ᠠᠷᠠᠳ ᠤᠨ ᠠᠮᠢᠳᠤᠷᠠᠯ ᠳᠤ ᠬᠤᠯᠪᠣᠭᠳᠠᠬᠤ 33 ᠵᠦᠢᠯ ᠤᠨ ᠪᠣᠳᠠᠲᠤ ᠶᠠᠪᠤᠳᠠᠯ ᠬᠢᠵᠦ ᠥᠭᠭᠦᠭᠰᠡᠨ ᠤ ᠬᠠᠷᠢᠭᠤᠯᠲᠠ ᠶᠢᠨ ᠬᠠᠭᠤᠳᠠᠰᠤ — ᠬᠠᠭᠠᠰ ᠰᠠᠷ᠎ᠠ ᠪᠠᠶᠢᠭᠰᠠᠨ ᠠᠴᠠ ᠨᠢ ᠬᠤᠶᠠᠷ ᠴᠠᠭ ᠪᠣᠯᠭᠠᠨ ᠪᠣᠭᠤᠨᠢᠰᠬᠠᠪᠠ︕ ᠬᠡᠷᠬᠢᠨ ᠪᠡᠶᠡᠯᠡᠭᠦᠯᠵᠦ ᠴᠢᠳᠠᠭᠰᠠᠨ ᠪᠤᠢ︖
ᠨᠡᠶᠢᠲᠡᠯᠡᠭᠰᠡᠨ ᠴᠠᠭ᠄
2025/1/10

      ᠤᠶᠢᠷ᠎ᠠ ᠶᠢᠨ ᠬᠡᠳᠦᠨ ᠰᠠᠷ᠎ᠠ ᠳᠤ᠂ ᠪᠤᠭᠤᠲᠤ ᠬᠤᠲᠠ ᠶᠢᠨ ᠵᠧᠩ ᠰᠢᠨ ᠬᠠᠢ ᠠᠪᠤᠭᠠᠢ ᠵᠡᠭᠡᠯᠢ ᠭᠤᠲᠤᠮᠵᠢ ᠪᠠᠷ ᠨᠡᠶᠢᠳᠡᠮ ᠡᠷᠭᠢᠴᠡᠵᠦ᠂ ᠶᠠᠮᠠᠷ ᠠᠷᠠᠯᠵᠢᠶ᠎ᠠ ᠮᠠᠶᠢᠮᠠᠢ ᠬᠢᠪᠡᠯ ᠰᠠᠶᠢᠨ ᠪᠣᠯᠬᠤ ᠲᠤᠬᠠᠢ ᠠᠵᠢᠭᠯᠠᠨ᠂ ᠵᠡᠭᠡᠯᠢ ᠭᠤᠳᠤᠮᠵᠢ ᠳᠤ ᠠᠰ ᠪᠠᠶᠢᠷᠢᠰᠢᠭ᠎ᠠ ᠲᠣᠬᠢᠷᠠᠮᠵᠢᠲᠠᠢ ᠡᠭᠦᠳᠡᠨ ᠭᠡᠷ ᠣᠯᠣᠭᠠᠳ ᠬᠤᠳᠠᠯᠳᠤᠭ᠎ᠠ ᠡᠷᠬᠢᠯᠡᠬᠦ ᠰᠠᠨᠠᠭ᠎ᠠ ᠲᠠᠢ ᠪᠠᠶᠢᠵᠠᠢ᠃

      ᠵᠧᠩ ᠰᠢᠨ ᠬᠠᠢ ᠡᠴᠦᠰ ᠲᠡᠭᠡᠨ ᠳᠡᠯᠭᠡᠭᠦᠷ ᠢᠶᠠᠨ ᠵᠠᠮ ᠤᠨ ᠠᠭᠤᠯᠵᠠᠷ ᠤᠨ ᠪᠤᠯᠤᠩ ᠳᠤ ᠨᠡᠭᠡᠬᠡᠬᠦ ᠪᠠᠷ ᠰᠣᠩᠭᠤᠪᠠ᠂ ᠭᠠᠵᠠᠷ ᠢᠶᠠᠨ ᠲᠣᠭᠲᠠᠴᠢᠬᠠᠵᠠᠢ᠂ ᠭᠡᠪᠡᠴᠦ ᠡᠵᠡᠩᠨᠡᠯᠲᠡ ᠶᠢᠨ ᠭᠠᠷ ᠭᠦᠢᠴᠡᠳᠭᠡᠯ ᠭᠤᠶᠤᠴᠢᠯᠠᠬᠤ ᠶᠢ ᠪᠣᠳᠣᠮᠠᠭᠴᠠ ᠲᠡᠷᠡ ᠵᠣᠪᠠᠨ᠎ᠠ᠃

     ᠦᠢᠯᠡᠳᠪᠦᠷᠢ ᠬᠤᠳᠠᠯᠳᠤᠭᠠᠨ ᠁ ᠭᠠᠯ ᠤᠨᠲᠠᠷᠠᠭᠠᠬᠤ ᠁ ᠭᠠᠶᠢᠯᠢ ᠶᠢᠨ ᠶᠠᠪᠤᠳᠠᠯ ᠁ ᠨᠢᠭᠡ ᠣᠪᠤᠭ᠎ᠠ ᠭᠠᠷ ᠭᠦᠢᠴᠡᠳᠭᠡᠯ ᠬᠢᠬᠦ ᠴᠢᠬᠤᠯᠠᠲᠠᠢ᠂ ᠪᠣᠳᠤᠭᠰᠠᠭᠠᠷ ᠯᠠ ᠵᠣᠪᠠᠨ᠎ᠠ᠃

      ᠭᠠᠷ ᠤᠲᠠᠰᠤᠨ ᠳᠡᠭᠡᠷ᠎ᠡ ᠪᠠᠨ ᠶᠠᠮᠠᠷ ᠶᠠᠮᠠᠷ ᠮᠠᠲ᠋ᠧᠷᠢᠶᠠᠯ ᠪᠡᠯᠡᠳᠭᠡᠬᠦ ᠴᠢᠬᠤᠯᠠᠲᠠᠢ ᠶᠢ ᠡᠷᠢᠵᠦ᠂ ᠳᠠᠷᠠᠭ᠎ᠠ ᠥᠷᠯᠥᠭᠡ ᠨᠢ ᠲᠡᠷᠡ ᠡᠭ ᠮᠡᠭ ᠲᠠᠢ ᠪᠠᠷ ᠮᠠᠲ᠋ᠧᠷᠢᠶᠠᠯ ᠢᠶᠠᠨ ᠠᠪᠴᠤ ᠪᠤᠭᠤᠲᠤ ᠶᠢᠨ ᠬᠥᠨᠳᠡᠯᠡᠨ ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠤᠨ ᠬᠡᠷᠡᠭ ᠡᠷᠬᠢᠯᠡᠬᠦ ᠴᠤᠩᠬᠤᠪᠴᠢ ᠳᠤ ᠬᠦᠷᠴᠦ᠂ ᠡᠵᠡᠩᠨᠡᠯᠲᠡ ᠶᠢᠨ ᠭᠠᠷ ᠭᠦᠢᠴᠡᠳᠭᠡᠯ ᠢᠶᠠᠨ ᠭᠦᠢᠴᠡᠳᠭᠡᠪᠡ᠃

      ᠵᠧᠩ ᠰᠢᠨ ᠬᠠᠶ ᠄ ︽ᠪᠢ ᠨᠢᠭᠡ ᠬᠤᠭᠤᠯᠠᠨ ᠬᠡᠷ ᠡᠵᠡᠩᠨᠡᠬᠦ ᠰᠠᠨᠠᠭ᠎ᠠ ᠲᠠᠢ᠂ ᠢᠳᠡᠭᠡᠨ ᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠭᠦᠢᠴᠡᠳᠭᠡᠬᠦ ᠪᠠᠷ ᠢᠷᠡᠵᠡᠢ᠂ ᠡᠨᠡ ᠪᠤᠯ ᠮᠢᠨᠤ ᠪᠡᠯᠡᠳᠬᠡᠭᠰᠡᠨ ᠮᠠᠲ᠋ᠧᠷᠢᠶᠠᠯ ᠁︾

      ᠵᠢᠯᠣᠭᠤᠳᠣᠭᠴᠢ ᠰᠢᠶᠤᠤ ᠰᠦ᠋ ᠄ ︽ᠲᠠ ᠠᠲᠡ ᠢᠷᠡᠬᠡᠳ ᠤᠷᠢᠳᠠᠪᠡᠷ ᠨᠢᠭᠡ ᠳ᠋ᠤᠭᠠᠷ ᠠᠪᠤᠭᠠᠷᠠᠢ᠂ ᠲᠠᠨ ᠤ ᠡᠮᠦᠨ᠎ᠡ ᠪᠠᠰᠠ 3 ᠬᠦᠮᠦᠨ ᠬᠦᠯᠢᠶᠡᠵᠦ ᠪᠠᠶᠢᠨ᠎ᠠ᠃ ᠪᠢ ᠤᠷᠢᠳᠠᠪᠡᠷ ᠲᠠᠨ ᠢ ᠬᠠᠪᠰᠤᠷᠴᠤ ᠳᠠᠷᠤᠮᠯᠠᠬᠤ ᠴᠢᠬᠤᠯᠠᠲᠠᠢ ᠮᠠᠲ᠋ᠧᠷᠢᠶᠠᠯ ᠢ ᠴᠢᠨᠢ ᠳᠠᠷᠤᠮᠠᠯᠯᠠᠵᠤ ᠦᠭᠭᠦᠶ᠎ᠡ︾

      ᠵᠧᠩ ᠰᠢᠨ ᠬᠠᠶ᠄ ︽ᠦᠨᠡᠬᠡᠷ ᠳᠣᠲᠤᠨᠤ ᠪᠣᠯᠵᠠᠢ︕ ᠥᠩᠭᠡᠷᠡᠭᠰᠡᠨ ᠳᠤ ᠦᠪᠡᠰᠦᠪᠡᠨ ᠭᠠᠷᠴᠤ ᠬᠡᠪᠯᠡᠯ ᠤᠨ ᠭᠠᠵᠠᠷ ᠡᠷᠢᠨ᠎ᠡ᠂ ᠬᠤᠷᠢᠨ ᠮᠢᠨᠦ᠋ᠲ ᠬᠠᠭᠠᠰ ᠴᠠᠭ ᠦᠭᠡᠢ ᠪᠣᠯ ᠪᠤᠴᠠᠵᠤ ᠢᠷᠡᠵᠦ ᠳᠡᠶᠢᠯᠬᠦ ᠦᠭᠡᠢ᠃ ᠵᠠᠷᠢᠮ ᠦᠶ᠎ᠡ ᠳᠤ ᠪᠠᠨ ᠳᠠᠷᠤᠮᠠᠯᠯᠠᠭᠠᠳ ᠪᠤᠴᠠᠵᠤ ᠢᠷᠡᠬᠦ ᠳᠤ ᠬᠠᠷᠢᠨ ᠳ᠋ᠤᠭᠠᠷ ᠨᠢ ᠦᠩᠭᠡᠷᠡᠴᠢᠬᠡᠨ᠎ᠡ᠂ ᠪᠠᠰᠠ ᠳᠠᠬᠢᠨ ᠳ᠋ᠤᠭᠠᠷ ᠠᠪᠴᠤ ᠬᠦᠯᠢᠶᠡᠬᠦ ᠬᠡᠷᠡᠭ ᠲᠠᠢ ᠪᠠᠶᠢᠳᠠᠭ᠂ ᠢᠩᠭᠢᠵᠦ ᠴᠢᠩᠭᠢᠭᠰᠡᠭᠡᠷ ᠪᠠᠶᠢᠵᠤ ᠴᠠᠭ ᠢᠶᠠᠨ ᠪᠥᠷ ᠰᠦᠢᠳᠭᠡᠴᠢᠬᠡᠨ᠎ᠡ ᠁︾

      ᠴᠤᠩᠬᠤᠪᠴᠢ ᠶᠢᠨ ᠠᠵᠢᠯᠲᠡᠨ᠄ ︽ᠲᠠᠨ ᠤ ᠲᠤᠬᠠᠶᠢᠯᠠᠭᠰᠠᠨ ᠠᠵᠢᠯ ᠤᠨ ᠭᠠᠷ ᠬᠦᠢᠴᠡᠳᠭᠡᠯ ᠢ ᠨᠢᠭᠡᠨᠲᠡ ᠬᠢᠵᠦ ᠳᠠᠭᠤᠰᠴᠢᠬᠠᠵᠠᠢ᠂ 3 — 5 ᠡᠳᠦᠷ ᠤᠨ ᠳᠤᠲᠣᠷ᠎ᠠ ᠦᠨᠡᠮᠯᠡᠯ ᠢ ᠴᠢᠨᠢ ᠲᠠᠨ ᠳᠤ ᠢᠯᠡᠭᠡᠨ᠎ᠡ︾

      ᠵᠧᠩ ᠰᠢᠨ ᠬᠠᠢ ᠶᠡᠭᠡ ᠲᠢᠩᠬᠢᠮ ᠳᠤ ᠣᠷᠣᠵᠤ ᠭᠠᠷ ᠭᠦᠢᠴᠡᠳᠬᠡᠯ ᠬᠢᠬᠦ ᠠᠴᠠ ᠠᠪᠤᠭᠠᠳ ᠳᠠᠭᠤᠰᠬᠠᠲᠠᠯ᠎ᠠ ᠪᠠᠨ ᠴᠠᠭ ᠭᠠᠷᠤᠶ ᠯᠠ ᠵᠠᠷᠤᠴᠠᠭᠤᠯᠵᠠᠢ᠃

      ᠵᠧᠩ ᠰᠢᠨ ᠬᠠᠶ᠄ ︽ᠭᠡᠷᠡᠴᠢ ᠦᠨᠡᠮᠯᠡᠯ ᠤᠨ ᠭᠠᠷ ᠭᠦᠢᠴᠡᠳᠬᠡᠯ ᠭᠤᠶᠤᠴᠢᠯᠠᠬᠤ ᠳᠤ ᠳᠦᠭᠦᠮ ᠪᠣᠯᠤᠭᠰᠠᠨ ᠤ ᠰᠠᠶᠢᠨ ᠢᠶᠠᠷ᠂ ᠳᠡᠭᠡᠷ᠎ᠡ ᠠᠴᠠ ᠨᠢ ᠤᠳᠠᠬᠤ ᠦᠭᠡᠢ ᠵᠠᠰᠠᠵᠤ ᠴᠢᠮᠡᠭᠯᠡᠭᠡᠳ ᠪᠠᠷᠠᠴᠢᠬᠠᠬᠤ ᠪᠣᠯᠬᠤᠷ᠂ ᠪᠢ ᠡᠷᠲᠡ ᠨᠢᠭᠡ ᠡᠳᠦᠷ ᠡᠭᠦᠳᠡ ᠪᠠᠨ ᠨᠡᠬᠡᠭᠡᠪᠡᠯ᠂ ᠢᠯᠡᠭᠦᠦ ᠨᠢᠭᠡ ᠡᠳᠦᠷ ᠤᠨ ᠵᠣᠭᠤᠰ ᠣᠯᠤᠨ᠎ᠠ︾ ᠭᠡᠯ᠎ᠡ᠃

      ᠢᠳᠡᠭᠡᠨ ᠤᠮᠳᠠᠭᠠᠨ ᠤ ᠳᠡᠯᠭᠡᠭᠦᠷ ᠨᠡᠭᠡᠭᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠂ ᠡᠨᠡ ᠪᠣᠯ ᠥᠷᠯᠦᠭᠡᠨ ᠤ ᠬᠤᠭᠤᠯᠠᠨ ᠬᠡᠷ ᠵᠧᠩ ᠰᠢᠨ ᠬᠠᠶ ᠶᠢᠨ ᠨᠡᠬᠡᠬᠡᠭᠰᠡᠨ ᠬᠤᠶᠠᠷᠳᠡᠬᠢ ᠤᠳᠠᠭ᠎ᠠ ᠪᠤᠯᠤᠨ᠎ᠠ᠃ ᠦᠩᠭᠡᠷᠡᠭᠰᠡᠨ ᠳᠤ ᠭᠠᠷ ᠭᠦᠢᠴᠡᠳᠭᠡᠯ ᠬᠢᠬᠦ ᠳᠤ ᠡᠯ᠎ᠡ ᠰᠠᠯᠠᠭ᠎ᠠ ᠮᠥᠴᠢᠷ ᠤᠨ ᠬᠤᠭᠤᠷᠤᠨᠲᠦ ᠨᠠᠭᠠᠰᠢ ᠴᠠᠭᠠᠰᠢ ᠭᠦᠶᠦᠭᠡᠳ᠂ ᠠᠳᠠᠭ ᠲᠤ ᠪᠠᠨ ᠠᠷᠪᠠᠨ ᠡᠳᠦᠷ ᠴᠢᠨᠠᠭᠰᠢᠯᠠᠪᠠᠯ ᠬᠠᠭᠠᠰ ᠰᠠᠷ᠎ᠠ ᠶᠢᠨ ᠬᠤᠭᠤᠴᠠᠭ᠎ᠠ ᠬᠡᠷᠡᠭᠰᠡᠳᠡᠭ ᠪᠠᠶᠢᠵᠠᠢ᠃

1.jpg

ᠤᠳᠤ ᠵᠧᠩ ᠠᠪᠤᠭᠠᠢ ᠵᠥᠪᠬᠡᠨ 5 ᠵᠦᠢᠯ ᠤᠨ ᠮᠠᠲ᠋ᠧᠷᠢᠶᠠᠯ ᠢᠶᠠᠨ ᠬᠠᠩᠭᠠᠮᠠᠭᠴᠠ ᠭᠠᠷ ᠭᠦᠢᠴᠡᠳᠬᠡᠯ ᠢᠶᠠᠨ ᠳᠠᠭᠤᠰᠬᠠᠪᠠ

      ᠡᠨᠡ ᠤᠳᠠᠭ᠎ᠠ᠂ ᠵᠧᠩ ᠠᠪᠤᠭᠠᠢ ᠬᠤᠶᠠᠷ ᠴᠠᠭ ᠪᠣᠯᠤᠯ ᠦᠭᠡᠢ ᠪᠠᠷ ᠢᠳᠡᠭᠡᠨ ᠤᠮᠳᠠᠭᠠᠨ ᠤ ᠳᠡᠯᠭᠡᠭᠦᠷ ᠡᠷᠬᠢᠯᠡᠬᠦ ᠭᠠᠷ ᠭᠦᠢᠴᠡᠳᠬᠡᠯ ᠢᠶᠠᠨ ᠲᠤᠰᠢᠶᠠᠨ ᠭᠦᠢᠴᠡᠳᠬᠡᠪᠡ᠃ ᠤᠯᠠᠨ ᠲᠦᠮᠡᠨ ᠤ ᠢᠩᠭᠢᠵᠦ ᠰᠡᠳᠬᠢᠯ ᠠᠮᠤᠷ ᠪᠣᠯᠭᠠᠭᠰᠠᠨ ᠡᠨᠡ ᠬᠦ ᠠᠵᠢᠯ ᠶᠠᠪᠤᠳᠠᠯ ᠭᠦᠢᠴᠡᠳᠬᠡᠬᠦ ᠬᠡᠪ ᠵᠠᠭᠪᠤᠷ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠬᠤᠭᠤᠴᠠᠭᠠᠨ ᠳᠤ ᠳᠤᠷᠠᠳᠤᠭᠰᠠᠨ ᠠᠷᠠᠳ ᠤᠨ ᠠᠮᠢᠳᠤᠷᠠᠯ ᠳᠤ ᠬᠤᠯᠪᠣᠭᠳᠠᠬᠤ 33 ᠵᠦᠢᠯ ᠤᠨ ᠪᠣᠳᠠᠲᠤ ᠶᠠᠪᠤᠳᠠᠯ ᠬᠢᠵᠦ ᠥᠭᠬᠦ ᠶᠢᠨ ᠨᠢᠭᠡ ᠪᠣᠯᠬᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠵᠦ ᠥᠭᠬᠦ︾ ᠠᠴᠠ ᠰᠢᠯᠲᠠᠭᠠᠯᠠᠭᠰᠠᠨ ᠰᠠᠶᠢᠨ ᠶᠠᠪᠤᠳᠠᠯ ᠪᠣᠯᠣᠨ᠎ᠠ᠃2.jpg

      ᠠᠵᠤ ᠠᠬᠤᠶᠢᠯᠠᠯ ᠤᠨ ᠪᠠ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠮᠠᠰᠢ ᠤᠯᠠᠨ ᠵᠠᠩᠭᠢᠯᠠᠭ᠎ᠠ ᠶᠢᠨ ᠪᠠᠭ᠎ᠠ ᠤᠴᠢᠷ ᠤᠳ ᠨᠢ ︽ᠤᠯᠠᠨ ᠰᠠᠯᠠᠭ᠎ᠠ ᠮᠦᠴᠢᠷ ᠢᠶᠠᠷ ᠨᠠᠭᠠᠰᠢ ᠴᠠᠭᠠᠰᠢ ᠬᠦᠶᠦᠬᠦ︾ ᠠᠴᠠ ᠠᠪᠤᠭᠠᠳ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠵᠦ ᠥᠭᠬᠦ︾ ᠬᠦᠷᠲᠡᠯᠡᠬᠢ ᠶᠢ ᠪᠡᠶᠡᠯᠡᠭᠦᠯᠵᠡᠢ᠃

      ᠢᠳᠡᠭᠡᠨ ᠤᠮᠳᠠᠭᠠᠨ ᠤ ᠳᠡᠯᠭᠡᠭᠦᠷ ᠡᠷᠬᠢᠯᠡᠬᠦ ᠪᠠᠷ ᠠᠪᠴᠤ ᠬᠡᠯᠡᠪᠡᠯ᠂ 2024 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ ᠤᠨ ᠢᠳᠡᠭᠡᠨ ᠤᠮᠳᠠᠭᠠᠨ ᠤ ᠡᠵᠡᠩᠨᠡᠯᠲᠡ ᠶᠢᠨ ᠭᠣᠣᠯ ᠴᠣᠭᠴᠠ 10 ᠲᠦᠮᠡ ᠭᠠᠷᠤᠢ ᠡᠷᠦᠬᠡ ᠶᠢ ᠳᠠᠪᠠᠵᠠᠢ᠃ ᠤᠯᠠᠨ ᠲᠦᠮᠡᠨ ᠦ ᠠᠵᠢᠯ ᠶᠠᠪᠤᠳᠠᠯ ᠭᠦᠢᠴᠡᠳᠬᠡᠬᠦ ᠳᠦ ᠬᠡᠷᠬᠢᠨ ᠲᠦᠬᠦᠮ ᠦᠵᠡᠭᠦᠯᠬᠦ ᠶᠢ ᠳᠡᠭᠡᠭᠰᠢᠯᠡᠭᠦᠯᠬᠦ ᠲᠠᠯ᠎ᠠ ᠪᠠᠷ ᠨᠢᠭᠡ ᠯᠡ ᠴᠣᠩᠬᠤᠪᠴᠢ ᠨᠢᠭᠡᠴᠢ ᠳᠠᠮᠵᠢᠨ ᠪᠡᠶᠡᠯᠡᠭᠦᠯᠵᠦ᠂ ᠬᠠᠮᠤᠭ ᠢᠯᠡᠭᠦᠦ ᠳᠤ ᠪᠠᠨ ᠨᠢᠭᠡ ᠯᠡ ᠤᠳᠠᠭ᠎ᠠ ᠣᠴᠢᠵᠤ᠂ ᠢᠳᠡᠭᠡᠨ ᠤᠮᠳᠠᠭᠠᠨ ᠤ ᠳᠡᠯᠭᠡᠭᠦᠷ ᠤᠨ ︽ᠬᠤᠭᠤᠯᠠ ᠤᠮᠳᠠᠭᠠᠨ ᠤ ᠥᠷᠨᠢᠩᠭᠦᠢ ᠪᠠᠶᠢᠳᠠᠯ︾ ᠢ ᠪᠣᠯᠭᠠᠬᠤ ᠪᠣᠢ︖

3.jpg

      2024 ᠣᠨ ᠳᠤ᠂ ᠥᠪᠥᠷ ᠮᠣᠩᠭᠤᠯ ᠤᠨ ᠬᠢᠨ ᠨᠢ ᠤᠯᠠᠨ ᠭᠤᠭᠴᠤᠭ᠎ᠠ ᠲᠠᠢ᠂ ᠤᠯᠠᠨ ᠭᠠᠵᠠᠷ ᠭᠦᠶᠦᠬᠦ᠂ ᠤᠯᠠᠨ ᠤᠳᠠᠭ᠎ᠠ ᠭᠦᠶᠦᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠨ᠂ ᠭᠦᠢᠴᠡᠳᠬᠡᠬᠦ ᠴᠤᠪᠤᠷᠠᠯ ᠢ ᠳᠠᠬᠢᠨᠲᠠ ᠱᠤᠭᠤᠵᠤ᠂ ᠳ᠋ᠠᠶᠢᠲ᠋ᠠ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠵᠦ᠂ ᠡᠯ᠎ᠡ ᠬᠦᠷᠢᠶ᠎ᠡ ᠴᠠᠷᠠᠭᠠᠨ ᠤ ︽ᠨᠢᠭᠡ ᠤᠴᠢᠷ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃

4 (1).png

      ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠵᠦ ᠥᠭᠬᠦ︾ ᠶᠢ ᠪᠣᠳᠠᠲᠠᠢ ᠳᠤ ᠶᠠᠭᠠᠬᠢᠵᠦ ᠬᠡᠷᠡᠭᠵᠢᠭᠦᠯᠦᠭᠰᠡᠨ ᠪᠤᠢ︖

      ᠶᠠᠪᠤᠳᠠᠯ ᠨᠢᠭᠡ ᠪᠦᠷᠢ ᠳᠤ ᠴᠥᠮ ︽ᠲᠦᠷᠦᠭᠦᠯᠡᠬᠦ‍ ᠨᠢᠭᠡ ᠰᠠᠯᠠᠭ᠎ᠠ ᠮᠥᠴᠢᠷ᠂ ᠠᠵᠢᠯ ᠤᠨ ᠨᠢᠭᠡ ᠲᠤᠰᠬᠠᠶ ᠠᠩᠭᠢ᠂ ᠨᠢᠭᠡ ᠢᠵᠢ ᠠᠵᠢᠯ ᠤᠨ ᠲᠥᠰᠦᠯ︾ ᠢ ᠪᠠᠶᠢᠭᠤᠯᠤᠨ᠂ ︽ᠡᠳᠦᠷ ᠪᠣᠯᠭᠠᠨ ᠮᠥᠷᠳᠡᠨ ᠳᠠᠭᠠᠬᠤ᠂ ᠭᠠᠷᠠᠭ ᠪᠣᠯᠭᠠᠨ ᠲᠣᠬᠢᠷᠠᠭᠤᠯᠤᠯᠲᠠ ᠬᠢᠬᠦ᠂ ᠰᠠᠷ᠎ᠠ ᠪᠣᠯᠭᠠᠨ ᠨᠡᠪᠲᠡᠷᠡᠭᠦᠯᠦᠨ ᠮᠡᠳᠡᠭᠡᠯᠡᠬᠦ︾ ᠲᠣᠭᠲᠠᠴᠠ ᠶᠢ ᠬᠡᠷᠡᠭᠵᠢᠭᠦᠯᠵᠦ᠂ ︽ᠨᠢᠭᠡ ᠯᠠ ᠤᠳᠠᠭ᠎ᠠ ᠳᠤ ᠪᠦᠬᠦᠨ ᠢ ᠮᠡᠳᠡᠭᠳᠡᠬᠦ᠂ ᠣᠯᠠᠨ ᠬᠦᠰᠦᠨᠦᠭᠲᠦ ᠶᠢ ᠨᠢᠭᠡᠳᠬᠡᠬᠦ᠂ ᠨᠢᠭᠡ ᠯᠠ ᠬᠦᠰᠦᠨᠦᠭᠲᠦ ᠪᠠᠷ ᠭᠤᠶᠤᠴᠢᠯᠠᠨ ᠮᠡᠳᠡᠭᠦᠯᠬᠦ᠂ ᠨᠢᠭᠡ ᠯᠠ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠠ ᠰᠦᠯᠵᠢᠶ᠎ᠡ ᠪᠠᠷ ᠨᠡᠶᠢᠳᠡᠮ ᠳᠤ ᠨᠢ ᠭᠦᠢᠴᠡᠳᠭᠡᠬᠦ︾ ᠬᠤᠷᠠᠮᠠᠯ ᠬᠡᠯᠪᠡᠷᠢ ᠶᠢᠨ ᠭᠦᠢᠴᠡᠳᠭᠡᠬᠦ ᠰᠢᠨ᠎ᠡ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ᠃

      ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠵᠢᠯ ᠤᠨ ᠠᠯᠬᠤᠮ ᠳᠠᠷᠠᠭᠠᠯᠠᠯ ᠢ ᠪᠣᠭᠤᠨᠢᠰᠬᠠᠨ ᠠᠬᠢᠭᠤᠯᠵᠤ᠂ ᠭᠤᠣᠯᠳᠠᠯᠭ᠎ᠠ ᠪᠣᠯᠬᠤ ᠵᠦᠢᠯᠡᠰ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠷᠡᠭ ᠶᠠᠪᠤᠳᠠᠯ ᠨᠢᠭᠡ ᠪᠦᠷᠢ ᠶᠢ ᠰᠢᠢᠳᠪᠦᠷᠢᠯᠡᠬᠦ ᠠᠷᠭ᠎ᠠ ᠬᠡᠯᠪᠡᠷᠢ ᠪᠠᠨ ᠤᠯᠠᠨ ᠡᠰᠢᠵᠢᠬᠦᠯᠬᠦ᠂ ᠴᠤᠪᠤᠷᠠᠯ ᠢ ᠬᠠᠮᠤᠭ ᠤᠨ ᠰᠢᠯᠢᠳᠡᠭ ᠪᠣᠯᠭᠠᠬᠤ᠂ ᠲᠤᠰᠢᠶᠠᠬᠤ ᠮᠠᠲ᠋ᠧᠷᠢᠶᠠᠯ ᠢ ᠬᠠᠮᠤᠭ ᠤᠨ ᠳᠥᠭᠦᠮ ᠠᠪᠰᠠᠷᠬᠠᠨ᠂ ᠥᠪᠡᠷ ᠤᠨ ᠦᠷᠳᠡᠭ ᠢ ᠨᠢ ᠬᠠᠮᠤᠭ ᠤᠨ ᠳᠣᠣᠷ᠎ᠠ ᠪᠠᠶᠢᠯᠭᠠᠬᠤ ᠪᠠᠷ ᠴᠢᠷᠮᠠᠶᠢᠵᠤ᠂ ᠠᠵᠤ ᠠᠬᠤᠶᠢᠯᠠᠯ ᠤᠨ ᠪᠠ ᠤᠯᠠᠨ ᠲᠦᠮᠡᠨ ᠳᠤ ᠲᠦᠬᠦᠮ ᠦᠵᠡᠭᠦᠯᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃

5.jpg      ᠢᠳᠡᠭᠡᠨ ᠤᠮᠳᠠᠭᠠᠨ ᠤ ᠳᠡᠯᠭᠡᠭᠦᠷ ᠨᠡᠬᠡᠬᠡᠨ ᠡᠷᠬᠢᠯᠡᠬᠦ ᠪᠠᠷ ᠵᠢᠱᠢᠶᠡᠯᠡᠬᠦ ᠳᠤ᠂ ᠭᠤᠶᠤᠴᠢᠯᠠᠭᠴᠢ ᠰᠦᠯᠵᠢᠶ᠎ᠡ ᠪᠠᠷ ᠪᠤᠶᠤ ᠰᠦᠯᠵᠢᠶᠡᠨ ᠠᠴᠠ ᠭᠠᠳᠠᠭᠤᠷᠬᠢ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ᠂ ᠡᠭᠦᠳᠡᠨ ᠭᠡᠷ ᠤᠨ ᠭᠠᠳᠠᠨᠠᠬᠢ ᠫᠠᠶᠢᠰᠠ ᠢᠯᠡᠷᠬᠡᠶᠢᠯᠡᠯ ᠪᠡᠯᠡᠳᠬᠡᠮᠵᠢ ᠶᠢᠨ ᠵᠢᠷᠤᠮᠵᠢᠭᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠴᠤᠭᠯᠠᠷᠠᠬᠤ ᠭᠠᠵᠠᠷ ᠲᠠᠯᠠᠪᠤᠷ ᠢ ᠠᠰᠢᠭᠯᠠᠯᠲᠠ ᠳᠤ ᠣᠷᠣᠭᠤᠯᠵᠤ ᠡᠵᠡᠩᠨᠡᠬᠦ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ ᠳᠤ ᠭᠤᠶᠤᠴᠢᠯᠠᠨ ᠭᠦᠢᠴᠡᠳᠬᠡᠵᠦ ᠪᠣᠯᠤᠨ᠎ᠠ᠃

      ᠭᠤᠶᠤᠴᠢᠯᠠᠬᠤ ᠮᠠᠲ᠋ᠧᠷᠢᠶᠠᠯ ᠢ ᠦᠩᠭᠡᠷᠡᠭᠰᠡᠨ ᠳᠤ 21 ᠬᠤᠪᠢ ᠬᠤᠷᠢᠶᠠᠵᠤ ᠪᠠᠶᠢᠬᠰᠠᠨ ᠠᠴᠠ ᠣᠳᠣ 14 ᠬᠤᠪᠢ ᠶᠢᠨ ᠳᠤᠳᠤᠷ᠎ᠠ ᠪᠣᠯᠲᠠᠯ᠎ᠠ ᠴᠥᠬᠡᠳᠭᠡᠵᠦ᠂ ᠭᠦᠢᠴᠡᠳᠭᠡᠬᠦ ᠭᠤᠭᠴᠤᠭ᠎ᠠ ᠶᠢ ᠦᠩᠭᠡᠷᠡᠭᠰᠡᠨ ᠳᠤ 3 ᠪᠠᠶᠢᠭᠰᠠᠨ ᠠᠴᠠ ᠨᠢ 1 ᠪᠣᠯᠭᠠᠨ ᠴᠥᠬᠡᠳᠭᠡᠵᠦ᠂ ᠭᠦᠢᠴᠡᠳᠭᠡᠬᠦ ᠴᠠᠭ ᠤᠨ ᠬᠢᠵᠠᠭᠠᠷ ᠢ ᠦᠩᠭᠡᠷᠡᠭᠰᠡᠨ ᠳᠤ 22 ᠠᠵᠢᠯᠯᠠᠬᠤ ᠡᠳᠦᠷ ᠪᠠᠶᠢᠭᠰᠠᠨ ᠠᠴᠠ 9 ᠠᠵᠢᠯᠯᠠᠬᠤ ᠡᠳᠦᠷ ᠪᠤᠯᠭᠠᠨ ᠪᠤᠭᠤᠨᠢᠰᠬᠠᠵᠦ᠂ ᠨᠠᠭᠠᠰᠢ ᠴᠠᠭᠠᠰᠢ ᠬᠦᠶᠦᠬᠦ ᠤᠳᠠᠭ᠎ᠠ ᠶᠢ ᠦᠩᠭᠡᠷᠡᠭᠰᠡᠨ ᠳᠤ 6 ᠤᠳᠠᠭ᠎ᠠ ᠭᠦᠶᠦᠵᠦ ᠪᠠᠶᠢᠭᠰᠠᠨ ᠠᠴᠠ ᠨᠢ ᠬᠠᠮᠤᠭ ᠢᠯᠡᠭᠦᠦ ᠳᠤ ᠪᠠᠨ 1 ᠯᠠ ᠤᠳᠠᠭ᠎ᠠ ᠭᠦᠶᠦᠬᠦ ᠪᠣᠯᠭᠠᠪᠠ᠃

      2024 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠬᠢᠨ ᠨᠢ ᠢᠳᠡᠭᠡᠨ ᠤᠮᠳᠠᠭᠠᠨ ᠤ ᠳᠡᠯᠭᠡᠭᠦᠷ ᠤᠨ ︽ᠨᠢᠭᠡ ᠠᠵᠢᠯ ᠶᠠᠪᠤᠳᠠᠯ︾ ᠤᠨ ᠲᠤᠬᠠᠶᠢᠯᠠᠭᠰᠠᠨ ᠠᠵᠢᠯ ᠢ 8920 ᠬᠤᠪᠢ ᠭᠦᠢᠴᠡᠳᠭᠡᠪᠡ᠃

6.jpg

      ᠠᠵᠤ ᠠᠬᠤᠶᠢᠯᠠᠯ ᠤᠨ ᠲᠠᠯ᠎ᠠ ᠳᠤ᠄

      ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠠᠬᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠨᠡᠭᠡᠭᠡᠨ ᠡᠷᠬᠢᠯᠡᠬᠦ᠂ ᠢᠳᠡᠭᠡᠨ ᠤᠮᠳᠠᠭᠠᠨ ᠤ ᠳᠡᠯᠭᠡᠭᠦᠷ ᠢ ᠨᠡᠭᠡᠭᠡᠨ ᠡᠷᠬᠢᠯᠡᠬᠦ᠂ ᠤᠰᠤ ᠴᠠᠬᠢᠯᠭᠠᠨ ᠬᠡᠢ ᠢᠯᠴᠢ ᠲᠣᠣᠷ ᠰᠦᠯᠵᠢᠶᠡᠨ ᠳᠤ ᠭᠠᠷᠬᠤ ᠶᠢ ᠬᠠᠮᠲᠤᠷᠠᠭᠤᠯᠤᠨ ᠮᠡᠳᠡᠭᠦᠯᠦᠭᠰᠡᠨ ᠨᠢᠭᠡᠳᠦᠯᠲᠡᠢ ᠤᠭᠰᠠᠷᠠᠵᠤ ᠥᠭᠬᠦ᠂ ᠢᠲᠡᠭᠡᠮᠵᠢ ᠶᠢ ᠨᠢ ᠰᠡᠷᠭᠦᠭᠡᠬᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠬᠠᠤᠯᠢ ᠶᠣᠰᠤᠴᠢ ᠲᠣᠭᠲᠠᠭᠠᠯ ᠳᠤ ᠨᠡᠶᠢᠴᠡᠬᠦ ᠡᠰᠡᠬᠦ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠲᠠᠮᠫᠤᠷᠠᠬᠤ ᠪᠠᠷ ᠮᠡᠳᠡᠭᠦᠯᠦᠭᠰᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯ ᠢᠶᠠᠨ ᠬᠦᠴᠦᠨ ᠦᠭᠡᠢ ᠪᠣᠯᠭᠠᠬᠤ ᠵᠡᠷᠭᠡ 8 ︽ᠨᠢᠭᠡ ᠠᠵᠢᠯ ᠶᠠᠪᠤᠳᠠᠯ︾ ᠢ ᠪᠡᠶᠡᠯᠡᠭᠦᠯᠪᠡ᠃

      ᠬᠤᠪᠢ ᠬᠦᠮᠦᠨ ᠤ ᠲᠠᠯ᠎ᠠ ᠳᠤ᠄

      ᠰᠠᠶ᠋ᠢ ᠲᠦᠷᠦᠭᠰᠡᠨ ᠬᠡᠦᠬᠡᠳ ᠤᠨ ᠶᠠᠪᠤᠳᠠᠯ ᠤᠳ᠂ ᠰᠤᠷᠭᠠᠨ ᠬᠥᠮᠦᠵᠢᠭᠦᠯᠬᠦ ᠪᠠᠷ ᠰᠤᠷᠭᠠᠭᠤᠯᠢ ᠳᠤ ᠨᠡᠷ᠎ᠡ ᠮᠡᠳᠡᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠲᠤ ᠦᠢᠯᠡᠴᠢᠯᠡᠬᠦ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠠᠮᠠᠷᠠᠬᠤ ᠵᠡᠷᠭᠡ 5 ︽ᠨᠢᠭᠡ ᠠᠵᠢᠯ ᠶᠠᠪᠤᠳᠠᠯ︾ ᠢ ᠪᠡᠶᠡᠯᠡᠭᠦᠯᠪᠡ᠃

      ᠨᠡᠶᠢᠭᠡᠮ ᠤᠨ ᠠᠩᠬᠠᠷᠤᠯ ᠤᠨ ᠴᠡᠭ ᠲᠥᠪᠯᠡᠷᠡᠵᠦ ᠪᠠᠶᠢᠭ᠎ᠠ᠂ ᠬᠡᠷᠡᠭᠵᠢᠭᠦᠯᠬᠦ ᠶᠢ ᠠᠬᠢᠭᠤᠯᠬᠤ ᠲᠠᠯ᠎ᠠ ᠪᠠᠷ ᠬᠦᠴᠢᠷᠳᠡᠯ ᠶᠡᠭᠡ ᠲᠠᠢ ᠪᠠᠶᠢᠬᠤ᠄

      ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ᠂ ᠵᠠᠮ ᠬᠠᠷᠢᠯᠴᠠᠭᠠᠨ ᠤ ᠬᠦᠷᠢᠶᠡᠨ ᠳᠠᠬᠢ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠡᠨᠧᠷᠭᠢ ᠶᠢᠨ ᠬᠦᠷᠢᠶᠡᠨ ᠳᠠᠬᠢ ᠲᠥᠪᠯᠡᠷᠡᠩᠭᠦᠶ ᠮᠠᠶ᠋ᠢᠭ ᠤᠨ ᠭᠡᠷᠡᠯᠴᠢ ᠴᠡᠨᠡᠭ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ 3 ︽ᠨᠢᠭᠡ ᠠᠵᠢᠯ ᠶᠠᠪᠤᠳᠠᠯ︾ ᠢ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠶᠢᠨ ᠲᠠᠯ᠎ᠠ ᠳᠠᠬᠢ ᠰᠢᠨ᠎ᠡ ᠪᠠᠷ ᠨᠡᠮᠡᠭᠳᠡᠭᠦᠯᠦᠭᠰᠡᠨ ᠦᠷᠭᠡᠳᠭᠡᠬᠦ ᠵᠦᠢᠯᠡᠰ ᠪᠣᠯᠭᠠᠨ᠎ᠠ᠃

      ᠡᠯ᠎ᠡ ᠠᠶᠢᠮᠠᠭ ᠬᠤᠲᠠ ᠳᠤ᠄

      ᠥᠪᠡᠷ ᠥᠪᠡᠷ ᠤᠨ ᠪᠣᠳᠠᠲᠠᠢ ᠲᠠᠢ ᠪᠠᠨ ᠤᠶᠠᠯᠳᠤᠭᠤᠯᠤᠨ 108 ᠬᠤᠪᠢ ᠣᠨᠴᠠᠯᠢᠭ ᠪᠦᠬᠦᠢ ᠨᠢᠭᠡ ᠠᠵᠢᠯ ᠶᠠᠪᠤᠳᠠᠯ ᠢ ᠲᠣᠭᠲᠠᠭᠠᠪᠠ᠃

7.jpg

      ᠥᠪᠥᠷ ᠮᠣᠩᠭᠤᠯ ᠤᠨ ᠬᠢᠨ ᠨᠢ ᠨᠢᠭᠡᠳᠦᠯᠲᠡᠶ ᠪᠠᠷ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠵᠦ ᠥᠭᠬᠦ︾ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠬᠤ ᠳᠤ ᠲᠦᠰᠢᠭᠯᠡᠨ᠂ 120 ᠭᠠᠷᠤᠶ ᠵᠦᠢᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠭᠤᠯᠭ᠎ᠠ ᠶᠢ ᠡᠮᠬᠢᠯᠡᠨ ᠲᠣᠭᠲᠠᠭᠠᠵᠤ᠂ 48 ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠡᠪᠲᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠬᠠᠮᠤᠭ ᠤᠨ ᠪᠠᠭ᠎ᠠ ᠬᠡᠮᠵᠢᠶ᠎ᠡ ᠪᠠᠷ ᠮᠡᠳᠡᠭᠡ ᠵᠠᠩᠭᠢ ᠲᠠᠭᠯᠠᠭᠤᠯᠵᠤ᠂ ᠰᠠᠭᠤᠷᠢ ᠳ᠋ᠠᠶᠢᠲ᠋ᠠ ᠶᠢ ᠬᠦᠰᠦᠨᠦᠭ ᠲᠤ ᠠᠦ᠋ᠲ᠋ᠣ᠋ ᠪᠠᠷ ᠭᠠᠷᠭᠠᠬᠤ ᠬᠠᠷᠠᠯᠲᠠ ᠶᠢ ᠪᠡᠶᠡᠯᠡᠭᠦᠯᠪᠡ᠃

     ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠥᠩᠬᠡ ᠰᠤᠪᠠᠭ︾ ᠰᠢᠯᠵᠢᠮᠡᠯ ᠦᠵᠦᠭᠦᠷ ᠲᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠵᠦ ᠥᠭᠬᠦ︾ ᠲᠤᠰᠬᠠᠶ ᠲᠣᠭᠤᠷᠢᠭ ᠢ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠬᠡᠷ ᠠᠴᠠ ᠪᠠᠨ ᠭᠠᠷᠬᠤ ᠦᠭᠡᠢ ᠪᠠᠷ ᠤᠴᠢᠷ ᠶᠠᠪᠤᠳᠠᠯ ᠢ ᠪᠦᠲᠦᠭᠡᠵᠦ ᠳᠡᠶᠢᠯᠬᠦ ᠪᠣᠯᠭᠠᠪᠠ᠃ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 1800 ᠭᠠᠷᠤᠶ ︽ᠶᠡᠷᠦᠩᠬᠡᠶᠢᠯᠡᠭᠰᠡᠨ ᠴᠣᠩᠬᠤᠪᠴᠢ︾ ᠳᠤ ᠲᠦᠰᠢᠭᠯᠡᠨ ᠵᠥᠷᠢᠶ᠎ᠡ ᠥᠬᠡᠶ ᠦᠢᠯᠡᠴᠢᠯᠡᠭᠡ ᠬᠠᠩᠭᠠᠪᠠ᠃

8.jpg

      12345 ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢᠨ ᠪᠠᠶᠢᠴᠠᠭᠠᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠵᠠᠮ ᠢ ᠠᠰᠢᠭᠯᠠᠨ᠂ ᠠᠵᠤ ᠠᠬᠤᠶᠢᠯᠠᠯ ᠤᠨ ᠪᠠ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠠᠵᠤ ᠠᠬᠤᠶᠢᠯᠠᠯ ᠤᠨ ᠪᠠ ᠣᠯᠠᠨ ᠲᠦᠮᠡᠨ ᠤ ᠠᠵᠢᠯ ᠭᠦᠢᠴᠡᠳᠬᠡᠬᠦ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠪᠡ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠵᠤ᠂ ᠴᠠᠭ ᠲᠤᠬᠠᠶ ᠳᠤᠨᠢ ︽ᠰᠢᠯᠢᠳᠡᠭᠵᠢᠭᠦᠯᠬᠦ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ ᠬᠤᠷᠢᠶᠠᠨ ᠴᠤᠭᠯᠠᠭᠤᠯᠵᠤ ᠡᠮᠬᠢᠯᠡᠨ ᠲᠢᠭᠯᠡᠭᠰᠡᠨ 120 ᠭᠠᠷᠤᠶ ᠵᠤᠷᠪᠤᠰ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠠᠵᠢᠯ ᠤᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠵᠦ ᠥᠭᠬᠦ︾ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠪᠠ᠃

      ᠡᠳᠡᠭᠡᠷ ︽ᠨᠢᠭᠡ ᠠᠵᠢᠯ ᠶᠠᠪᠤᠳᠠᠯ︾ ᠳᠣᠲᠣᠨᠣ ᠪᠥᠭᠡᠳ ᠳᠥᠬᠦᠮ᠃

      01 ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠲᠤ ᠦᠢᠯᠡᠴᠢᠯᠡᠬᠦ ︽ᠨᠢᠭᠡ ᠠᠵᠢᠯ ᠶᠠᠪᠤᠳᠠᠯ︾

      ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ᠂ ᠠᠵᠢᠯ ᠣᠯᠭᠤᠯᠲᠠ ᠶᠢᠨ ᠨᠥᠬᠦᠪᠥᠷᠢ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ ᠵᠡᠷᠭᠡ ᠶᠢ ᠠᠪᠴᠤ᠂ ᠨᠡᠶᠢᠭᠡᠮ ᠤᠨ ᠪᠠᠲᠤᠯᠠᠭ᠎ᠠ ᠶᠢᠨ ᠪᠡᠶᠡᠲᠦ ᠺᠠᠷᠲ ᠢ ᠬᠡᠷᠡᠭᠯᠡᠵᠦ ᠪᠣᠯᠤᠨ᠎ᠠ᠃ ᠥᠪᠥᠷ ᠮᠣᠩᠭᠤᠯ ᠤᠨ 12 ᠠᠶᠢᠮᠠᠭ ᠬᠤᠲᠠ ᠶᠢᠨ 2 ᠲᠦᠮᠡ ᠭᠠᠷᠤᠢ ᠡᠮᠨᠡᠯᠭᠡ ᠶᠢᠨ ᠬᠤᠷᠢᠶ᠎ᠠ ᠪᠣᠯᠤᠨ ᠡᠮ ᠤᠨ ᠳᠡᠯᠭᠡᠭᠦᠷ᠂ ᠪᠤᠰᠤᠳ ᠮᠣᠵᠢ ᠬᠤᠲᠠ ᠶᠢᠨ 4 ᠮᠢᠩᠭ᠎ᠠ ᠭᠠᠷᠤᠢ ᠡᠮᠨᠡᠯᠭᠡ ᠶᠢᠨ ᠬᠤᠷᠢᠶ᠎ᠠ ᠪᠠ 1 ᠲᠦᠮᠡ 6 ᠮᠢᠩᠭ᠎ᠠ ᠭᠠᠷᠤᠢ ᠡᠮ ᠤᠨ ᠳᠡᠯᠭᠡᠭᠦᠷ ᠲᠤ ᠴᠥᠮ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠬᠡᠰᠡᠭ ᠭᠠᠵᠠᠷ ᠣᠷᠣᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠨᠣᠮ ᠵᠢᠭᠡᠯᠡᠵᠦ ᠪᠤᠴᠠᠭᠠᠬᠤ᠂ ᠮᠦᠽᠧᠢ᠂ ᠤᠷᠠᠨ ᠵᠢᠷᠤᠭ ᠤᠨ ᠣᠷᠳᠣᠨ ᠢᠶᠠᠷ ᠲᠣᠭᠤᠷᠢᠬᠤ ᠶᠢ ᠪᠡᠶᠡᠯᠡᠭᠦᠯᠵᠦ᠂ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠲᠤ ᠬᠤᠭᠤᠯᠠ ᠢᠳᠡᠬᠦ ᠪᠠ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠵᠡᠷᠭᠡ ᠳᠤ ᠬᠡᠷᠡᠭᠯᠡᠭᠦᠯᠬᠦ ᠶᠢ ᠨᠢ ᠪᠡᠶᠡᠴᠢᠯᠡᠨ ᠣᠶᠢᠯᠠᠭᠠᠭᠤᠯᠵᠤ ᠪᠠᠶᠢᠨ᠎ᠠ᠃

      02 ᠨᠢᠯᠬ᠎ᠠ ᠬᠡᠦᠬᠡᠳ ᠮᠡᠨᠳᠦᠯᠡᠬᠦ ︽ᠨᠢᠭᠡ ᠠᠵᠢᠯ ᠶᠠᠪᠤᠳᠠᠯ︾

      ᠲᠤᠬᠠᠶᠢᠯᠠᠭᠰᠠᠨ ᠠᠵᠢᠯ ᠤᠨ 22 ᠭᠤᠭᠴᠤᠭ᠎ᠠ ᠶᠢ 2 ᠭᠤᠭᠴᠤᠭ᠎ᠠ ᠪᠣᠯᠭᠠᠨ ᠪᠠᠭᠠᠰᠬᠠᠵᠤ᠂ ᠭᠦᠢᠴᠡᠳᠭᠡᠬᠦ ᠴᠠᠭ ᠢ 90 ᠡᠳᠦᠷ ᠣᠷᠴᠢᠮ ᠪᠠᠶᠢᠭᠰᠠᠨ ᠠᠴᠠ ᠨᠢ 7 ᠡᠳᠦᠷ ᠠᠴᠠ ᠬᠡᠲᠦᠷᠡᠬᠦ ᠦᠭᠡᠢ ᠪᠣᠯᠭᠠᠨ ᠪᠠᠭᠠᠰᠬᠠᠵᠤ᠂ ᠪᠡᠯᠡᠳᠬᠡᠬᠦ ᠮᠠᠲ᠋ᠧᠷᠢᠶᠠᠯ ᠢ ᠨᠢ 24 ᠬᠤᠪᠢ  ᠪᠠᠶᠢᠭᠰᠠᠨ ᠠᠴᠠ  6 ᠬᠤᠪᠢ ᠪᠣᠯᠭᠠᠨ ᠪᠠᠭᠠᠰᠬᠠᠵᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠤᠭᠤᠷᠣᠨᠳᠤ ᠨᠠᠭᠠᠰᠢ ᠴᠠᠭᠠᠰᠢ ᠭᠦᠶᠦᠬᠦ ᠤᠳᠠᠭ᠎ᠠ ᠨᠢ 6 ᠤᠳᠠᠭ᠎ᠠ ᠪᠠᠶᠢᠭᠰᠠᠨ ᠠᠴᠠ ᠨᠢ ᠬᠠᠮᠤᠭ ᠢᠯᠡᠭᠦᠦ ᠳᠤ ᠪᠠᠨ 1 ᠤᠳᠠᠭ᠎ᠠ ᠭᠦᠶᠦᠬᠦ ᠪᠣᠯᠭᠠᠨ ᠪᠠᠭᠠᠰᠬᠠᠵᠤ᠂ ᠰᠦᠯᠵᠢᠶ᠎ᠡ ᠪᠠᠷ ᠭᠤᠶᠤᠴᠢᠯᠠᠬᠤ ᠪᠠᠷ ᠳᠠᠮᠵᠢᠭᠤᠯᠤᠨ ᠭᠡᠷ ᠲᠤ ᠨᠢ ᠰᠢᠤᠳᠠᠨ ᠢᠶᠠᠷ ᠬᠦᠷᠭᠡᠵᠦ᠂ 0 ᠭᠦᠶᠤᠯᠳᠡ ᠶᠢ ᠪᠡᠶᠡᠯᠡᠭᠦᠯᠪᠡ᠃

      ᠥᠪᠥᠷ ᠮᠣᠩᠭᠤᠯ ᠤᠨ ᠨᠢᠯᠬ᠎ᠠ ᠬᠡᠦᠬᠡᠳ ᠮᠡᠨᠳᠦᠯᠡᠬᠦ ︽ᠨᠢᠭᠡ ᠠᠵᠢᠯ ᠶᠠᠪᠤᠳᠠᠯ︾ ᠤᠨ ᠲᠤᠷᠰᠢᠯᠭ᠎ᠠ ᠬᠢᠳᠡᠯ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ︽ᠬᠤᠤᠰ ᠠᠷᠪᠠ ᠵᠠᠭᠤ ᠮᠢᠩᠭᠠᠨ︾ ᠢᠨᠵᠧᠨᠧᠷᠢᠩ ᠤᠨ ᠣᠯᠤᠭᠰᠠᠨ ᠦᠷ᠎ᠡ ᠪᠦᠲᠦᠮᠵᠢ ᠪᠠᠷ ᠲᠣᠭᠲᠠᠭᠠᠭᠳᠠᠪᠠ᠃

      03 ᠰᠤᠷᠭᠠᠨ ᠬᠥᠮᠦᠵᠢᠭᠦᠯᠬᠦ ᠪᠠᠷ ᠰᠤᠷᠭᠠᠭᠤᠯᠢ ᠳᠤ ᠣᠷᠣᠬᠤ ︽ᠨᠢᠭᠡ ᠠᠵᠢᠯ ᠶᠠᠪᠤᠳᠠᠯ︾

      ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠦᠨᠡᠮᠯᠡᠯ ᠢ ᠬᠠᠷᠭᠤᠭᠤᠯᠤᠨ ᠪᠠᠶᠢᠴᠠᠭᠠᠬᠤ ᠪᠠ ᠡᠯᠧᠺᠲᠷᠣᠨ ᠦᠨᠡᠮᠯᠡᠯ ᠯᠦᠭᠡ ᠬᠤᠣᠰᠯᠠᠭᠤᠯᠤᠨ ᠬᠡᠷᠡᠭᠯᠡᠭᠦᠯᠬᠦ ᠶᠢ ᠪᠡᠶᠡᠯᠡᠭᠦᠯᠵᠦ᠂ 12 ᠠᠶᠢᠮᠠᠭ ᠬᠤᠲᠠ ᠶᠢᠨ ᠰᠢᠰᠲ᠋ᠧᠮ ᠨᠢ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠵᠠᠯᠭᠠᠨ ᠤᠭᠰᠠᠷᠠᠵᠤ᠂ ᠰᠦᠯᠵᠢᠶᠡᠨ ᠠᠴᠠ ᠭᠠᠳᠠᠭᠤᠷᠬᠢ ᠬᠥᠮᠦᠨ ᠤ ᠬᠦᠴᠦ ᠪᠠᠷ ᠬᠢᠨᠠᠨ ᠬᠠᠷᠭᠤᠭᠤᠯᠬᠤ ᠶᠢ ᠠᠯᠬᠤᠮ ᠠᠯᠬᠤᠮ ᠢᠶᠠᠷ ᠰᠦᠯᠵᠢᠶ᠎ᠡ ᠪᠠᠷ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠪᠣᠯᠭᠠᠨ ᠬᠤᠪᠢᠷᠠᠭᠤᠯᠵᠤ᠂ ᠬᠡᠷ ᠤᠨ ᠠᠬᠠᠮᠠᠳ ᠤᠨ ᠨᠡᠷ᠎ᠡ ᠮᠡᠳᠡᠭᠦᠯᠬᠦ ᠶᠠᠪᠤᠳᠠᠯ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠰᠠᠨᠠᠭ᠎ᠠ ᠠᠮᠤᠷ ᠭᠦᠢᠴᠡᠳᠬᠡᠬᠦ︾ ᠪᠣᠯᠭᠠᠨ ᠪᠡᠶᠡᠯᠡᠭᠦᠯᠵᠦ᠂ ︽ᠴᠢᠬᠤᠯᠠ ᠪᠤᠰᠤ ᠪᠣᠯ ᠦᠯᠦ ᠬᠠᠩᠭᠠᠬᠤ︾ ᠵᠠᠷᠴᠢᠮ ᠶᠣᠰᠣᠭᠠᠷ᠂ ᠮᠠᠲ᠋ᠧᠷᠢᠶᠠᠯ ᠲᠤᠰᠢᠶᠠᠬᠤ ᠲᠤᠭ᠎ᠠ ᠬᠡᠮᠵᠢᠶ᠎ᠡ ᠶᠢ ᠶᠡᠭᠡ ᠪᠠᠷ ᠪᠠᠭᠠᠰᠬᠠᠬᠤ ᠶᠢᠨ ᠬᠠᠮᠲᠤ᠂ ᠰᠦᠯᠵᠢᠶᠡᠨ ᠠᠴᠠ ᠭᠠᠳᠠᠭᠤᠷᠬᠢ ᠣᠷᠣᠯᠠᠨ ᠭᠦᠢᠴᠡᠳᠬᠡᠬᠦ ᠴᠡᠭ ᠭᠠᠷᠭᠠᠵᠤ᠂ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠪᠡ᠃

      ᠦᠢᠯᠡᠴᠢᠯᠡᠭᠡᠨ ᠤ ᠦᠷ᠎ᠡ ᠪᠦᠲᠦᠮᠵᠢ

      ᠥᠩᠭᠡᠷᠡᠭᠰᠡᠨ ᠳᠤ᠂ ᠰᠤᠷᠭᠠᠨ ᠬᠥᠮᠦᠵᠢᠭᠦᠯᠬᠦ ᠪᠠᠷ ᠰᠤᠷᠭᠠᠭᠤᠯᠢ ᠳᠤ ᠣᠷᠣᠬᠤ ᠨᠢᠭᠡ ᠠᠵᠢᠯ ᠶᠠᠪᠤᠳᠠᠯ ‍ᠤᠨ‌‍ᠴᠤᠪᠤᠷᠠᠯ ᠤᠨ ᠵᠠᠷᠤᠴᠠᠭᠤᠯᠬᠤ ᠴᠠᠭ ᠨᠢ ᠣᠷᠳᠣ᠂ ᠦᠷ᠎ᠡ ᠪᠦᠲᠦᠮᠵᠢ ᠨᠢ ᠥᠨᠳᠥᠷ ᠪᠢᠰᠢ ᠪᠠᠶᠢᠵᠠᠢ᠃ ᠭᠦᠢᠴᠡᠳᠭᠡᠬᠦ ᠴᠠᠭ ᠨᠢ 7 ᠠᠵᠢᠯᠯᠠᠬᠤ ᠡᠳᠦᠷ ᠪᠠᠶᠢᠵᠤ᠂ ᠨᠠᠭᠠᠰᠢ ᠴᠠᠭᠠᠰᠢ ᠭᠦᠶᠦᠬᠦ ᠤᠳᠠᠭ᠎ᠠ ᠨᠢ ᠬᠢᠵᠠᠭᠠᠷ ᠥᠬᠡᠶ᠂ ᠲᠤᠰᠢᠶᠠᠬᠤ ᠮᠠᠲ᠋ᠧᠷᠢᠶᠠᠯ ᠨᠢ 10 ᠬᠤᠪᠢ᠂ ᠭᠦᠢᠴᠡᠳᠬᠡᠬᠦ ᠬᠤᠭᠤᠴᠠᠭ᠎ᠠ ᠨᠢ 1᠃

      VS

     ᠣᠳᠣ ᠰᠤᠷᠭᠠᠨ ᠬᠥᠮᠦᠵᠢᠭᠦᠯᠬᠦ ᠪᠠᠷ ᠰᠤᠷᠭᠠᠭᠤᠯᠢ ᠳᠤ ᠣᠷᠣᠬᠤ ᠨᠢᠭᠡ ᠠᠵᠢᠯ ᠶᠠᠪᠤᠳᠠᠯ ᠢ ᠭᠦᠢᠴᠡᠳᠬᠡᠬᠦ ᠳᠤ ᠰᠢᠢᠳᠪᠦᠷᠢᠯᠡᠵᠦ ᠳᠠᠭᠤᠰᠬᠠᠬᠤ ᠴᠠᠭ ᠢ ᠶᠡᠭᠡ ᠪᠠᠷ ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠭᠦᠢᠴᠡᠳᠬᠡᠬᠦ ᠴᠠᠭ ᠨᠢ ᠳᠠᠷᠤᠢ ᠳᠤᠨᠢ ᠭᠦᠢᠴᠡᠳᠬᠡᠯᠭᠡᠨ᠎ᠡ᠂ ᠭᠦᠶᠦᠬᠦ ᠤᠳᠠᠭ᠎ᠠ ᠶᠢᠨ ᠲᠤᠭ᠎ᠠ ᠶᠢ ᠬᠠᠮᠤᠭ ᠢᠯᠡᠭᠦᠦ ᠳᠤ ᠪᠠᠨ ᠨᠢᠭᠡ ᠯᠠ ᠤᠳᠠᠭ᠎ᠠ ᠭᠦᠶᠦᠯᠭᠡᠨ᠎ᠡ᠂ ᠲᠤᠰᠢᠶᠠᠬᠤ ᠮᠠᠲ᠋ᠧᠷᠢᠶᠠᠯ ᠨᠢ 3 ᠬᠤᠪᠢ᠂ ᠭᠦᠢᠴᠡᠳᠬᠡᠬᠦ ᠬᠤᠭᠤᠴᠠᠭ᠎ᠠ ᠨᠢ 1᠃

      04 ᠲᠡᠭᠡᠭᠡᠪᠦᠷᠢ ᠶᠢᠨ ᠠᠵᠤ ᠠᠬᠤᠶᠢᠯᠠᠯ ᠢ ᠨᠡᠭᠡᠭᠡᠨ ᠡᠷᠬᠢᠯᠡᠬᠦ ᠲᠠᠯ᠎ᠠ ᠳᠠᠬᠢ ︽ᠨᠢᠭᠡ ᠠᠵᠢᠯ ᠶᠠᠪᠤᠳᠠᠯ︾

      ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠰᠢᠯᠭᠠᠬᠤ᠂ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠵᠥᠪᠰᠢᠶᠡᠷᠡᠯ ᠢ ᠭᠦᠢᠴᠡᠳᠬᠡᠬᠦ᠂ ᠰᠢᠨ᠎ᠡ ᠪᠠᠷ ᠨᠡᠮᠡᠭᠳᠡᠭᠰᠡᠨ ᠲᠡᠷᠭᠡᠨ ᠳᠤ ᠵᠠᠮ ᠲᠡᠭᠡᠭᠡᠪᠦᠷᠢ ᠶᠢᠨ ᠦᠨᠡᠮᠯᠡᠯ ᠭᠤᠶᠤᠴᠢᠯᠠᠬᠤ 3 ᠵᠦᠢᠯ ᠤᠨ ᠤᠴᠢᠷ ᠶᠠᠪᠤᠳᠠᠯ ᠢ ᠨᠡᠶᠢᠯᠡᠭᠦᠯᠦᠨ ᠰᠢᠢᠳᠪᠦᠷᠢᠯᠡᠵᠦ᠂ ᠨᠡᠶᠢᠯᠡᠭᠦᠯᠦᠨ ᠬᠢᠨᠠᠨ ᠵᠥᠪᠰᠢᠶᠡᠷᠡᠵᠦ᠂ ᠭᠤᠶᠤᠴᠢᠯᠠᠭᠰᠠᠨ ᠢ ᠨᠢᠭᠡ ᠯᠡ ᠤᠳᠠᠭ᠎ᠠ ᠳᠤ ᠪᠦᠬᠦᠨ ᠢ ᠰᠢᠢᠳᠪᠦᠷᠢᠯᠡᠵᠦ ᠳᠠᠭᠤᠰᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠣᠶᠤᠨᠴᠢ ᠵᠠᠮᠴᠢᠯᠠᠭᠤᠯᠤᠨ ᠲᠠᠭᠯᠠᠭᠤᠯᠬᠤ ᠠᠷᠭ᠎ᠠ ᠵᠠᠮ ᠢᠶᠠᠷ ᠳᠠᠮᠵᠢᠭᠤᠯᠤᠨ᠂ ᠲᠠᠭᠯᠠᠬᠤ ᠶᠢᠨ ᠶᠠᠷᠰᠢᠭ ᠲᠦᠪᠡᠭ ᠢ ᠲᠤᠶᠢᠯ ᠤᠨ ᠶᠡᠭᠡ ᠪᠠᠷ ᠪᠠᠭᠤᠷᠠᠭᠤᠯᠵᠠᠢ᠃ 

      05 ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠬᠤᠪᠢᠷᠠᠯᠲᠠ ᠶᠢᠨ ︽ᠨᠢᠭᠡ ᠠᠵᠢᠯ ᠶᠠᠪᠤᠳᠠᠯ︾

      ᠠᠵᠤ ᠠᠬᠤᠶᠢᠯᠠᠯ ᠤᠨ ᠬᠤᠪᠢᠷᠠᠯᠲᠠ ᠶᠢᠨ ᠳᠠᠩᠰᠠᠯᠠᠯᠲᠠ᠂ ᠲᠠᠮᠠᠭ᠎ᠠ ᠰᠡᠶᠢᠯᠬᠦ᠂ ᠪᠠᠩᠬᠢ ᠶᠢᠨ ᠦᠨᠳᠦᠰᠦᠨ ᠲᠠᠩᠰᠠᠨ ᠡᠷᠦᠬᠡ ᠶᠢ ᠬᠤᠪᠢᠷᠠᠭᠤᠯᠬᠤ ᠪᠠᠷ ᠪᠣᠯᠵᠣᠬᠤ᠂ ᠭᠠᠶᠢᠯᠢ ᠡᠵᠡᠮᠰᠢᠬᠦ ᠲᠥᠬᠦᠭᠡᠷᠦᠮᠵᠢ ᠶᠢ ᠬᠠᠪᠢᠷᠭᠠᠨ ᠲᠠᠷᠬᠠᠭᠠᠬᠤ᠂ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢ ᠬᠤᠪᠢᠷᠭᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠬᠠᠳᠠᠭᠠᠯᠠᠬᠤ ᠳᠠᠩᠰᠠᠯᠠᠯᠲᠠ ᠶᠢ ᠬᠤᠪᠢᠷᠠᠭᠠᠬᠤ ᠵᠡᠷᠭᠡ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢᠨ ᠬᠤᠪᠢᠷᠭᠠᠯᠲᠠ ᠶᠢᠨ ᠵᠦᠢᠯ ᠢ ᠨᠢᠭᠡ ᠯᠡ ᠤᠳᠠᠭ᠎ᠠ ᠳᠡᠭᠡᠷ᠎ᠡ ᠭᠤᠶᠤᠴᠢᠯᠠᠨ ᠭᠦᠢᠴᠡᠳᠬᠡᠵᠦ ᠪᠣᠯᠤᠨ᠎ᠠ᠃

      ᠠᠵᠤ ᠠᠬᠤᠶᠢᠯᠠᠯ ᠤᠨ ᠵᠥᠪᠬᠡᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠭᠠᠯᠲᠠ ᠶᠢᠨ ︽ᠨᠢᠭᠡ ᠠᠵᠢᠯ ᠶᠠᠪᠤᠳᠠᠯ︾ ᠤᠨ ᠰᠢᠰᠲ᠋ᠧᠮ ᠳᠤ ᠪᠦᠷᠢᠳᠬᠡᠨ ᠲᠡᠮᠳᠡᠭᠯᠡᠭᠦᠯᠦᠭᠰᠡᠨ ᠤ ᠳᠠᠷᠠᠭ᠎ᠠ᠂ ᠬᠠᠮᠤᠭ ᠢᠯᠡᠭᠦᠦ ᠳᠤ ᠪᠠᠨ 6 ᠬᠤᠪᠢ ᠮᠠᠲ᠋ᠧᠷᠢᠶᠠᠯ ᠢ ᠲᠠᠭᠯᠠᠵᠤ ᠮᠡᠳᠡᠭᠦᠯᠪᠡᠯ ᠪᠣᠯᠴᠢᠬᠠᠨ᠎ᠠ᠂ 1 ᠠᠵᠢᠯᠯᠠᠬᠤ ᠡᠳᠦᠷ ᠤᠨ ᠳᠣᠲᠣᠷ᠎ᠠ 6 ᠵᠦᠢᠯ ᠤᠨ ᠬᠤᠪᠢᠷᠭᠠᠯᠲᠠ ᠶᠢ ᠪᠡᠶᠡᠯᠡᠭᠦᠯᠦᠨ᠎ᠡ᠃ ᠢᠨᠲ᠋ᠧᠷ ᠰᠦᠯᠵᠢᠶ᠎ᠡ ᠪᠠᠷ ᠳᠠᠮᠵᠢᠭᠤᠯᠤᠨ ︽ᠬᠡᠷ ᠠᠴᠠ ᠪᠠᠨ ᠭᠠᠷᠬᠤ ᠥᠬᠡᠶ︾ ᠪᠠᠷ ᠳᠠᠷᠤᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠬᠤᠪᠢᠷᠠᠭᠠᠬᠤ ᠤᠴᠢᠷ ᠶᠠᠪᠤᠳᠠᠯ ᠢ ᠭᠦᠢᠴᠡᠳᠭᠡᠵᠦ ᠪᠣᠯᠤᠨ᠎ᠠ᠃

      ᠦᠢᠯᠡᠴᠢᠯᠡᠭᠡᠨ ᠤ ᠦᠷ᠎ᠡ ᠪᠦᠲᠦᠮᠵᠢ

      ᠥᠩᠭᠡᠷᠡᠭᠰᠡᠨ ᠳᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠠᠬᠤ ᠨᠢᠭᠡ ᠠᠵᠢᠯ ᠶᠠᠪᠤᠳᠠᠯ ᠢ ᠭᠦᠢᠴᠡᠳᠬᠡᠬᠦ ᠳᠤ ᠴᠤᠪᠤᠷᠠᠯ ᠤᠨ ᠵᠠᠷᠤᠴᠠᠭᠤᠯᠬᠤ ᠴᠠᠭ ᠨᠢ ᠣᠷᠳᠣ᠂ ᠦᠷ᠎ᠡ ᠪᠦᠲᠦᠮᠵᠢ ᠨᠢ ᠥᠨᠳᠥᠷ ᠪᠢᠰᠢ ᠪᠠᠶᠢᠵᠠᠢ᠃ ᠭᠦᠢᠴᠡᠳᠭᠡᠬᠦ ᠴᠠᠭ ᠨᠢ 6 ᠠᠵᠢᠯᠯᠠᠬᠤ ᠡᠳᠦᠷ ᠪᠠᠶᠢᠵᠤ᠂ ᠨᠠᠭᠠᠰᠢ ᠴᠠᠭᠠᠰᠢ ᠭᠦᠶᠦᠬᠦ ᠤᠳᠠᠭ᠎ᠠ ᠨᠢ 6 ᠤᠳᠠᠭ᠎ᠠ᠂ ᠲᠤᠰᠢᠶᠠᠬᠤ ᠮᠠᠲ᠋ᠧᠷᠢᠶᠠᠯ ᠨᠢ 14 ᠬᠤᠪᠢ᠂ ᠭᠦᠢᠴᠡᠳᠬᠡᠬᠦ ᠬᠤᠭᠤᠴᠠᠭ᠎ᠠ ᠨᠢ 6᠃

      VS

     ᠣᠳᠣ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠠᠬᠤ ᠨᠢᠭᠡ ᠠᠵᠢᠯ ᠶᠠᠪᠤᠳᠠᠯ ᠢ ᠭᠦᠢᠴᠡᠳᠬᠡᠬᠦ ᠳᠤ ᠰᠢᠢᠳᠪᠦᠷᠢᠯᠡᠵᠦ ᠳᠠᠭᠤᠰᠬᠠᠬᠤ ᠴᠠᠭ ᠢ ᠶᠡᠭᠡ ᠪᠠᠷ ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠭᠦᠢᠴᠡᠳᠭᠡᠬᠦ ᠴᠠᠭ ᠨᠢ 1 ᠠᠵᠢᠯᠯᠠᠬᠤ ᠡᠳᠦᠷ ᠪᠠᠶᠢᠵᠤ᠂ ᠨᠠᠭᠠᠰᠢ ᠴᠠᠭᠠᠰᠢ ᠭᠦᠶᠦᠬᠦ ᠤᠳᠠᠭ᠎ᠠ ᠨᠢ ᠬᠠᠮᠤᠭ ᠢᠯᠡᠭᠦᠦ ᠳᠤ ᠪᠠᠨ 1 ᠤᠳᠠᠭ᠎ᠠ᠂ ᠲᠤᠰᠢᠶᠠᠬᠤ ᠮᠠᠲ᠋ᠧᠷᠢᠶᠠᠯ ᠨᠢ 6 ᠬᠤᠪᠢ᠂ ᠭᠦᠢᠴᠡᠳᠬᠡᠬᠦ ᠬᠤᠭᠤᠴᠠᠭ᠎ᠠ ᠨᠢ 1 ᠪᠣᠢ᠃

      ᠠᠷᠠᠳ ᠲᠤ ᠠᠰᠢᠭ ᠲᠠᠢ ᠶᠠᠪᠤᠳᠠᠯ ᠯᠠ ᠶᠤᠮ ᠪᠣᠯ ᠨᠢᠭᠡ ᠦᠰᠦ ᠨᠢᠭᠡ ᠰᠢᠷᠬᠡᠭ ᠲᠡᠳᠦᠢ ᠴᠤ ᠪᠠᠶᠢᠯ᠎ᠠ ᠭᠡᠳ ᠬᠡᠷᠡᠭᠵᠢᠭᠦᠯᠵᠦ ᠶᠠᠪᠤᠭᠳᠠᠭᠤᠯᠤᠨ᠎ᠠ

      ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠵᠦ ᠥᠭᠬᠦ︾ ᠪᠣᠯ ᠥᠭᠡᠷᠡᠴᠢᠯᠡᠯᠲᠡ ᠶᠢᠨ ᠬᠠᠨᠳᠤᠰᠢ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠰᠡᠳᠬᠢᠯ ᠤᠨ ᠬᠦᠰᠡᠯ ᠨᠠᠶᠢᠳᠠᠯᠭ᠎ᠠ ᠮᠥᠨ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠠᠴᠠ ᠤᠯᠠᠮ ᠣᠯᠠᠨ ᠲᠦᠮᠡᠨ ᠲᠡᠶᠢᠰᠢ ᠣᠶᠢᠷᠠᠲᠤᠭᠤᠯᠬᠤ ᠲᠤᠲᠤᠮ᠂ ᠣᠯᠠᠨ ᠲᠦᠮᠡᠨ ᠢ ᠳᠤᠲᠠᠭᠤ ᠨᠢᠭᠡ ᠤᠳᠠᠭ᠎ᠠ ᠬᠦᠴᠢᠷᠳᠡᠯ ᠳᠤ ᠲᠤᠯᠭᠠᠷᠠᠭᠤᠯᠵᠤ᠂ ᠳᠤᠲᠠᠭᠤ ᠨᠢᠭᠡ ᠤᠳᠠᠭ᠎ᠠ ᠭᠦᠶᠦᠯᠭᠡᠵᠦ᠂ ᠠᠵᠤ ᠠᠬᠤᠶᠢᠯᠠᠯ ᠡᠷᠲᠡ ᠨᠢᠭᠡ ᠡᠳᠦᠷ ᠠᠰᠢᠭ ᠣᠯᠵᠤ ᠳᠡᠶᠢᠯᠦᠨ᠎ᠡ᠃

      ᠢᠷᠡᠭᠡᠳᠦᠢ ᠳᠤ᠂ ᠨᠡᠩ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠤ ᠬᠤᠯᠪᠣᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠲᠠᠰᠤᠷᠠᠯᠲᠠ ᠦᠭᠡᠢ ᠨᠡᠮᠡᠭᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠬᠠᠮᠲᠤᠪᠠᠷ ᠨᠢᠭᠲᠠᠷᠠᠭᠤᠯᠵᠤ᠂ ᠰᠢᠨ᠎ᠡ ᠨᠢᠭᠡ ᠵᠢᠯ ᠤᠨ ᠬᠠᠷᠠᠯᠲᠠ ᠵᠦᠭ ᠤᠷᠤᠭᠰᠢᠯᠠᠬᠤ ᠶᠢ ᠬᠦᠰᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ