ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/9/9


      9 ᠰᠠᠷ᠎ᠠ ᠶᠢᠨ 6 ᠤ ᠡᠳᠦᠷ᠂ ᠳᠥᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠥᠷᠭᠡᠨ ᠣᠯᠠᠨ ᠪᠠᠭᠰᠢ ᠰᠤᠷᠤᠬᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠶᠢᠨ ᠬᠠᠮᠲᠤ᠂ ᠪᠦᠭᠦ ᠣᠷᠣᠨ ᠤ ᠥᠷᠭᠡᠨ ᠣᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃


1.jpg


      ᠰᠦᠨ ᠱᠤᠤ ᠴᠧᠩ ᠡᠩ ᠲᠡᠷᠢᠭᠦᠨ ᠳᠤ ᠥᠷᠭᠡᠨ ᠤᠯᠠᠨ ᠪᠠᠭᠰᠢ ᠰᠤᠷᠤᠬᠴᠢᠳ ᠲᠠᠢ ᠬᠠᠮᠲᠤ ᠪᠠᠷ ᠮᠠᠨ ᠤ ᠤᠯᠤᠰ ᠤᠨ ᠰᠦᠷ ᠳᠠᠯᠠᠶᠢᠴᠠᠲᠠᠢ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠷᠢᠯᠢᠭ ᠪᠣᠳᠠᠲᠠᠢ ᠲᠤᠭ᠎ᠠ ᠪᠠᠷᠢᠮᠲᠠ ᠪᠣᠯᠣᠨ ᠠᠮᠢᠳᠤᠯᠢᠭ ᠪᠣᠳᠠᠲᠤ ᠵᠢᠱᠢᠶ᠎ᠡ ᠪᠠᠷ ᠥᠭᠡᠷᠡᠴᠢᠯᠡᠯᠲᠡ ᠨᠡᠭᠡᠭᠡᠯᠲᠡ ᠶᠢᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠶᠠᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠶᠠᠭᠤᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠤᠳᠤᠯᠤᠭᠰᠠᠨ ᠢ ᠭᠦᠨᠵᠡᠭᠡᠢ ᠲᠠᠶᠢᠯᠪᠤᠷᠢᠯᠠᠪᠠ᠃ ᠲᠡᠷᠡ᠂ 46 ᠵᠢᠯ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠭᠤᠤ ᠶᠡᠭᠡ ᠭᠡᠳᠡᠭ ᠢ ᠭᠦᠢᠴᠡᠳ ᠭᠡᠷᠡᠴᠢᠯᠡᠵᠦ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠭᠡᠷᠡᠴᠢᠯᠡᠪᠡ᠃ ᠰᠢᠨ᠎ᠡ ᠠᠶᠠᠨ ᠳᠤ᠂ ᠪᠢᠳᠡ ︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ  ᠶᠢᠨ ᠫᠢᠩ ᠤᠨ ᠵᠢᠭᠠᠭᠰᠠᠨ ᠴᠢᠭᠯᠡᠯ ᠢᠶᠠᠷ ᠴᠤᠴᠠᠯᠲᠠ ᠦᠭᠡᠢ ᠤᠷᠤᠭᠰᠢᠯᠠᠨ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠪᠡ᠃


2.jpg


3.jpg


      ᠳᠠᠷᠠᠭ᠎ᠠ ᠨᠢ᠂ ᠰᠦᠨ ᠱᠤᠤ ᠴᠧᠩ ᠤᠯᠠᠨ ᠳᠤ ᠨᠠᠮ ᠤᠨ ᠲᠥᠪ ᠬᠤᠷᠢᠶ᠎ᠠ ᠶᠠᠭᠤᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ ᠪᠤᠯᠭᠠᠬᠰᠠᠨ ᠢ ᠲᠠᠶᠢᠯᠪᠤᠷᠢᠯᠠᠵᠤ ᠥᠭᠬᠦ ᠶᠢᠨ ᠬᠠᠮᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠶᠠᠭᠤ ᠬᠢᠬᠦ ᠴᠢᠬᠤᠯᠠᠲᠠᠢ ᠪᠠᠶᠢᠬᠤ ᠲᠤᠬᠠᠢ ᠲᠠᠨᠢᠯᠴᠠᠭᠤᠯᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠶᠡᠷᠦᠩᠬᠡᠢ ᠬᠠᠷᠠᠯᠲᠠ ᠡᠭᠦᠷᠭᠡ ᠪᠣᠯ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ  ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠡᠮᠵᠢᠯᠭᠡ᠂ ᠤᠯᠠᠨ ᠠᠴᠠ ᠤᠨᠴᠠᠭᠠᠢ ᠡᠬᠢ ᠪᠠᠶᠠᠯᠢᠭ᠂ ᠭᠠᠵᠠᠷ ᠰᠢᠷᠣᠢ᠂ ᠪᠣᠬᠢᠷᠳᠤᠯ ᠦᠭᠡᠢ ᠴᠠᠭᠢᠯᠭᠠᠨ᠂ ᠣᠷᠣᠨ ᠪᠠᠶᠢᠷᠢ ᠵᠡᠷᠭᠡ ᠳᠠᠪᠠᠭᠤᠯᠢᠭ᠂ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠠᠪᠰᠢᠬᠤ ᠵᠣᠷᠢᠭ ᠰᠠᠨᠠᠭ᠎ᠠ ᠪᠣᠯᠣᠨ ᠦᠨᠡᠨ ᠪᠣᠳᠠᠲᠠᠢ ᠠᠵᠢᠯᠯᠠᠵᠤ ᠪᠠᠶᠢᠭ᠎ᠠ ᠰᠠᠶᠢᠨ ᠰᠠᠶᠢᠬᠠᠨ ᠪᠠᠶᠢᠳᠠᠯ ᠪᠠᠶᠢᠬᠤ ᠠᠴᠠ ᠥᠪᠥᠷ ᠮᠣᠩᠭᠤᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠯᠠᠪᠲᠠᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠣᠨ᠎ᠠ᠃ ᠥᠷᠭᠡᠨ ᠤᠯᠠᠨ ᠵᠠᠯᠠᠭᠤ ᠰᠤᠷᠤᠬᠴᠢᠳ ᠲᠡᠭᠦᠰᠦᠭᠰᠡᠨ ᠤ ᠪᠠᠨ ᠳᠠᠷᠠᠭ᠎ᠠ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠡᠨᠡ ᠬᠦ ᠶᠡᠭᠡ ᠦᠢᠯᠡᠰ ᠢ ᠪᠦᠲᠦᠭᠡᠵᠦ ᠪᠤᠯᠬᠤ ᠰᠢᠮᠡᠲᠦ ᠬᠥᠷᠥᠰᠥᠨ ᠳᠡᠭᠡᠷ᠎ᠡ ᠠᠮᠢᠳᠤᠷᠠᠬᠤᠢ ᠶᠢᠨ ᠦᠷᠲᠡᠭ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃


4.jpg


      ᠰᠦᠨ ᠱᠤᠤ ᠴᠧᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠢᠬᠦ ᠴᠢᠬᠤᠯᠠᠲᠠᠢ ᠠᠵᠢᠯ ᠮᠠᠰᠢ ᠤᠯᠠᠨ ᠪᠠᠶᠢᠨ᠎ᠠ᠂ ᠭᠤᠣᠯᠳᠠᠯᠭ᠎ᠠ ᠶᠢᠨ ᠨᠢᠭᠡ ᠨᠢ ᠳᠠᠷᠤᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠨᠡ ᠬᠦ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠰᠠᠶᠢᠲᠤᠷ ᠠᠳᠬᠤᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠰᠤᠷᠭᠠᠨ ᠬᠥᠮᠥᠵᠢᠭᠦᠯᠬᠦ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠣᠷᠴᠢᠨ ᠲᠣᠭᠤᠷᠢᠨ ᠪᠠ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠵᠦᠷᠢᠶᠡᠴᠢᠯᠡᠭᠰᠡᠨ ᠬᠥᠭᠵᠢᠯᠲᠡ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠪᠠᠴᠢᠮ ᠱᠠᠭᠠᠷᠳᠠᠭᠳᠠᠵᠤ ᠪᠠᠶᠢᠭ᠎ᠠ ᠪᠠᠴᠢᠮ ᠲᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠰᠤᠷᠤᠬᠴᠢᠳ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠰᠠᠶᠢᠬᠠᠨ ᠨᠥᠬᠦᠴᠡᠯ ᠢ ᠢᠳᠡᠪᠬᠢᠲᠡᠢ ᠡᠭᠦᠳᠦᠨ ᠥᠭᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠳᠤᠮᠳᠠ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃


5.jpg


      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠵᠤ ᠪᠠᠷᠠᠭᠰᠠᠨ ᠤ ᠳᠠᠷᠠᠭ᠎ᠠ᠂ ᠰᠦᠨ ᠱᠤᠤ ᠴᠧᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠴᠢᠳᠠᠮᠵᠢ ᠶᠢᠨ ᠵᠢᠭᠳᠡ ᠰᠦᠪᠡᠲᠦ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ ᠪᠣᠯᠣᠨ ᠬᠤᠪᠣᠷ ᠰᠢᠷᠣᠢ ᠶᠢᠨ ᠮᠠᠲ᠋ᠧᠷᠢᠶᠠᠯ ᠤᠨ ᠰᠤᠳᠤᠯᠭᠠᠨ ᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠵᠠᠬᠢᠷᠤᠯ ᠵᠣᠣ ᠳ᠋ᠦᠩ ᠶᠤᠸᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠳᠣᠬᠠᠨ ᠳᠤ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠡᠷᠭᠡᠵᠢᠯ ᠤᠨ ᠬᠥᠭᠵᠢᠯᠲᠡ ᠮᠠᠰᠢ ᠲᠦᠷᠭᠡᠨ ᠪᠠᠶᠢᠨ᠎ᠠ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠬᠠᠨᠳᠤᠭᠤᠯᠵᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠬᠤ ᠬᠡᠷᠡᠭᠲᠡᠢ᠃ ᠬᠤᠪᠣᠷ ᠰᠢᠷᠣᠢ ᠶᠢᠨ ᠰᠢᠨ᠎ᠡ ᠬᠡᠷᠡᠭᠯᠡᠭᠡᠨ ᠤ ᠬᠦᠷᠢᠶ᠎ᠡ ᠶᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠬᠤᠪᠣᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠨᠡᠮᠡᠯᠲᠡ ᠥᠷᠲᠡᠭ ᠢ ᠳᠡᠭᠡᠭᠰᠢᠯᠡᠭᠦᠯᠭᠦ ᠬᠡᠷᠡᠭᠲᠡᠢ ᠭᠡᠪᠡ᠃ ᠰᠦᠨ ᠱᠤᠤ ᠴᠧᠩ ᠪᠠᠰᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠳᠤ ᠬᠦᠷᠴᠦ᠂ ︽ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠮᠲᠤ ᠶᠢᠨ ᠭᠡᠷ ᠣᠷᠣᠨ — ᠥᠪᠥᠷ ᠮᠣᠩᠭᠤᠯ ᠤᠨ ᠡᠷᠲᠡᠨ ᠤ ᠦᠶ᠎ᠡ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠵᠡᠰᠭᠦᠯᠡᠩ ︾ ᠢ ᠲᠣᠭᠤᠷᠢᠨ ᠦᠵᠡᠵᠦ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯᠣᠨ ᠬᠢᠳᠠᠨ ᠤ ᠪᠠᠭ᠎ᠠ ᠦᠰᠦᠭ ᠤᠨ ᠰᠤᠳᠤᠯᠭᠠᠨ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠵᠠᠢ᠃


 

6.jpg


      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠵᠢᠶᠧ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠪᠠᠷᠤᠭ 450 ᠬᠥᠮᠥᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠣᠨᠣᠰᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ