ᠪᠤᠯᠤᠩ ᠨᠡᠭᠡᠭᠡᠬᠦ ᠦᠭᠡ
ᠣᠨ ᠵᠢᠯ ᠤᠯᠠᠷᠢᠨ ᠰᠣᠯᠢᠭᠳᠠᠵᠤ᠂ ᠴᠠᠭ ᠮᠥᠴᠡ ᠬᠥᠭᠵᠢᠯᠲᠡ ᠶᠢᠨ ᠤᠯᠠ ᠮᠥᠷ ᠢ ᠲᠡᠮᠳᠡᠭᠯᠡᠪᠡ᠃ ᠥᠩᠭᠡᠷᠡᠭᠰᠡᠨ ᠨᠢᠭᠡ ᠵᠢᠯ ᠳᠤ᠂ ᠪᠢᠳᠡ ᠴᠢᠷᠮᠠᠶᠢᠯᠭ᠎ᠠ ᠲᠡᠮᠡᠴᠡᠯ ᠪᠠ ᠠᠮᠵᠢᠯᠲᠠ ᠪᠦᠲᠦᠮᠵᠢ ᠶᠢ ᠭᠡᠷᠡᠴᠢᠯᠡᠪᠡ᠃ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠠᠵᠢᠯ ᠢ ᠪᠦᠭᠦᠨ ᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠨᠢ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ᠃ ᠪᠦᠭᠦ ᠣᠷᠣᠨ ᠤ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠥᠪᠥᠷ ᠮᠣᠩᠭᠤᠯ ᠤᠨ ᠲᠦᠷᠭᠡᠨ ᠬᠥᠭᠵᠢᠯᠲᠡ ᠶᠢᠨ ᠬᠠᠨᠳᠤᠰᠢ ᠡᠷᠴᠢ ᠬᠦᠴᠦᠲᠡᠢ ᠪᠣᠯᠵᠤ᠂ ᠪᠣᠬᠢᠷᠳᠤᠯ ᠦᠭᠡᠢ ᠬᠥᠭᠵᠢᠯᠲᠡ ᠶᠢᠨ ᠴᠢᠳᠠᠪᠤᠷᠢ ᠲᠡᠰ ᠲᠠᠪᠰᠢᠵᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠭᠤᠷ ᠠᠮᠢᠰᠬᠤᠯ ᠵᠤᠵᠠᠭᠠᠷᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ ᠤᠨ ᠪᠠᠶᠢᠭᠤᠯᠤᠯᠲᠠ ᠶᠢᠨ ᠭᠠᠷᠳᠠᠴᠠ ᠪᠣᠳᠠᠲᠠᠢ ᠪᠣᠯᠵᠤ᠂ ᠥᠭᠡᠳᠡᠯᠡᠨ ᠰᠠᠶᠢᠵᠢᠷᠠᠬᠤ ᠪᠠᠶᠢᠳᠠᠯ ᠨᠢ ᠬᠥᠮᠥᠰ ᠤᠨ ᠡᠷᠴᠢ ᠵᠣᠷᠢᠭ ᠢ ᠬᠥᠪᠴᠢᠯᠡᠨ᠂ ᠤᠷᠤᠭᠰᠢ ᠲᠠᠪᠰᠢᠬᠤ ᠶᠢ ᠵᠣᠷᠢᠭᠵᠢᠭᠤᠯᠪᠠ᠃
ᠴᠠᠭ ᠮᠥᠴᠡ ᠶᠢ ᠬᠥᠰᠡᠷᠳᠡᠭᠦᠯᠬᠦ ᠦᠭᠡᠢ ᠪᠣᠯ ᠠᠯᠤᠰ ᠢᠷᠡᠭᠡᠳᠦᠢ ᠬᠦᠰᠡᠨ ᠬᠦᠯᠢᠶᠡᠭᠦᠰᠢᠲᠡᠢ ᠶᠤᠮ᠃ ᠰᠢᠨ᠎ᠡ ᠨᠢᠭᠡ ᠵᠢᠯ ᠳᠤ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠥᠨᠥᠳᠥᠷ ᠠᠴᠠ ᠡᠬᠢᠯᠡᠨ᠂ ᠥᠪᠥᠷ ᠮᠣᠩᠭᠤᠯ ᠤᠨ ᠡᠳᠦᠷ ᠤᠨ ᠰᠣᠨᠢᠨ ︽ᠦᠨᠡᠨ ᠬᠦ ᠴᠢᠷᠮᠠᠶᠢᠨ ᠪᠣᠳᠠᠲᠠᠢ ᠠᠵᠢᠯᠯᠠᠵᠤ ᠵᠣᠷᠢᠭᠲᠠᠢ ᠪᠠᠷ ᠰᠢᠨ᠎ᠡ ᠵᠠᠮ ᠨᠡᠭᠡᠭᠡᠰᠦᠭᠡᠢ · 2025 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠢ ᠪᠠᠶᠠᠷᠯᠠᠨ ᠤᠭᠲᠤᠶ᠎ᠠ︾ ᠭᠡᠬᠦ ᠲᠤᠰᠬᠠᠢ ᠪᠤᠯᠤᠩ ᠨᠡᠭᠡᠭᠡᠵᠦ᠂ ᠥᠩᠭᠡᠷᠡᠭᠰᠡᠨ ᠨᠢᠭᠡ ᠵᠢᠯ ᠤᠨ ᠮᠠᠨ ᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠥᠪᠥᠷ ᠮᠣᠩᠭᠤᠯ ᠤᠨ ᠰᠢᠨ᠎ᠡ ᠠᠶᠠᠨ ᠳᠠᠬᠢ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠭᠦ ᠪᠣᠯᠣᠨ᠎ᠠ᠃ ᠢᠷᠡᠭᠡᠳᠦᠢ ᠪᠠᠨ ᠪᠠᠷᠠᠯᠠᠬᠤᠶ᠎ᠠ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠭ᠎ᠠ ᠥᠪᠥᠷ ᠮᠣᠩᠭᠤᠯ᠂ ᠬᠥᠭᠵᠢᠯᠲᠡ ᠶᠢ ᠡᠷᠢᠯᠬᠢᠯᠡᠬᠦ ᠢᠲᠡᠭᠡᠯ ᠵᠣᠷᠢᠭ ᠨᠢ ᠡᠷᠡᠰ ᠪᠠᠲᠤ ᠪᠠᠶᠢᠵᠤ᠂ ᠢᠷᠡᠭᠡᠳᠦᠢ ᠪᠠᠨ ᠲᠥᠯᠥᠪᠵᠢᠭᠦᠯᠦᠨ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠪᠠᠶᠢᠨ᠎ᠠ᠃
ᠬᠦᠴᠦ ᠬᠥᠯᠥᠰᠦ ᠨᠢ ᠰᠣᠷᠭᠤᠭ ᠴᠡᠴᠡᠭ ᠢ ᠤᠮᠳᠠᠯᠠᠵᠤ ᠂ ᠡᠷᠡᠮᠡᠬᠡᠶᠢᠯᠡᠭᠰᠡᠨ ᠤᠷᠤᠭᠰᠢᠯᠠᠯᠲᠠ ᠨᠢ ᠠᠵᠢᠯ ᠦᠢᠯᠡᠰ ᠢ ᠬᠥᠭᠵᠢᠭᠡᠨ ᠮᠠᠨᠳᠤᠭᠤᠯᠤᠨ᠎ᠠ ᠃ 2024 ᠣᠨ ᠢ ᠡᠷᠭᠢᠴᠡᠭᠦᠯᠬᠦᠶ᠎ᠡ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠪᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ ᠳᠤ ᠣᠷᠣᠬᠤ ᠰᠢᠨ᠎ᠡ ᠠᠶᠠᠨ ᠳᠤ ᠂ ᠥᠪᠥᠷ ᠮᠣᠩᠭᠤᠯ ᠪᠦᠭᠦ ᠬᠦᠴᠦᠨ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠳᠤ ᠵᠠᠮ ᠨᠡᠭᠡᠭᠡᠵᠦ ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢᠨ ᠥᠭᠰᠥᠬᠦ ︽ᠮᠤᠷᠤᠢ ᠱᠤᠭᠤᠮ ︾ ᠢ ᠵᠢᠷᠤᠭᠯᠠᠵᠤ ᠂ ᠬᠡᠰᠡᠭ ᠴᠢᠬᠤᠯᠠ ᠭᠦᠢᠴᠡᠳᠬᠡᠯ ᠲᠤᠭ᠎ᠠ ᠶᠢᠨ ᠨᠡᠮᠡᠭᠳᠡᠯ ᠂ ᠨᠡᠮᠡᠭᠳᠡᠯ ᠤᠨ ᠬᠤᠷᠳᠤᠴᠠ ᠨᠢ ᠨᠢᠭᠡᠨᠲᠡ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ ᠃
2024 ᠣᠨ ᠳᠤ ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠳᠡᠭᠲᠡᠷ ᠲᠤ ᠭᠠᠷᠴᠤ ᠂ 820.1 ᠳ᠋ᠦᠩᠰᠢᠭᠤᠷ ᠵᠢᠩ ᠳᠤ ᠬᠦᠷᠴᠦ ᠂ ᠪᠦᠭᠦ ᠤᠯᠤᠰ ᠲᠤ ᠵᠢᠷᠭᠤᠳᠤᠭᠠᠷ ᠲᠤ ᠣᠷᠣᠪᠠ ︔ ᠠᠮᠤ ᠪᠤᠳᠠᠭᠠᠨ ᠤ ᠤᠨᠠᠯᠲᠠ ᠳᠡᠭᠡᠷ᠎ᠡ ᠵᠢᠯ ᠤᠨ ᠬᠢ ᠠᠴᠠ 28.5 ᠳ᠋ᠦᠩᠰᠢᠭᠤᠷ ᠵᠢᠩ ᠨᠡᠮᠡᠭᠳᠡᠵᠦ ᠂ ᠨᠡᠮᠡᠭᠳᠡᠯ ᠤᠨ ᠬᠡᠮᠵᠢᠶ᠎ᠡ ᠪᠦᠭᠦ ᠤᠯᠤᠰ ᠤᠨ ᠭᠤᠷᠪᠠᠳᠤᠭᠠᠷ ᠲᠤ ᠣᠷᠣᠵᠤ ᠂ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ︾ ᠶᠢ ᠪᠡᠶᠡᠯᠡᠭᠦᠯᠪᠡ ᠁ ︽ᠳᠤᠮᠳᠠᠳᠤ ᠤᠯᠤᠰ ᠤᠨ ᠠᠶᠠᠭ᠎ᠠ ︾ ᠳᠣᠲᠣᠷᠠᠬᠢ ︽ᠥᠪᠥᠷ ᠮᠣᠩᠭᠤᠯ ᠤᠨ ᠠᠮᠤ ᠪᠤᠳᠠᠭ᠎ᠠ ︾ ᠶᠢᠨ ᠬᠤᠪᠢ ᠶᠢᠨ ᠵᠢᠩ ᠨᠢ ᠨᠠᠩ ᠬᠦᠨᠳᠦ ᠂ ᠶᠠᠰᠤ ᠴᠢᠨᠠᠷ ᠨᠢ ᠨᠠᠩ ᠭᠦᠢᠴᠡᠳ ᠪᠣᠯᠪᠠ ᠃
2024 ᠣᠨ ᠳᠤ ᠂ ᠥᠪᠥᠷ ᠮᠣᠩᠭᠤᠯ ᠪᠦᠭᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠠᠩᠬ᠎ᠠ ᠤᠳᠠᠭ᠎ᠠ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠤ ᠂ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 4100 ᠲᠦᠮᠡᠨ ᠺᠢᠯᠣᠸᠠᠲ ᠠᠴᠠ ᠳᠡᠭᠡᠭᠰᠢ ᠪᠣᠯᠵᠤ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 30% ᠭᠠᠷᠤᠢ ᠨᠡᠮᠡᠭᠳᠡᠵᠦ ᠂ ᠬᠤᠶᠠᠷ ᠵᠢᠯ ᠳᠠᠷᠠᠭᠠᠯᠠᠨ ᠪᠦᠭᠦ ᠤᠯᠤᠰ ᠲᠤ ᠲᠡᠷᠢᠭᠦᠯᠡᠪᠡ ︔ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭ᠋ᠤ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ ᠂ ᠪᠣᠬᠢᠷᠳᠤᠯ ᠦᠭᠡᠢ ᠴᠠᠭᠢᠯᠭᠠᠨ ᠤ ᠠᠷᠠᠯᠵᠢᠶᠠᠨ ᠤ ᠬᠡᠪᠴᠢᠶ᠎ᠡ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠮᠠᠨ ᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠭᠦ ᠤᠯᠤᠰ ᠲᠤ ᠲᠦᠷᠦᠭᠦᠯᠡᠬᠦ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ ᠃
2024 ᠣᠨ ᠤ 1 - 11 ᠰᠠᠷ᠎ᠠ ᠳᠤ ᠂ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠭᠡ ᠶᠢ ᠪᠠᠭᠲᠠᠭᠠᠬᠤ ᠦᠭᠡᠢ ︶ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.0% ᠢᠶᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠲᠤ ᠬᠤᠶᠠᠳᠤᠭᠠᠷ ᠲᠤ ᠣᠷᠣᠵᠤ ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠭᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 23.0% ᠪᠣᠯᠣᠨ ᠨᠡᠮᠡᠭᠳᠡᠪᠡ ᠁ ᠢᠲᠡᠭᠡᠯ ᠵᠣᠷᠢᠭ ᠢᠶᠠᠨ ᠪᠠᠲᠤᠳᠬᠠᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠳᠤ ᠥᠪᠥᠷ ᠮᠣᠩᠭᠤᠯ ᠡᠭᠦᠷᠭᠡ ᠬᠠᠷᠢᠭᠤᠴᠠᠯᠭ᠎ᠠ ᠳᠠᠭᠠᠨ ᠦᠯᠦ ᠤᠰᠤᠯᠳᠤᠪᠠ ᠃
2024 ᠣᠨ ᠤ 1 - 11 ᠰᠠᠷ᠎ᠠ ᠳᠤ᠂ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 5000 ᠳ᠋ᠦᠩᠰᠢᠭᠤᠷ ᠲᠥᠭᠦᠷᠢᠭ ᠢ ᠳᠠᠪᠠᠵᠤ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ ᠂ ᠪᠦᠭᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ 7 ᠰᠠᠷ᠎ᠠ ᠳᠠᠷᠠᠭᠠᠯᠠᠨ ᠳᠡᠭᠡᠭᠰᠢᠯᠡᠬᠦ ᠬᠠᠨᠳᠤᠰᠢ ᠪᠠᠨ ᠪᠠᠲᠤᠯᠠᠪᠠ ᠁ ᠬᠡᠷᠡᠭᠴᠡᠭᠡ ᠪᠠᠭᠤᠷᠠᠵᠤ ᠪᠠᠶᠢᠭ᠎ᠠ ᠪᠠᠶᠢᠳᠠᠯ ᠳᠣᠣᠷ᠎ᠠ ᠂ ᠡᠨᠡ ᠪᠣᠯ ᠨᠢᠭᠡᠨ ᠶᠡᠷᠦ ᠪᠤᠰᠤ ᠶᠢᠨ ᠠᠮᠵᠢᠯᠲᠠ ᠪᠣᠯᠣᠨ᠎ᠠ ᠃
2024 ᠣᠨ ᠤ 1-11 ᠰᠠᠷ᠎ᠠ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠶᠢᠰᠦᠳᠦᠭᠡᠷ ᠲᠤ ᠣᠷᠣᠵᠤ ᠂ ᠭᠠᠳᠠᠭᠠᠳᠤ ᠭᠠᠷᠭᠠᠯᠲᠠ ᠶᠢᠨ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠭᠠᠳᠠᠭᠠᠳᠤ ᠣᠷᠣᠭᠤᠯᠤᠯᠲᠠ ᠶᠢᠨ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4 ᠬᠤᠪᠢ ᠥᠨᠳᠥᠷ ᠪᠣᠯᠪᠠ ᠁ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠥᠪᠥᠷ ᠮᠣᠩᠭᠤᠯ ᠴᠣ ᠰᠢᠨ᠎ᠡ ᠬᠠᠭᠤᠳᠠᠰᠤ ᠶᠢ ᠰᠡᠬᠦᠯ᠎ᠡ ᠃
2024 ᠣᠨ ᠳᠤ ᠂ ᠪᠦᠭᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3150.3 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠤ ᠲᠥᠰᠥᠪ ᠢ 101.6% ᠪᠠᠷ ᠪᠡᠶᠡᠯᠡᠭᠦᠯᠵᠦ ᠂ ᠣᠷᠣᠯᠭ᠎ᠠ ᠨᠢ ᠲᠤᠰ ᠣᠨ ᠤ ᠰᠢᠨ᠎ᠡ ᠲᠡᠮᠳᠡᠭᠯᠡᠯ ᠢ ᠡᠭᠦᠳᠪᠡ ᠁ ᠠᠵᠤ ᠠᠬᠤᠢ ᠶᠢᠨ ᠬᠥᠭᠵᠢᠯᠲᠡ ᠮᠠᠰᠢ ᠣᠯᠠᠨ ᠬᠦᠴᠢᠷᠳᠡᠯ ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ ᠪᠠᠶᠢᠳᠠᠯ ᠳᠣᠣᠷ᠎ᠠ ᠂ ᠥᠪᠥᠷ ᠮᠣᠩᠭᠤᠯ ᠡᠳ᠋ ᠤᠨ ᠵᠠᠰᠠᠭ ᠤᠨ ᠣᠷᠣᠯᠭ᠎ᠠ ᠪᠠᠷ ᠢᠶᠠᠨ ᠢᠲᠡᠭᠡᠯ ᠵᠣᠷᠢᠭ ᠢᠶᠠᠨ ᠬᠥᠪᠴᠢᠯᠡᠪᠡ ᠃
2024 ᠣᠨ ᠤ ᠨᠢᠭᠡᠳᠦᠭᠡᠷ ᠤᠯᠠᠷᠢᠯ ᠂ ᠳᠡᠭᠡᠷ᠎ᠡ ᠬᠠᠭᠠᠰ ᠵᠢᠯ ᠂ ᠲᠦᠷᠦᠭᠦᠦ ᠭᠤᠷᠪᠠᠨ ᠤᠯᠠᠷᠢᠯ ᠳᠤ ᠂ ᠪᠦᠭᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 5.8 - 6.2% ᠤᠨ ᠨᠡᠮᠡᠭᠳᠡᠯ ᠤᠨ ᠬᠡᠪᠴᠢᠶᠡᠨ ᠳᠤ ᠣᠷᠣᠰᠢᠵᠤ ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠢᠮᠠᠭᠲᠠ ᠠᠳᠠᠯᠢ ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠬᠤ ᠪᠠᠷ ᠪᠠᠷᠠᠬᠤ ᠦᠭᠡᠢ ᠂ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ ᠁
ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠄ ᠪᠦᠭᠦ ᠣᠷᠣᠨ ᠤ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠂ ᠥᠪᠥᠷ ᠮᠣᠩᠭᠤᠯ ᠤᠨ ᠲᠦᠷᠭᠡᠨ ᠬᠥᠭᠵᠢᠯᠲᠡ ᠶᠢᠨ ᠬᠠᠨᠳᠤᠰᠢ ᠨᠡᠩ ᠡᠷᠴᠢ ᠬᠦᠴᠦᠲᠡᠢ ᠪᠣᠯᠵᠠᠢ ᠭᠡᠵᠦ ᠵᠢᠭᠠᠵᠤ ᠭᠠᠷᠭᠠᠪᠠ ᠃
ᠡᠷᠡᠮᠡᠬᠡᠶᠢᠯᠡᠨ ᠤᠷᠤᠭᠰᠢᠯᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠭ᠎ᠠ ᠥᠪᠥᠷ ᠮᠣᠩᠭᠤᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠲᠦᠷᠭᠡᠨ ᠤ ᠵᠠᠮ ᠳᠤ ᠭᠠᠪᠰᠢᠭᠠᠶᠢᠯᠠᠨ ᠣᠷᠣᠪᠠ ᠃
ᠭᠦᠭᠡᠭᠡ ᠡᠪᠦᠯ ᠤᠨ ᠤᠯᠠᠷᠢᠯ ᠳᠤ ᠂ ᠪᠦᠭᠦ ᠪᠥᠮᠪᠥᠷᠴᠡᠭ ᠤᠨ ᠡᠵᠡᠩᠨᠡᠯᠲᠡ ᠶᠢᠨ ᠬᠤᠳᠠᠯᠳᠤᠭᠠᠴᠢᠨ ᠤ ᠬᠠᠮᠤᠭ ᠤᠨ ᠲᠣᠮᠣ ᠲᠠᠩ ᠴᠣᠭᠴᠠᠲᠤ ᠣᠶᠤᠨᠴᠢ ᠪᠣᠳᠣᠯᠲᠠ ᠶᠢᠨ ᠲᠥᠪ — ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠭᠦᠭᠡᠬᠤᠲᠠ ᠶᠢᠨ ᠳ᠋ᠠᠶᠢᠲ᠋ᠠ ᠶᠢᠨ ᠲᠥᠪ ᠤᠨ ᠬᠦᠷᠢᠶᠡᠯᠡᠩ ᠲᠣᠭᠤᠷᠢᠭ ᠲᠤ ᠬᠦᠷᠬᠦ ᠳᠤ᠂ ᠣᠶᠤᠨᠴᠢ ᠪᠣᠳᠣᠯᠲᠠ ᠶᠢᠨ ᠦᠢᠯᠡᠴᠢᠯᠡᠭᠦᠷ ᠢ ᠳᠦᠭᠦᠷᠲᠡᠯ᠎ᠡ ᠠᠴᠢᠶᠠᠯᠠᠭᠰᠠᠨ ᠬᠠᠷ᠎ᠠ ᠥᠩᠭᠡ ᠶᠢᠨ ᠮᠠᠰᠢᠨ ᠤ ᠬᠤᠷᠭᠤ ᠶᠠᠭ ᠪᠦᠭᠦ ᠬᠤᠷᠳᠤᠴᠠ ᠪᠠᠷ ᠢᠶᠠᠨ ᠠᠵᠢᠯᠯᠠᠵᠤ ᠪᠠᠶᠢᠯ᠎ᠠ ᠃
ᠡᠨᠡ ᠬᠦ 1400 ᠭᠠᠷᠤᠢ ᠮᠦ ᠭᠠᠵᠠᠷ ᠡᠵᠡᠯᠡᠵᠦ ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 235 ᠳ᠋ᠦᠩᠰᠢᠭᠤᠷ ᠲᠥᠭᠦᠷᠢᠭ ᠲᠤ ᠭᠦᠷᠦᠭᠰᠡᠨ ᠬᠦᠷᠢᠶᠡᠯᠡᠩ ᠲᠣᠭᠤᠷᠢᠭ ᠤᠨ ᠣᠶᠤᠨᠲᠤ ᠪᠣᠳᠣᠯᠲᠠ ᠶᠢᠨ ᠬᠦᠴᠦᠨ ᠤ ᠬᠡᠪᠴᠢᠶ᠎ᠡ ᠨᠢ ᠰᠧᠺᠦ᠋ᠨ᠋ᠳ᠋ ᠪᠦᠷᠢ 670 ᠲᠦᠮᠡᠨ ᠮᠧᠭ᠎ᠠ ᠤᠳᠠᠭ᠎ᠠ ᠶᠢᠨ ᠬᠥᠪᠥᠮᠡᠯ ᠴᠡᠭ ᠤᠨ ᠪᠣᠳᠣᠯᠭ᠎ᠠ ᠶᠢᠨ ᠲᠤᠭ᠎ᠠ ᠳᠤ ᠬᠦᠷᠴᠦ ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢ ᠵᠠᠮ ᠬᠠᠷᠢᠯᠴᠠᠭ᠎ᠠ ᠂ ᠡᠮ ᠡᠮᠨᠡᠯᠭᠡ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠬᠦ ᠪᠣᠳᠣᠯᠲᠠ ᠶᠢᠨ ᠬᠦᠴᠦᠨ ᠤ ᠯᠤᠲᠤ ᠶᠡᠭᠡ ᠳᠤᠲᠠᠭᠤᠳᠠᠯ ᠢ ᠨᠥᠬᠦᠪᠦᠷᠢᠯᠡᠭᠰᠡᠨ ᠪᠠᠶᠢᠨ᠎ᠠ ᠃
ᠣᠷᠳᠣᠰ ᠬᠤᠲᠠ ᠶᠢᠨ ᠪᠣᠷᠣ ᠲᠡᠭᠡ ᠨᠡᠭᠦᠷᠡᠰᠦᠨ ᠠᠭᠤᠷᠬᠠᠢ ᠳᠤ ᠂ ᠨᠡᠭᠦᠷᠡᠰᠦ ᠮᠠᠯᠲᠠᠬᠤ ᠮᠠᠰᠢᠨ ᠲᠦᠷᠭᠡᠨ ᠬᠤᠷᠳᠤᠴᠠ ᠪᠠᠷ ᠠᠵᠢᠯᠯᠠᠵᠤ ᠂ ᠤᠬᠢᠶᠠᠵᠤ ᠰᠣᠩᠭᠤᠭᠰᠠᠨ ᠨᠡᠭᠦᠷᠡᠰᠦ ᠶᠢ ︽ᠭᠤᠷᠪᠠᠨ ᠬᠥᠨᠳᠡᠯᠡᠨ ᠳᠥᠷᠪᠡᠨ ᠭᠤᠯᠳᠤ ︾ ᠲᠡᠮᠦᠷ ᠵᠠᠮ ᠤᠨ ᠲᠣᠣᠷ ᠢᠶᠠᠷ ᠪᠦᠭᠦ ᠤᠯᠤᠰ ᠲᠤ ᠲᠡᠭᠡᠭᠡᠪᠦᠷᠢᠯᠡᠨ ᠬᠦᠷᠭᠡᠨ᠎ᠡ ᠃
ᠥᠪᠥᠷ ᠮᠣᠩᠭᠤᠯ ︽ᠶᠡᠬᠡᠩᠬᠢ ᠬᠠᠭᠠᠰ ᠳᠤᠮᠳᠠᠳᠤ ᠤᠯᠤᠰ ᠤᠨ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ︾ ᠶᠢᠨ ᠲᠥᠯᠥᠭᠡ ︽ᠠᠵᠢᠯ ︾ ᠢᠶᠠᠨ ᠴᠢᠩᠭᠠᠳᠬᠠᠵᠤ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠲᠥᠯᠥᠭᠡ ᠦᠨᠳᠦᠰᠦᠨ ᠬᠠᠩᠭᠠᠯᠭ᠎ᠠ ᠶᠢ ᠪᠠᠲᠤᠯᠠᠬᠤ ᠪᠠᠷ ᠪᠠᠷᠠᠬᠤ ᠦᠭᠡᠢ ᠂ ᠪᠠᠰᠠ ᠢᠷᠡᠭᠡᠳᠦᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠣᠳᠣᠯᠬᠢᠯᠠᠬᠤ ᠬᠡᠷᠡᠭᠲᠡᠢ ᠃ ᠨᠡᠭᠦᠷᠡᠰᠦ ᠪᠠᠷ ᠲᠣᠰᠣ ᠦᠢᠯᠡᠳᠬᠦ ᠂ ᠨᠡᠭᠦᠷᠡᠰᠦ ᠪᠠᠷ ᠠᠯᠺᠧᠨ ᠦᠢᠯᠡᠳᠬᠦ ᠵᠡᠷᠭᠡ ᠶᠡᠷᠦᠩᠬᠡᠢ ᠪᠡᠯᠡ ᠣᠷᠣᠭᠤᠯᠤᠯᠲᠠ ᠨᠢ ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠵᠢᠴᠢ ︽ᠰᠠᠯᠬᠢ ᠭᠡᠷᠡᠯ ᠢ ᠤᠰᠤᠲᠦ᠋ᠷᠦᠭᠴᠢᠭᠤᠯᠤᠨ ᠬᠠᠳᠠᠭᠠᠯᠠᠬᠤ ᠲᠡᠷᠭᠡ ︾ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠲᠦᠰᠢᠭᠯᠡᠨ ᠂ ᠥᠪᠥᠷ ᠮᠣᠩᠭᠤᠯ ᠨᠢ ᠤᠯᠤᠰ ᠤᠨ ᠳᠣᠲᠣᠭᠠᠳᠤ ᠶᠢᠨ ᠲᠥᠷᠥᠯ ᠵᠦᠢᠯ ᠢᠶᠠᠷ ᠪᠦᠷᠢᠨ ᠂ ᠬᠡᠪᠴᠢᠶ᠎ᠡ ᠪᠠᠷ ᠯᠤᠲᠤ ᠶᠡᠭᠡ ᠣᠲᠣ ᠦᠶ᠎ᠡ ᠶᠢᠨ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠪᠣᠯᠪᠠ ᠃
ᠲᠦᠩᠯᠢᠶᠣᠣ ᠬᠤᠳᠠ ᠶᠢᠨ ᠺᠠᠶᠢᠯᠤ ᠰᠢᠶᠠᠨ ᠤ ᠳ᠋ᠠ ᠢᠦᠢ ᠱᠤ᠋ ᠪᠠᠯᠭᠠᠰᠤ ᠶᠢᠨ ᠭᠦ᠋ ᠢᠦᠢ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠬᠦᠷᠢᠶᠡᠯᠡᠩ ᠳᠤ ᠂ ᠣᠳᠣ ᠦᠶ᠎ᠡ ᠶᠢᠨ ᠣᠶᠤᠨᠴᠢᠯᠠᠭᠰᠠᠨ ᠬᠦᠯᠡᠮᠵᠢ ᠨᠦᠭᠦᠳ ᠵᠠᠯᠭᠠᠯᠳᠤᠨ ᠪᠠᠶᠢᠷᠢᠰᠢᠯᠠᠨᠠ᠃ ᠠᠮᠢ ᠠᠬᠤᠢ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠠᠵᠢᠯᠴᠢᠳ ᠤᠳᠠᠯ ᠦᠭᠡᠢ ᠠᠰᠢᠭᠯᠠᠯᠲᠠ ᠳᠤ ᠣᠷᠣᠬᠤ ᠭᠡᠵᠦ ᠪᠠᠶᠢᠭ᠎ᠠ ᠬᠤᠶᠠᠳᠤᠭᠠᠷ ᠬᠤᠭᠤᠴᠠᠭᠠᠨ ᠤ ᠬᠦᠯᠡᠮᠵᠢ ᠶᠢᠨ ᠤᠷᠢᠳᠤᠬᠢ ᠬᠤᠭᠤᠴᠠᠭᠠᠨ ᠤ ᠪᠡᠯᠡᠳᠬᠡᠯ ᠬᠢᠵᠦ ᠪᠠᠶᠢᠯ᠎ᠠ ᠃
ᠪᠦᠭᠦ ᠣᠷᠣᠨ ᠢ ᠬᠠᠷᠠᠪᠠᠯ ᠂ ᠵᠡᠭᠦᠨ ᠠᠴᠠ ᠪᠠᠷᠠᠭᠤᠨᠰᠢ ᠲᠥᠬᠦᠭᠡᠷᠦᠮᠵᠢᠲᠦ ᠲᠠᠷᠢᠶᠠᠯᠠᠩ ᠢ ᠲᠡᠰ ᠳᠡᠪᠰᠢᠭᠦᠯᠵᠦ ᠂ ᠭᠤᠷᠪᠠ ᠤᠳᠠᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠦᠴᠦᠲᠡᠢ ᠳᠠᠶᠢᠴᠢᠯᠠᠪᠠ ᠃
ᠥᠪᠥᠷ ᠮᠣᠩᠭᠤᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠂ ᠴᠢᠬᠤᠯᠠ ᠶᠡᠭᠡ ᠲᠥᠷᠥᠯ ᠵᠦᠢᠯ ᠤᠳ ᠭᠦᠷ ᠬᠥᠭᠵᠢᠶᠡᠨᠲᠡᠢ ᠥᠷᠨᠢᠵᠦ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠳ ᠢ ᠰᠦᠨᠳᠡᠷᠯᠡᠨ ᠪᠣᠰᠣᠨ᠎ᠠ ᠁
︽ᠳᠡᠯᠡᠬᠡᠢ ᠳᠡᠭᠡᠷ᠎ᠡ ᠵᠦᠭᠡᠷ ᠰᠠᠭᠤᠵᠤ ᠪᠡᠯᠡᠨ ᠢ ᠢᠳᠡᠬᠦ ᠰᠠᠶᠢᠨ ᠶᠠᠪᠤᠳᠠᠯ ᠭᠡᠵᠦ ᠪᠠᠶᠢᠬᠤ ᠦᠭᠡᠢ ᠂ ᠵᠣᠯ ᠵᠢᠷᠭᠠᠯ ᠲᠠᠢ ᠠᠮᠢᠳᠤᠷᠠᠶ᠎ᠠ ᠭᠡᠪᠡᠯ ᠴᠢᠷᠮᠠᠶᠢᠨ ᠲᠡᠮᠡᠴᠡᠬᠦ ᠬᠡᠷᠡᠭᠲᠡᠢ ︾᠃ 2024 ᠣᠨ ᠠᠴᠠ ᠨᠠᠭᠠᠰᠢ ᠂ ᠭᠠᠳᠠᠭᠠᠳᠤ ᠣᠷᠴᠢᠨ ᠤ ᠠᠰᠢᠭ ᠦᠭᠡᠢ ᠨᠥᠯᠥᠭᠡ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠵᠡᠷᠭᠡ ᠠᠯᠢ ᠣᠯᠠᠨ ᠥᠷᠢᠰᠦᠯᠳᠦᠭᠡᠨ ᠤ ᠡᠮᠦᠨ᠎ᠡ ᠂ ᠥᠪᠥᠷ ᠮᠣᠩᠭᠤᠯ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠳᠤᠲᠠᠭᠤᠳᠠᠯ ᠢᠶᠠᠨ ᠨᠥᠬᠦᠪᠦᠷᠢᠯᠡᠵᠦ ᠂ ᠳᠠᠪᠠᠭᠤᠯᠢᠭ ᠲᠠᠯ᠎ᠠ ᠪᠠᠨ ᠳᠠᠪᠲᠠᠨ ᠪᠤᠯᠪᠠᠰᠤᠷᠠᠭᠤᠯᠵᠤ ᠂ ᠴᠢᠨᠠᠷ ᠰᠠᠶᠢᠲᠠᠢ ᠬᠥᠭᠵᠢᠯᠲᠡ ᠳᠤ ᠵᠠᠮ ᠨᠡᠭᠡᠭᠡᠵᠦ ᠥᠭᠪᠡ ᠃
ᠡᠨᠡ ᠪᠣᠯ ᠰᠠᠯᠬᠢ ᠪᠣᠷᠣᠭᠠᠨ ᠠᠴᠠ ᠦᠯᠦ ᠰᠦᠷᠳᠡᠭᠰᠡᠨ ᠬᠥᠭᠵᠢᠯᠲᠡ ᠶᠢᠨ ᠵᠠᠮ ᠮᠥᠨ ᠃ ᠨᠢᠭᠡ ᠵᠢᠯ ᠤᠨ ᠲᠤᠷᠰᠢ ᠂ ᠥᠪᠥᠷ ᠮᠣᠩᠭᠤᠯ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠢ ᠠᠬᠢᠭᠤᠯᠵᠤ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ ᠥᠷᠢᠰᠦᠯᠳᠦᠭᠡᠨ ᠢ ᠠᠷᠭᠠᠴᠠᠭᠠᠵᠤ ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠬᠤᠪᠢᠷᠠᠭᠤᠯᠬᠤ ᠪᠠᠷ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠤᠷᠤᠯᠳᠤᠭᠠᠨ ᠤ ᠵᠠᠮ ᠢᠶᠠᠷ ᠦᠷᠭᠦᠯᠵᠢᠯᠡᠨ ᠤᠷᠤᠭᠰᠢᠯᠠᠭᠰᠠᠨ ᠪᠠᠶᠢᠨ᠎ᠠ ᠃
ᠡᠨᠡ ᠪᠣᠯ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠥᠭᠵᠢᠯᠲᠡ ᠶᠢᠨ ᠵᠠᠮ ᠮᠥᠨ ᠃ ᠨᠢᠭᠡ ᠵᠢᠯ ᠤᠨ ᠲᠤᠷᠰᠢ ᠂ ᠥᠪᠥᠷ ᠮᠣᠩᠭᠤᠯ ᠰᠣᠶᠣᠯ ᠵᠢᠭᠤᠯᠴᠢᠯᠠᠯ ᠤᠨ ᠠᠭᠤᠰᠤᠯᠴᠠᠯ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠪᠣᠯᠣᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠬᠤ ᠪᠠᠷ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠶᠢ ᠠᠬᠢᠭᠤᠯᠬᠤ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠪᠠ ᠃
ᠡᠨᠡ ᠪᠣᠯ ᠨᠡᠭᠡᠭᠡᠯᠲᠡ ᠬᠢᠵᠦ ᠬᠠᠮᠲᠤᠷᠠᠯᠴᠠᠬᠤ ᠬᠥᠭᠵᠢᠯᠲᠡ ᠶᠢᠨ ᠵᠠᠮ ᠮᠥᠨ ᠃ ᠨᠢᠭᠡ ᠵᠢᠯ ᠤᠨ ᠲᠤᠷᠰᠢ ᠂ ᠥᠪᠥᠷ ᠮᠣᠩᠭᠤᠯ ᠣᠷᠣᠨ ᠤ ᠭᠠᠳᠠᠨᠠᠬᠢ ᠵᠠᠬ᠎ᠠ ᠳᠡᠯᠭᠡᠭᠦᠷ ᠢ ᠣᠨᠢᠯᠠᠨ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠵᠡᠭᠦᠨ ᠭᠤᠷᠪᠠᠨ ᠮᠤᠵᠢ ᠪᠣᠯᠣᠨ ︽ᠨᠢᠭᠡ ᠪᠦᠰᠡ ᠨᠢᠭᠡ ᠵᠠᠮ ︾ ᠳᠠᠭᠠᠤ ᠶᠢᠨ ᠤᠯᠤᠰ ᠪᠣᠯᠣᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠤᠮᠠᠷᠠᠰᠢ ᠨᠡᠭᠡᠭᠡᠯᠲᠡ ᠬᠢᠬᠦ ︽ᠨᠠᠶᠢᠵᠠ ᠶᠢᠨ ᠲᠣᠭᠤᠷᠢᠭ ︾ ᠢ ᠲᠠᠰᠤᠷᠠᠯᠲᠠ ᠦᠭᠡᠢ ᠥᠷᠭᠡᠳᠬᠡᠪᠡ ᠃
ᠴᠠᠭ ᠮᠥᠴᠡ ᠨᠢ ᠬᠥᠭᠵᠢᠯᠲᠡ ᠶᠢᠨ ᠤᠯᠠ ᠮᠥᠷ ᠢ ᠦᠯᠡᠳᠡᠭᠡᠵᠦ ᠂ ᠦᠯᠡᠮᠵᠢ ᠪᠡᠷᠬᠡ ᠨᠢ ᠦᠢᠯᠡ ᠪᠦᠲᠦᠬᠦ ᠳᠤ ᠲᠤᠰᠠ ᠪᠤᠯᠳᠠᠭ ᠃ ᠦᠷᠭᠦᠯᠵᠢᠯᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠴᠠ ᠲᠠᠰᠤᠷᠠᠯᠳᠡ ᠦᠭᠡᠢ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠭᠦᠷᠲᠡᠯ᠎ᠡ ᠂ ᠵᠠᠩᠭᠢᠯᠠᠭ᠎ᠠ ᠶᠢ ᠠᠳᠬᠤᠵᠤ ᠭᠤᠣᠯᠳᠠᠯᠭ᠎ᠠ ᠲᠠᠢ ᠪᠠᠶᠢᠷᠢᠯᠠᠭᠤᠯᠬᠤ ᠠᠴᠠ ᠲᠥᠪᠯᠡᠷᠡᠭᠦᠯᠦᠨ ᠪᠣᠭᠤᠮᠲᠠ ᠰᠢᠪᠲᠤᠯᠵᠤ ᠤᠳᠠᠭᠠᠨ ᠬᠤᠷᠠᠮᠳᠤᠭᠤᠯᠤᠨ ᠪᠠᠶᠢᠳᠠᠯ ᠢ ᠪᠦᠷᠢᠯᠳᠦᠭᠦᠯᠵᠦ ᠭᠦᠷᠲᠡᠯ᠎ᠡ ᠂ ᠪᠦᠯᠦᠭ ᠪᠦᠯᠦᠭ ᠲᠤᠭ᠎ᠠ ᠪᠠᠷᠢᠮᠲᠠ ᠨᠤᠭᠤᠳ ᠨᠢ ᠥᠪᠥᠷ ᠮᠣᠩᠭᠤᠯ ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠲᠠᠶᠢᠯᠪᠤᠷᠢᠯᠠᠵᠤ ᠂ ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠰᠦᠷ ᠳᠠᠯᠠᠶᠢᠴᠠᠲᠠᠢ ᠬᠥᠳᠡᠯᠭᠡᠬᠦ ᠡᠨᠧᠷᠭᠢ ᠶᠢ ᠭᠡᠷᠡᠴᠢᠯᠡᠪᠡ ᠃
ᠲᠡᠮᠡᠴᠡᠯ ᠨᠢ ᠥᠪᠥᠷ ᠮᠣᠩᠭᠤᠯ ᠤᠨ ᠬᠥᠭᠵᠢᠯᠲᠡ ᠶᠢ ᠲᠠᠶᠢᠯᠪᠤᠷᠢᠯᠠᠬᠤ ᠲᠦᠯᠬᠢᠭᠦᠷ ᠪᠤᠯᠬᠤ ᠪᠠᠷ ᠪᠠᠷᠠᠬᠤ ᠦᠭᠡᠢ ᠂ ᠨᠡᠩ ᠴᠤ ᠰᠠᠶᠢᠨ ᠰᠠᠶᠢᠬᠠᠨ ᠢᠷᠡᠭᠡᠳᠦᠢ ᠳᠤ ᠨᠡᠪᠲᠡᠷᠡᠬᠦ ᠱᠠᠲᠤ ᠪᠣᠯᠣᠨ᠎ᠠ ᠃ ᠦᠢᠯᠡᠳᠦᠯᠭᠡ ᠡᠭᠦᠷᠢᠳᠡ ᠬᠢᠵᠠᠭᠠᠷ ᠦᠭᠡᠢ ᠂ ᠬᠥᠭᠵᠢᠯᠲᠡ ᠡᠭᠦᠷᠢᠳᠡ ᠵᠣᠭᠰᠣᠰᠢ ᠦᠭᠡᠢ ᠶᠤᠮ ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠬᠥᠭᠵᠢᠯᠲᠡ ᠶᠢ ᠲᠦᠷᠭᠡᠳᠬᠡᠬᠦ ᠬᠠᠨᠳᠤᠰᠢ ᠪᠠᠨ ᠬᠡᠷᠬᠢᠨ ᠪᠠᠲᠤᠯᠠᠬᠤ ᠪᠤᠢ ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠢᠷᠡᠭᠡᠳᠦᠢ ᠳᠤ ᠴᠢᠭᠯᠡᠭᠦᠯᠦᠨ ᠢᠲᠡᠭᠡᠯ ᠲᠡᠭᠦᠯᠳᠡᠷ ᠪᠠᠶᠢᠨᠠᠮ ᠃
— ︽ᠲᠠᠪᠤᠨ ᠶᠡᠭᠡ ᠡᠭᠦᠷᠭᠡ ︾ ᠪᠣᠯ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠤᠷ ᠡᠷᠬᠡᠪᠰᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ ᠃
— ︽ᠵᠢᠷᠭᠤᠭᠠᠨ ᠢᠨᠵᠧᠨᠧᠷᠢᠩ ︾ ᠨᠢ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠲᠠᠢ ᠪᠣᠯᠬᠤᠷ ᠡᠷᠬᠡᠪᠰᠢ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ ᠃
— ᠴᠢᠬᠤᠯᠠ ᠶᠡᠭᠡ ᠲᠥᠷᠥᠯ ᠵᠦᠢᠯ ᠢ ᠲᠥᠰᠥᠪᠯᠡᠬᠦ ᠠᠵᠢᠯᠯᠠᠭ᠎ᠠ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠂ ᠤᠰᠤ ᠠᠷᠪᠢᠯᠠᠬᠤ ᠠᠵᠢᠯᠯᠠᠭ᠎ᠠ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠵᠡᠷᠭᠡ ︽ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃
᠁
ᠲᠡᠦᠬᠡ ᠶᠢᠨ ᠤᠷᠳᠤ ᠤᠷᠤᠰᠬᠠᠯ ᠶᠡᠷᠦ ᠨᠢ ᠮᠤᠷᠤᠢ ᠰᠠᠷᠤᠢ ᠵᠠᠮ ᠢᠶᠠᠷ ᠬᠠᠮᠤᠭ ᠤᠨ ᠰᠦᠷ ᠳᠠᠯᠠᠶᠢᠴᠠᠲᠠᠢ ᠳᠠᠪᠠᠯᠭᠠᠨ ᠢ ᠡᠭᠦᠰᠬᠡᠳᠡᠭ ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ ᠂ ᠬᠥᠭᠵᠢᠯᠲᠡ ᠪᠠᠨ ᠲᠦᠷᠭᠡᠳᠬᠡᠬᠦ ᠵᠠᠮ ᠳᠡᠭᠡᠷ᠎ᠡ ᠪᠢᠳᠡ ᠴᠥᠬᠦᠷᠡᠰᠢ ᠦᠭᠡᠢ ᠤᠷᠤᠭᠰᠢᠯᠠᠵᠤ ᠂ ᠶᠡᠷᠦ ᠠᠴᠠ ᠴᠠᠯᠠᠭᠠᠶᠢᠷᠠᠵᠤ ᠦᠵᠡᠭᠡ ᠦᠭᠡᠢ ︔ ᠤᠷᠢᠳᠤᠭᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠳᠤ ᠂ ᠰᠢᠭᠤᠷᠬᠠᠶᠢᠯᠠᠨ ᠲᠡᠮᠡᠴᠡᠬᠦ ᠪᠣᠯ ᠥᠪᠥᠷ ᠮᠣᠩᠭᠤᠯ ᠤᠨ ᠳᠦᠷᠰᠦ ᠪᠠᠶᠢᠳᠠᠯ ᠂ ᠡᠷᠡᠯᠬᠡᠭᠯᠡᠨ ᠤᠷᠤᠭᠰᠢᠯᠠᠬᠤ ᠪᠣᠯ ᠥᠪᠥᠷ ᠮᠣᠩᠭᠤᠯ ᠤᠨ ᠬᠡᠪ ᠪᠠᠶᠢᠳᠠᠯ ᠪᠤᠯᠬᠤ ᠶᠤᠮ︕