ᠰᠦᠨ ᠱᠤᠤ ᠴᠧᠩ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ — ᠣᠷᠣᠨ ᠤ ᠲᠥᠪ ᠤᠨ ᠬᠢᠨ ᠪᠦᠭᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠴᠢᠬᠤᠯᠠ ᠡᠭᠦᠷᠭᠡ ᠶᠢ ᠡᠭᠦᠷᠭᠡᠯᠡᠵᠦ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ
ᠨᠡᠶᠢᠲᠡᠯᠡᠭᠰᠡᠨ ᠴᠠᠭ᠄
2025/1/15

    1 ᠰᠠᠷ᠎ᠠ ᠶᠢᠨ 14 ᠤ ᠡᠳᠦᠷ᠂ ᠰᠦᠨ ᠱᠤᠤ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃

    ᠲᠥᠯᠥᠭᠡᠯᠡᠭᠴᠢᠳ ᠤᠨ ᠪᠦᠯᠭᠦᠮ ᠤᠨ ᠬᠢᠨ ᠢᠳᠡᠪᠬᠢᠲᠡᠢ ᠦᠭᠡ ᠬᠡᠯᠡᠵᠦ᠂ ᠤᠷᠮ᠎ᠠ ᠰᠡᠳᠬᠢᠯᠭᠡ ᠲᠠᠢ ᠬᠢᠨᠠᠨ ᠵᠥᠪᠯᠡᠵᠦ ᠠᠬᠤᠢ ᠲᠠᠯᠠᠪᠠᠢ ᠮᠠᠰᠢ ᠭᠦᠷ ᠬᠥᠭᠵᠢᠶᠡᠨ ᠲᠠᠢ ᠪᠠᠶᠢᠯ᠎ᠠ᠃ ᠪᠦᠦ ᠭᠠᠩ᠂ ᠵᠠᠩ ᠳ᠋ᠠᠩ ᠬᠤᠢ᠂ ᠵᠠᠩ ᡁᠢ ᠺᠦᠢ᠂ ᠴᠧᠩ ᠲᠤᠤ᠂ ᠾᠧ ᠬᠠᠢ ᠳ᠋ᠦᠩ᠂ ᠮᠠ ᠬᠤᠩ ᠵᠢᠶᠦ᠋ᠨ᠂ ᠳ᠋ᠦᠩ ᠵᠦᠩ᠂ ᠵᠠᠩ ᠶᠠᠨ᠂ ᠯᠢᠦ ᠬᠠᠢ ᠶᠠᠨ᠂ ᠯᠦ ᠵᠠᠨ ᠶᠤᠸᠠᠨ᠂ ᠴᠢᠶᠣᠤ ᠸᠧᠨ ᠵᠢᠶᠧ᠂ ᠠᠯᠲᠠᠨᠰᠠᠩ᠂ ᠵᠠᠩ ᠵᠢᠶᠠᠨ ᠴᠢᠦ᠂ ᠵᠤᠤ ᠶᠦᠩ ᠨᠠᠷ ᠤᠷᠢᠳ ᠬᠤᠵᠢᠳ ᠦᠭᠡ ᠬᠡᠯᠡᠪᠡ᠂ ᠤᠯᠠᠨ ᠤ  ᠶᠠᠷᠢᠬᠤ ᠶᠢ ᠰᠤᠨᠤᠰᠬᠤ ᠳᠤᠮᠳᠠ ᠰᠦᠨ ᠱᠤᠤ ᠴᠧᠩ ᠪᠠᠶᠢᠨ ᠪᠠᠶᠢᠨ ᠯᠠᠪᠯᠠᠨ ᠠᠰᠠᠭᠤᠵᠤ᠂ ᠤᠯᠠᠨ ᠲᠠᠢ ᠶᠠᠷᠢᠯᠴᠠᠨ ᠰᠣᠯᠢᠯᠴᠠᠪᠠ᠃

    ᠰᠦᠨ ᠱᠤᠤ ᠴᠧᠩ ᠶᠠᠷᠢᠶᠠᠨ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠯᠡᠷᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ᠃

呼和浩特市代表团审议.jpg

 

    1 ᠰᠠᠷ᠎ᠠ ᠶᠢᠨ 14 ᠤ ᠡᠳᠦᠷ᠂ ᠰᠦᠨ ᠱᠤᠤ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃

    ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ

    ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠭᠦᠭᠡᠬᠤᠲᠠ ᠶᠢᠨ ᠠᠵᠢᠯ ᠮᠠᠰᠢ ᠰᠠᠶᠢᠨ ᠶᠠᠪᠤᠭᠳᠠᠵᠤ᠂ ᠡᠯ᠎ᠡ ᠲᠠᠯ᠎ᠠ ᠶᠢᠨ ᠬᠥᠭᠵᠢᠯᠲᠡ ᠶᠢᠨ ᠰᠠᠶᠢᠨ ᠬᠠᠨᠳᠤᠰᠢ ᠢᠯᠡᠷᠡᠪᠡ᠂ ᠬᠤᠶᠢᠰᠢᠳᠠ ᠣᠷᠣᠨ ᠤ ᠲᠥᠪ ᠬᠤᠳᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠪᠠᠲᠤ ᠡᠭᠦᠷᠭᠡᠯᠡᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠪᠦᠭᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠶᠡᠭᠡ ᠡᠭᠦᠷᠭᠡ ᠶᠢ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ ᠨᠢᠭᠡ ᠳᠤ᠂ ᠥᠭᠡᠷᠡᠴᠢᠯᠡᠯᠲᠡ ᠳᠤ ᠲᠦᠰᠢᠭᠯᠡᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠤᠰᠤ ᠶᠢ ᠠᠷᠪᠢᠯᠠᠨ ᠬᠡᠷᠡᠭᠯᠡᠬᠦ ᠵᠡᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠰᠦᠪᠡᠭᠴᠢᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠵᠢᠯᠣᠭᠤᠴᠢ ᠦᠭᠡᠢ ᠮᠠᠰᠢᠨ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ᠂ ᠴᠠᠬᠢᠭᠤᠷᠲᠤ ᠰᠢᠨ᠎ᠡ ᠮᠠᠲ᠋ᠧᠷᠢᠶᠠᠯ᠂ ᠬᠠᠶᠠᠭᠳᠠᠮᠠᠯ ᠬᠠᠭᠤᠴᠢᠨ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠤ ᠦᠢᠯᠡᠰ ᠢ ᠤᠷᠢᠳᠴᠢᠯᠠᠨ ᠤᠬᠠᠭᠠᠯᠠᠨ ᠲᠥᠯᠥᠪᠯᠡᠵᠦ ᠪᠠᠶᠢᠷᠢᠰᠢᠭᠤᠯᠵᠤ᠂ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ᠃ ᠭᠤᠷᠪᠠ ᠳᠤ᠂ ᠨᠡᠶᠢᠭᠡᠮ ᠤᠨ ᠬᠠᠮᠢᠶᠠᠷᠤᠯᠲᠠ ᠶᠢᠨ ᠳᠡᠰ ᠳᠡᠪᠰᠢᠬᠦ ᠶᠢ ᠠᠬᠢᠭᠤᠯᠵᠤ᠂ ᠬᠤᠲᠠ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠷᠢᠯᠢᠭ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠥᠷᠪᠡ ᠳᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ︽ᠲᠠᠪᠤ ᠳᠤ ᠲᠣᠬᠢᠷᠠᠮᠵᠢᠲᠠᠢ ᠬᠤᠲᠠ︾ ᠶᠢᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠤᠯᠭᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠣᠯᠠᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠢ ᠪᠣᠳᠠᠲᠠᠢ ᠠᠳᠬᠤᠬᠤ ᠬᠡᠷᠡᠭᠲᠡᠢ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠲᠠᠯ᠎ᠠ ᠪᠠᠷ ᠨᠡᠩ ᠶᠡᠭᠡ ᠠᠯᠬᠤᠮ  ᠠᠯᠬᠤᠬᠤ ᠶᠢ ᠲᠦᠷᠦᠭᠦᠯᠡᠨ ᠠᠬᠢᠭᠤᠯᠬᠤ ᠬᠡᠷᠡᠭᠲᠡᠢ ᠭᠡᠪᠡ᠃

    ᠰᠦᠨ ᠱᠤᠤ ᠴᠧᠩ᠂ ᠭᠦᠭᠡᠬᠤᠲᠠ ᠶᠢᠨ ᠬᠢᠨ ᠬᠤᠳᠠ ᠪᠠᠨ ᠪᠤᠵᠠᠭᠠᠶᠢᠷᠠᠭᠤᠯᠵᠤ᠂ ᠲᠥᠪᠯᠡᠷᠡᠭᠰᠡᠨ ᠪᠥᠭᠡᠮᠨᠡᠷᠡᠭᠰᠡᠨ ᠡᠷᠴᠢᠮᠵᠢᠭᠰᠡᠨ ᠬᠥᠭᠵᠢᠯᠲᠡ ᠶᠢᠨ ᠰᠠᠭᠤᠷᠢᠨ ᠳᠡᠭᠡᠷ᠎ᠡ᠂ ᠠᠷᠭ᠎ᠠ ᠪᠦᠭᠦᠨ ᠢ ᠰᠦᠪᠡᠭᠴᠢᠯᠡᠵᠦ ᠬᠥᠮᠥᠨ ᠠᠮᠠ ᠶᠢ ᠲᠥᠪᠯᠡᠷᠡᠭᠦᠯᠵᠦ᠂ ᠬᠥᠭᠵᠢᠨ ᠴᠡᠴᠡᠭᠯᠡᠭᠰᠡᠨ ᠠᠭᠤᠷ ᠠᠮᠢᠰᠬᠤᠯ ᠢ ᠥᠳᠬᠡᠷᠡᠭᠦᠯᠬᠦ ᠬᠡᠷᠡᠭᠲᠡᠢ᠃ ᠳᠠᠯᠠᠨ ᠬᠠᠷ᠎ᠠ ᠠᠭᠤᠯᠠ ᠶᠢ ᠰᠠᠶᠢᠲᠤᠷ ᠬᠠᠮᠠᠭᠠᠯᠠᠨ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠢ᠃ ᠵᠢᠭᠤᠯᠴᠢᠯᠠᠯ ᠢ ᠬᠥᠭᠵᠢᠭᠡᠵᠦ᠂ ᠵᠢᠭᠤᠯᠴᠢᠯᠠᠯ ᠤᠨ ᠦᠢᠯᠡᠳᠬᠦᠨ ᠪᠠ ᠵᠠᠮ ᠱᠤᠭᠤᠮ ᠢ ᠨᠠᠷᠢᠨ ᠨᠢᠮᠪᠠᠢ ᠵᠢᠷᠤᠵᠤ ᠲᠥᠯᠥᠪᠯᠡᠨ᠂ ᠨᠠᠩ ᠣᠯᠠᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ