|
2024 ᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ ᠪᠤᠭᠤᠲᠤ ᠶᠢᠨ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠦᠬᠦ ᠤᠯᠤᠰ ᠤᠨ ᠡᠮᠦᠨ᠎ᠡ 70 ᠬᠦᠴᠦᠷᠬᠡᠭ ᠲᠤ ᠣᠷᠣᠪᠠ |
|
|
ᠨᠡᠶᠢᠲᠡᠯᠡᠭᠰᠡᠨ ᠴᠠᠭ᠄
2025/1/10
|
|
ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ 2024 ᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠨᠡᠶᠢᠲᠡᠯᠡᠪᠡ᠂ ᠪᠥᠬᠦ ᠤᠯᠤᠰ ᠲᠠᠬᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 178 ᠲᠣᠭᠤᠷᠢᠭ ᠤᠨ ᠳᠣᠲᠣᠷ᠎ᠠ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠶᠡᠷᠦᠩᠬᠡᠶᠢᠯᠡᠭᠰᠡᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ 68 ᠳ᠋ᠤᠭᠠᠷ ᠨᠡᠷᠡᠰ ᠲᠤ ᠵᠢᠭᠰᠠᠭᠠᠭᠳᠠᠵᠤ᠂ ᠳᠡᠭᠡᠷ᠎ᠡ ᠨᠢᠭᠡ ᠵᠢᠯ ᠤᠨ ᠬᠢ ᠠᠴᠠ ᠪᠠᠨ 7 ᠨᠡᠷᠡᠰ ᠳᠡᠭᠡᠭᠰᠢᠯᠡᠵᠦ᠂ 6 ᠵᠢᠯ ᠳᠠᠷᠠᠭᠠᠯᠠᠨ ᠲᠡᠷᠢᠭᠦᠨ ᠤ ᠬᠢ ᠲᠡᠮᠡᠴᠡᠨ ᠤᠷᠤᠭᠰᠢ ᠳᠠᠪᠰᠢᠬᠤ ᠶᠢ ᠪᠡᠶᠡᠯᠡᠭᠦᠯᠪᠡ︔ ᠬᠥᠬᠡᠬᠤᠲᠠ ᠶᠢᠨ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 108 ᠳ᠋ᠤᠭᠠᠷ ᠨᠡᠷᠡᠰ ᠲᠤ ᠵᠢᠭᠰᠠᠭᠠᠭᠳᠠᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 123 ᠳ᠋ᠤᠭᠠᠷ ᠨᠡᠷᠡᠰ ᠲᠤ ᠵᠢᠭᠰᠠᠭᠠᠭᠳᠠᠪᠠ᠃ 2023 ᠣᠨ ᠳᠤ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠪᠠᠯᠠ ᠣᠷᠣᠭᠤᠯᠤᠯᠲᠠ ᠶᠢᠨ ᠡᠷᠴᠢᠮ ᠢᠶᠠᠨ ᠤᠷᠢᠳ ᠡᠮᠦᠨ᠎ᠡ ᠭᠠᠷᠤᠭ᠎ᠠ ᠥᠬᠡᠶ ᠨᠡᠮᠡᠭᠳᠡᠭᠦᠯᠵᠦ᠂ ᠰᠤᠳᠤᠯᠭᠠᠨ ᠤ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠮᠦᠩᠭᠦ 33.4 ᠳ᠋ᠦᠩᠰᠢᠭᠤᠷ ᠲᠥᠭᠦᠷᠢᠭ ᠲᠤ ᠬᠦᠷᠴᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠡᠷᠬᠡ ᠰᠡᠳᠦᠪ ᠤᠨ ᠰᠢᠪᠲᠤᠯᠤᠯᠲᠠ︾ ᠶᠢᠨ ᠳᠡᠮᠵᠢᠯᠭᠡ ᠶᠢᠨ ᠲᠥᠷᠥᠯ ᠵᠦᠢᠯ ᠢ ᠬᠦᠷᠲᠡᠭᠰᠡᠨ ᠲᠤᠭ᠎ᠠ ᠨᠢ 180 ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ 259 ᠡᠷᠦᠬᠡ ᠪᠤᠢ᠃ 2023 ᠣᠨ ᠤ ᠰᠡᠭᠦᠯᠴᠢ ᠪᠣᠯᠲᠠᠯ᠎ᠠ᠂ ᠭᠤᠷᠪᠠᠨ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠳ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠳ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠳ ᠨᠢ ᠲᠣᠰ ᠲᠣᠰ ᠪᠥᠬᠦ ᠣᠷᠣᠨ ᠤ 1/6᠂ 1/2᠂ 1/3᠂ 1/3 ᠶᠢ ᠡᠵᠡᠯᠡᠪᠡ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|