1 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠡᠭᠦᠨ ᠤ ᠪᠠᠶᠢᠭ᠎ᠠ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃
ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨ ᠭᠦᠷ ᠬᠥᠭᠵᠢᠶᠡᠨ ᠲᠠᠢ ᠬᠢᠨᠠᠨ ᠵᠥᠪᠯᠡᠵᠦ᠂ ᠳ᠋ᠢᠩ ᠰᠢᠤ ᠹᠧᠩ᠂ ᠮᠧᠩ ᠴᠢᠩ ᠸᠧᠢ᠂ ᠯᠢ ᡁᠢ᠂ ᠱᠢ ᠵᠦᠩ ᠴᠢᠨ᠂ ᠶᠠᠩ ᠬᠤᠤ᠂ ᠸᠧᠢ ᠳ᠋ᠦᠩ ᠪᠦᠸᠧ᠂ ᠯᠢᠦᠢ ᠪᠢᠩ ᠬᠤᠢ᠂ ᠾᠧᠦ ᠶᠦᠩ ᠹᠧᠩ᠂ ᠮᠧᠩ ᠹᠠᠨ ᠶᠢᠩ ᠵᠡᠷᠭᠡ ᠲᠥᠯᠥᠭᠡᠯᠡᠭᠴᠢ ᠲᠤᠰ ᠲᠤᠰ ᠦᠭᠡ ᠬᠡᠯᠡᠵᠦ᠂ ᠬᠤᠪᠣᠷ ᠰᠢᠷᠣᠢ ᠶᠢᠨ ᠬᠤᠶᠠᠷ ᠰᠠᠭᠤᠷᠢᠨ ᠢ ᠪᠠᠶᠢᠭᠤᠯᠬᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠤᠰᠤᠲᠥ᠋ᠷᠥᠭᠴᠢ ᠡᠨᠧᠷᠭᠢ ᠨᠥᠭᠡᠴᠡᠯᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠬᠦ᠂ ᠡᠬᠢ ᠪᠠᠶᠠᠯᠢᠭ ᠢ ᠬᠤᠷᠢᠶᠠᠨ ᠠᠪᠴᠤ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ᠂ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠬᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠤᠯᠠᠨ ᠤ ᠶᠠᠷᠢᠬᠤ ᠶᠢ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠤᠯᠠᠨ ᠲᠠᠢ ᠶᠠᠷᠢᠯᠴᠠᠨ ᠰᠣᠯᠢᠯᠴᠠᠵᠤ᠂ ᠪᠣᠳᠠᠲᠠᠢ ᠤᠴᠢᠷ ᠶᠠᠪᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ ᠪᠠᠶᠢᠯ᠎ᠠ᠃

1 ᠰᠠᠷ᠎ᠠ ᠶᠢᠨ 14 ᠤ ᠡᠳᠦᠷ᠂ ᠸᠠᠩ ᠯᠢ ᠰᠢᠶᠠ ᠲᠡᠭᠦᠨ ᠤ ᠪᠠᠶᠢᠭ ᠠᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃
ᠲᠤᠰ ᠰᠣᠨᠢᠨ ᠤ ᠰᠤᠷᠪᠤᠯᠵᠢᠯᠠᠬᠴᠢ ᠬᠠᠨ ᠴᠢᠩ ᠯᠢ ᠰᠡᠭᠦᠳᠡᠷᠯᠡᠪᠡ
ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ᠪᠦᠯᠬᠦᠮᠳᠡᠨ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠶᠢ ᠠᠬᠢᠭᠤᠯᠬᠤ ᠦᠨᠡᠨ ᠪᠣᠳᠠᠲᠠᠢ ᠠᠯᠬᠤᠮ ᠢ ᠠᠯᠬᠤᠪᠠ᠂ ᠪᠤᠭᠤᠲᠤ ᠬᠤᠳᠠ ᠡᠨᠡ ᠬᠦ ᠬᠢᠷᠢ ᠪᠦᠲᠦᠮᠵᠢ ᠶᠢᠨ ᠬᠠᠭᠤᠳᠠᠰᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠠᠪᠤᠨ ᠶᠡᠭᠡ ᠡᠭᠦᠷᠭᠡ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠴᠢᠩᠭ᠎ᠠ ᠠᠩᠬᠠᠷᠴᠤ ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠤᠭᠤᠲᠤ ᠬᠤᠳᠠ ᠶᠢᠨ ᠬᠢᠨ ᠰᠦᠷ ᠵᠢᠪᠬᠤᠭ᠎ᠠ ᠪᠠᠨ ᠳᠠᠭᠢᠨ ᠮᠠᠨᠳᠤᠭᠤᠯᠬᠤ ᠰᠥᠰᠥ ᠵᠣᠷᠢᠭ ᠢ ᠪᠤᠢ ᠪᠤᠯᠭᠠᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠭᠤᠣᠯ ᠲᠤᠯᠭᠠᠭᠤᠷᠢ ᠬᠦᠴᠦᠨ ᠪᠤᠯᠬᠤ ᠬᠡᠷᠡᠭᠲᠡᠢ᠃ ᠬᠥᠭᠵᠢᠯᠲᠡ ᠶᠢ ᠲᠦᠷᠭᠡᠳᠬᠡᠬᠦ ᠳᠤ ᠬᠦᠴᠦᠨ ᠢᠶᠠᠨ ᠰᠤᠯᠠᠷᠠᠭᠤᠯᠬᠤ ᠦᠭᠡᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠠᠳᠬᠤᠵᠤ᠂ ᠬᠡᠷᠡᠭᠯᠡᠭᠡ ᠶᠢ ᠥᠷᠭᠡᠳᠬᠡᠬᠦ ᠬᠡᠷᠡᠭᠲᠡᠢ᠃ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠠᠵᠤ ᠦᠢᠯᠡᠰ ᠤᠨ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠳᠤ ᠬᠦᠴᠦ ᠪᠠᠨ ᠲᠥᠪᠯᠡᠷᠡᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ︽ᠲᠠᠨ ᠳᠤ ᠬᠠᠨᠤᠮᠵᠢᠲᠠᠢ ᠪᠤᠭᠤᠲᠤ︾᠂ ︽ᠲᠠ ᠰᠠᠨᠠᠭ᠎ᠠ ᠠᠮᠤᠷ ᠪᠠᠶᠢᠬᠤ ᠶᠢ ᠪᠠᠲᠤᠯᠠᠬᠤ︾ ᠲᠦᠷᠦᠯ ᠲᠡᠮᠳᠡᠭ ᠢ ᠠᠯᠳᠠᠷᠰᠢᠭᠤᠯᠬᠤ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠨᠠᠷᠢᠯᠢᠭ ᠬᠠᠮᠢᠶᠠᠷᠤᠯᠲᠠ ᠶᠢ ᠰᠤᠯᠠᠷᠠᠭᠤᠯᠤᠯ ᠦᠭᠡᠢ ᠠᠳᠬᠤᠵᠤ᠂ ᠡᠯ᠎ᠡ ᠲᠦᠷᠦᠯ ᠤᠨ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠯᠬᠤᠭ᠎ᠠ ᠶᠢ ᠲᠦᠷᠭᠡᠳᠬᠡᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠠᠵᠢᠯ ᠢ ᠰᠤᠯᠠᠷᠠᠭᠤᠯᠤᠯ ᠦᠭᠡᠢ ᠠᠳᠬᠤᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃