ᠰᠢ ᠶᠢᠨ ᠫᠢᠩ ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠴᠢᠨᠠᠷ ᠰᠠᠶᠢᠲᠠᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/1/13

      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ ᠂ ᠬᠢᠨᠠᠨ ᠪᠤᠳᠤᠬᠤ ᠠᠵᠢᠯ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠣᠶᠢᠷ᠎ᠠ ᠶᠢᠨ ᠵᠢᠯ ᠠᠴᠠ ᠬᠢᠨᠠᠨ ᠪᠤᠳᠤᠬᠤ ᠪᠠᠶᠢᠭᠤᠯᠭ᠎ᠠ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠂ ᠠᠶᠤᠯ ᠲᠦᠭᠰᠢᠭᠦᠷᠢ ᠭᠡᠮ ᠰᠣᠭᠤᠭ ᠢ ᠢᠯᠡᠷᠡᠭᠦᠯᠬᠦ ᠂ ᠢᠯᠵᠢᠷᠡᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠵᠠᠢ ᠃

      ᠰᠢ ᠶᠢᠨ ᠫᠢᠩ ᠂ ᠰᠢᠨ᠎ᠡ ᠠᠶᠠᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶ᠎ᠠ ᠶᠢᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠲᠥᠪᠯᠡᠷᠡᠩᠭᠦᠢ ᠨᠢᠭᠡᠳᠦᠯᠲᠡᠢ ᠂ ᠪᠦᠭᠦ ᠲᠠᠯ᠎ᠠ ᠶᠢ ᠬᠠᠮᠤᠷᠤᠭᠰᠠᠨ ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠴᠢᠨᠠᠷ ᠰᠠᠶᠢᠲᠠᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

      ᠪᠦᠭᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ ᠵᠢᠴᠢ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠰᠠᠷ᠎ᠠ ᠶᠢᠨ 10 ᠠᠴᠠ 11 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠬᠤᠷᠠᠯ ᠳᠡᠭᠡᠷ᠎ᠡ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠤ ᠂ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ 80 ᠲᠡᠷᠢᠭᠦᠨ ᠤ ᠬᠠᠮᠲᠤ ᠂ 45 ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ