷᠠᠨ ᠲᠣᠬᠢᠷᠠᠭᠤᠯᠤᠭᠰᠠᠨ ᠨᠢᠭᠡᠴᠢ ᠨᠢ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ AED ᠮᠠᠰᠢᠨ ᠤ ᠬᠡᠷᠡᠭᠯᠡᠵᠦ ᠪᠣᠯᠬᠤ ᠪᠠ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ AED ᠮᠠᠰᠢᠨ ᠢ ᠬᠡᠷᠡᠭᠯᠡᠬᠦ ᠪᠣᠯᠪᠠᠰᠤᠷᠠᠯ ᠢ ᠰᠠᠶᠢᠲᠤᠷ ᠠᠳᠬᠤᠵᠤ᠂ ᠠᠳᠠᠭ ᠲᠤ ᠪᠠᠨ 1:10 ᠬᠠᠷᠢᠴᠠᠯ ᠢᠶᠠᠷ ᠦᠨᠡᠮᠯᠡᠯ ᠲᠠᠢ ᠠᠪᠤᠷᠠᠯᠲᠠ ᠬᠢᠭᠴᠢ ᠶᠢ ᠪᠣᠯᠪᠠᠰᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶

    4. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠶᠢᠨ ᠬᠡᠪ ᠵᠠᠭᠪᠤᠷ ᠢ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠪᠣᠯᠪᠠᠰᠤᠷᠠᠯ ᠤᠨ ︽ᠵᠢᠭᠠᠬᠤ ᠰᠢᠯᠭᠠᠬᠤ ᠶᠢ ᠰᠠᠯᠭᠠᠨ ᠲᠤᠰᠠᠭᠠᠷᠯᠠᠬᠤ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠰᠢᠯᠭᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠠᠪᠤᠷᠠᠯᠲᠠ ᠬᠢᠭᠴᠢ ᠶᠢᠨ ᠦᠨᠡᠮᠯᠡᠯ ᠠᠪᠬᠤ ᠰᠢᠯᠭᠠᠯᠲᠠ ᠶᠢ ᠨᠢᠭᠡᠳᠦᠯᠲᠡᠢ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ ᠬᠢᠷᠢ ᠭᠡᠮ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠪᠣᠯᠪᠠᠰᠤᠷᠠᠯ ᠡᠷᠬᠢᠯᠡᠬᠦ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠨᠡᠶᠢᠭᠡᠮᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    ︵ᠳᠥᠷᠪᠡ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠲᠣᠭᠠᠵᠢᠭᠤᠯᠵᠤ ᠣᠶᠤᠨᠴᠢᠯᠠᠬᠤ ᠪᠠᠨ ᠠᠬᠢᠭᠤᠯᠤᠨ᠎ᠠ᠃

    1. ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠢᠰᠲ᠋ᠧᠮ ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠮᠡᠳᠡᠭᠡ ᠵᠠᠩᠭᠢ ᠶᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠰᠢᠰᠲ᠋ᠧᠮ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ ︽ᠮᠥᠩᠬᠡ ᠰᠤᠪᠠᠭ︾ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠦᠢᠯᠡᠴᠢᠯᠡᠭᠡ ᠭᠠᠷᠭᠠᠵᠤ᠂ ᠣᠯᠠᠨ ᠨᠡᠶᠢᠲᠡ ᠶᠢᠨ ᠰᠦᠯᠵᠢᠶᠡᠨ ᠳᠡᠭᠡᠷ᠎ᠡ᠂ ᠠᠯᠠᠭᠠᠨ ᠳᠤ  ᠪᠠᠨ ᠠᠪᠤᠨ ᠰᠤᠷᠬᠤ ᠳᠤ ᠨᠢ ᠲᠥᠬᠦᠮ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

    2. ᠣᠯᠠᠨ ᠰᠢᠰᠲ᠋ᠧᠮ ᠢ ᠰᠤᠨᠳᠠᠯᠠᠭᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ ᠤ ᠪᠠᠶᠢᠳᠠᠯ ᠢ ᠪᠣᠢ ᠪᠣᠯᠭᠠᠨ᠎ᠠ᠃ 120 ᠲᠦᠷᠭᠡᠨ ᠠᠪᠤᠷᠠᠯᠲᠠ ᠶᠢᠨ ᠵᠢᠯᠤᠭᠤᠳᠬᠤ ᠰᠢᠰᠲ᠋ᠧᠮ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠ AED ᠮᠠᠰᠢᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ ᠪᠠᠨ ᠬᠠᠮᠲᠤ ᠳᠤ ᠪᠠᠨ ᠬᠦᠷᠲᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ︽ᠨᠢᠭᠡᠳᠦᠭᠡᠷ ᠤᠷᠢᠶᠠᠯᠠᠨ ᠳᠠᠭᠠᠨᠨᠴᠢ︾ ᠶᠢᠨ ᠦᠢᠯᠡᠳᠦᠯ ᠢ ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ ᠤᠨ ᠦᠵᠡᠮᠵᠢ ᠶᠢᠨ ᠣᠷᠣᠨ᠂ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠡᠷᠭᠡ ᠬᠥᠮᠥᠨ ᠬᠠᠷ᠎ᠠ ᠣᠯᠠᠨᠲᠠᠢ ᠲᠠᠯᠠᠪᠤᠷ ᠭᠠᠵᠠᠷ ᠲᠤ ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶

    3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠠᠬᠢᠭᠤᠯᠤᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠣᠯᠠᠨ ᠨᠡᠶᠢᠲᠡ ᠶᠢᠨ ᠲᠠᠯᠠᠪᠤᠷ ᠭᠠᠵᠠᠷ ᠤᠨ AED ᠮᠠᠰᠢᠨ᠂ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠵᠡᠷᠭᠡ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠᠨ ᠲᠤᠰ ᠲᠤᠰ ᠬᠠᠷᠢᠭᠤᠴᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶

    ︵ᠲᠠᠪᠤ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠨ᠎ᠠ᠃

    1. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠠᠭᠤᠰᠤᠯᠴᠠᠭᠤᠯᠬᠤ ᠪᠥᠭᠡᠳ ᠣᠶᠤᠨ ᠤ ᠪᠣᠯᠪᠠᠰᠤᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠠᠭᠤᠰᠤᠯᠴᠠᠭᠤᠯᠤᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦᠳᠡ  ᠶᠢᠨ ᠤᠬᠠᠭᠤᠯᠭ᠎ᠠ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶

    2. ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠥᠷᠨᠢᠭᠦᠯᠦᠨ᠎ᠡ᠃ ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ᠂ ᠳᠡᠯᠡᠬᠡᠢ ᠶᠢᠨ ᠲᠦᠷᠭᠡᠨ ᠠᠪᠤᠷᠠᠯᠲᠠ ᠶᠢᠨ ᠡᠳᠦᠷ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠥᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠲᠥᠪᠯᠡᠷᠡᠭᠦᠯᠦᠨ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠷᠢᠭᠤᠴᠠᠨ᠎ᠠ︶

    3. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢ ᠥᠷᠭᠡᠨ ᠢᠶᠠᠷ ᠬᠡᠷᠡᠭᠯᠡᠨ᠎ᠡ᠃ ᠡᠯ᠎ᠡ ᠱᠠᠲᠤᠨ ᠤ ᠵᠠᠭᠤᠴᠢᠯᠠᠭᠤᠷ ᠤᠨ ᠲᠠᠪᠴᠠᠩ ᠤᠳ ᠲᠤ ᠲᠦᠰᠢᠭᠯᠡᠨ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠵᠠᠷ ᠮᠡᠳᠡᠭᠡ ᠤᠬᠠᠭᠤᠯᠭ᠎ᠠ ᠶᠢᠨ ᠪᠡᠯᠡᠳᠬᠡᠮᠵᠢ ᠶᠢ ᠠᠰᠢᠭᠯᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠸᠢᠳᠢᠤ᠋ ᠪᠠ ᠪᠢᠴᠢᠯᠭᠡ ᠵᠢᠷᠤᠭ ᠦᠰᠦᠭ ᠪᠢᠴᠢᠭ ᠢᠶᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠢ ᠲᠥᠭᠡᠮᠡᠯᠵᠢᠯᠡᠨ ᠳᠡᠯᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠪᠠ ︽ᠡᠭᠦᠯᠡᠨ ᠳᠡᠭᠡᠷ᠎ᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶

    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠠᠯᠠᠭ᠎ᠠ ᠮᠥᠴᠢᠷ ᠤᠳ ᠤᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠵᠠᠷᠤᠳᠠᠯ ᠢ ᠪᠠᠲᠤᠯᠠᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ᠂ ᠰᠠᠯᠠᠭ᠎ᠠ ᠮᠥᠴᠢᠷ ᠤᠨ ᠲᠤᠰᠬᠠᠢ ᠵᠦᠢᠯ ᠤᠨ ᠳᠡᠮᠵᠢᠯᠭᠡ᠂ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ ᠳᠡᠮᠵᠢᠯᠭᠡ᠂ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠤᠨ ᠢᠷᠡᠯᠲᠡ ᠪᠠᠨ ᠥᠷᠭᠡᠳᠬᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠠᠵᠢᠯ ᠥᠷᠨᠢᠭᠦᠯᠬᠦ ᠳᠤ ᠨᠢ ᠳᠡᠮᠵᠢᠯᠭᠡ ᠦᠵᠡᠬᠦᠯᠬᠦ ᠪᠠ ᠬᠠᠮᠵᠢᠯᠴᠠᠨ ᠠᠵᠢᠯᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ᠂ ᠭᠠᠯ ᠤᠨᠲᠠᠷᠠᠭᠠᠭᠴᠢ᠂ ᠠᠪᠤᠷᠠᠨ ᠲᠤᠰᠠᠯᠠᠬᠤ ᠠᠩᠭᠢ ᠶᠢᠨ ᠭᠡᠰᠢᠭᠦᠨ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠵᠡᠷᠭᠡ ᠬᠥᠮᠥᠰ ᠤᠨ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠢᠨᠢ ᠴᠢᠬᠤᠯᠠ ᠠᠭᠤᠯᠭ᠎ᠠ ᠪᠣᠯᠭᠠᠨ᠎ᠠ᠃ ᠲᠡᠷᠢᠭᠦᠨ ᠤ ᠨᠡᠶᠢᠲᠡᠯᠢᠭ ᠢ ᠰᠣᠩᠭᠤᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱᠢᠶᠡᠴᠢ ᠨᠢᠭᠡᠴᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠰᠠᠶᠢᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ ᠶᠢ ︽ᠳᠡᠷᠭᠡᠳᠡᠬᠢ ᠰᠠᠶᠢᠨ ᠬᠥᠮᠥᠨ︾᠂ ︽ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠴᠢ︾᠂ ︽ᠶᠣᠰᠣ ᠰᠤᠷᠲᠠᠬᠤᠨ ᠤ ᠵᠢᠱᠢᠶᠡᠴᠢ︾ ᠵᠡᠷᠭᠡ ᠶᠢᠨ ᠰᠢᠯᠭᠠᠷᠠᠭᠤᠯᠤᠯᠲᠠ ᠳᠤ ᠲᠠᠨᠢᠯᠴᠠᠭᠤᠯᠤᠨ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ ᠨᠤᠭᠤᠳ ᠢ ᠥᠷᠭᠡᠨ ᠢᠶᠠᠷ ᠤᠬᠠᠭᠤᠯᠵᠤ᠂ ᠨᠡᠩ ᠤᠯᠠᠨ ᠬᠥᠮᠥᠰ ᠢ ᠬᠥᠲᠥᠯᠥᠨ ᠳᠠᠭᠠᠭᠤᠯᠬᠤ ᠪᠠ ᠤᠷᠢᠶᠠᠯᠠᠨ ᠲᠠᠶᠢᠴᠢᠯᠠᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠳᠤ ᠣᠷᠣᠯᠴᠠᠭᠤᠯᠤᠨ᠂ ᠪᠦᠬᠦ ᠨᠡᠶᠢᠭᠡᠮ ᠳᠤ ᠢᠳᠡᠪᠬᠢ ᠬᠦᠴᠦᠨ ᠢ ᠪᠠᠳᠠᠷᠠᠭᠤᠯᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃

2024 ᠣᠨ ᠤ 7 ᠳ᠋ᠤᠭᠠᠷ ᠰᠠᠷ᠎ᠠ ᠶᠢᠨ 16 ᠤ ᠡᠳᠦᠷ   

    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ   

2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ   

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ