|
1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ ᠮᠠᠨ ᠤ ᠣᠷᠣᠨ ᠤ ᠡᠵᠡᠩᠨᠡᠯᠲᠡ ᠶᠢᠨ ᠭᠤᠤᠯ ᠴᠣᠭᠴᠠ ᠲᠣᠭᠲᠠᠭᠤᠨ ᠢᠶᠠᠷ ᠨᠡᠮᠡᠭᠳᠡᠪᠡ |
|
|
ᠨᠡᠶᠢᠲᠡᠯᠡᠭᠰᠡᠨ ᠴᠠᠭ᠄
2024/9/5
|
|
1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠲᠣᠭᠲᠠᠭᠤᠨ ᠢᠶᠠᠷ ᠨᠡᠮᠡᠭᠳᠡᠪᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ︵ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠪᠠᠭᠲᠠᠭᠠᠨ᠎ᠠ︶ ᠬᠥᠭᠵᠢᠭᠡᠳ 284.58 ᠲᠦᠮᠡᠨ ᠡᠷᠦᠬᠡ ᠪᠣᠯᠵᠤ᠂ ᠠᠳᠠᠯᠢ ᠬᠤᠭᠤᠴᠠᠭᠠᠨ ᠤ ᠬᠢ ᠠᠴᠠ 7.26% ᠪᠠᠷ ᠨᠡᠮᠡᠭᠳᠡᠪᠡ᠂ ᠡᠭᠦᠨ ᠳᠤ 68.89 ᠲᠦᠮᠡᠨ ᠡᠷᠦᠬᠡ ᠠᠵᠤ ᠠᠬᠤᠶᠢᠯᠠᠯ᠂ 208.63 ᠲᠦᠮᠡᠨ ᠡᠷᠦᠬᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 7.06 ᠲᠦᠮᠡᠨ ᠡᠷᠦᠬᠡ ᠲᠠᠷᠢᠶᠠᠴᠢᠳ ᠤᠨ ᠲᠤᠰᠬᠠᠶ ᠬᠤᠷᠰᠢᠶ᠎ᠠ ᠪᠣᠶ᠃ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠳᠤ ᠨᠡᠶᠢᠲᠡ 31.89 ᠲᠦᠮᠡᠨ ᠡᠷᠦᠬᠡ ᠡᠵᠡᠩᠨᠡᠯᠲᠡ ᠶᠢᠨ ᠭᠤᠤᠯ ᠴᠣᠭᠴᠠ ᠰᠢᠨ᠎ᠡ ᠪᠠᠷ ᠪᠠᠶᠢᠭᠤᠯᠤᠭᠳᠠᠵᠤ ᠂ ᠠᠳᠠᠯᠢ ᠬᠤᠭᠤᠴᠠᠭᠠᠨ ᠤ ᠬᠢ ᠠᠴᠠ 7.63% ᠪᠠᠷ ᠨᠡᠮᠡᠭᠳᠡᠵᠡᠢ᠂ ᠡᠭᠦᠨ ᠳᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ 7.16 ᠲᠦᠮᠡᠨ ᠡᠷᠦᠬᠡ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 24.52 ᠲᠦᠮᠡᠨ ᠡᠷᠦᠬᠡ᠂ ᠲᠠᠷᠢᠶᠠᠴᠢᠳ ᠤᠨ ᠲᠤᠰᠬᠠᠶ ᠬᠤᠷᠰᠢᠶ᠎ᠠ 2130 ᠡᠷᠦᠬᠡ ᠪᠣᠶ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ︵ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︶ ᠨᠢ 269.94 ᠲᠦᠮᠡᠨ ᠡᠷᠦᠬᠡ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.54% ᠪᠠᠷ ᠨᠡᠮᠡᠭᠳᠡᠨ ᠂ ᠪᠥᠬᠦ ᠡᠵᠡᠩᠨᠡᠯᠲᠡ ᠶᠢᠨ ᠭᠤᠤᠯ ᠴᠣᠭᠴᠠ ᠶᠢᠨ 94.86% ᠶᠢ ᠡᠵᠡᠯᠡᠪᠡ᠃ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|