ᠥᠪᠥᠷ ᠮᠣᠩᠭᠤᠯ ᠪᠣᠬᠢᠷᠳᠤᠯ ᠦᠭᠡᠢ ᠬᠥᠭᠵᠢᠯᠲᠡ ᠶᠢᠨ ᠲᠣᠷᠭᠠᠨ ᠵᠢᠯᠣᠭᠤ ᠰᠤᠩᠭᠠᠯ᠎ᠠ
ᠨᠡᠶᠢᠲᠡᠯᠡᠭᠰᠡᠨ ᠴᠠᠭ᠄
2025/1/15

 

      ᠣᠨ ᠵᠢᠯ ᠰᠣᠯᠢᠭᠳᠠᠵᠤ ᠴᠠᠭ ᠦᠶ᠎ᠡ ᠰᠢᠨᠡᠳᠦᠨ᠎ᠡ ᠃ ᠥᠪᠥᠷ ᠮᠣᠩᠭᠤᠯ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ ᠂ ᠪᠣᠬᠢᠷᠳᠤᠯ ᠦᠭᠡᠢ ᠬᠥᠭᠵᠢᠯᠲᠡ ᠪᠠ ᠠᠮᠢ ᠠᠬᠤᠢ ᠶᠢᠨ ᠦᠨ᠎ᠡ ᠦᠷᠲᠡᠭ ᠢ ᠵᠡᠷᠭᠡ ᠪᠠᠷ ᠳᠡᠭᠡᠭᠰᠢᠯᠡᠭᠦᠯᠵᠦ ᠂ ᠡᠬᠡ ᠤᠯᠤᠰ ᠤᠨ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠣᠬᠢᠷᠳᠤᠯ ᠦᠭᠡᠢ ᠬᠥᠭᠵᠢᠯᠲᠡ ᠶᠢᠨ ᠢᠳᠡ ᠬᠦᠴᠦ ᠪᠠᠷ ᠪᠢᠯᠬᠠᠨ᠎ᠠ ᠃

      ᠪᠣᠬᠢᠷᠳᠤᠯ ᠦᠭᠡᠢ ᠬᠥᠭᠵᠢᠯᠲᠡ ᠶᠢᠨ ᠢᠳᠡ ᠬᠦᠴᠦ ᠨᠢ ᠥᠪᠥᠷ ᠮᠣᠩᠭᠤᠯ ᠤᠨ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢᠨ ᠬᠥᠭᠵᠢᠯᠲᠡ ᠶᠢ ᠲᠠᠶᠢᠴᠢᠯᠠᠨ ᠂ ᠰᠢᠨ᠎ᠡ ᠡᠨᠧᠷᠭᠢ ᠶᠢᠨ ᠬᠦᠷᠢᠶᠡᠨ ᠳᠤ ︽ᠪᠠᠰᠠ ᠨᠢᠭᠡᠨ ᠠᠵᠤ ᠦᠢᠯᠡᠳᠪᠦᠷᠢ ᠶᠢᠨ ᠥᠪᠥᠷ ᠮᠣᠩᠭᠤᠯ ᠢ ᠴᠣᠭᠴᠠᠯᠠᠬᠤ ︾ ᠲᠡᠮᠡᠴᠡᠯ ᠤᠨ ᠦᠢᠯᠡᠳᠦᠯᠭᠡ ᠳᠤᠮᠳᠠ ᠪᠢᠯᠬᠠᠵᠤ ᠪᠠᠶᠢᠨ᠎ᠠ ᠃

      ᠪᠤᠭᠤᠲᠤ ᠬᠤᠲᠠ ᠶᠢᠨ ᠮᠢᠩ ᠶᠠᠩ ᠰᠢᠨ᠎ᠡ ᠡᠨᠧᠷᠭᠢ ᠶᠢᠨ ᠣᠶᠤᠨᠴᠢ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠳᠤ ᠰᠠᠯᠬᠢᠨ ᠬᠦᠴᠦᠨ ᠤ ᠴᠠᠭᠢᠯᠭᠠᠨ ᠰᠡᠩᠰᠡ ᠶᠢᠨ ᠳᠡᠯᠪᠢ ᠶᠢᠨ ᠦᠢᠯᠡᠳᠪᠦᠷᠢᠯᠡᠯ ᠤᠨ ᠱᠤᠭᠤᠮ ᠲᠠᠰᠤᠷᠠᠯᠲᠠ ᠦᠭᠡᠢ ᠠᠵᠢᠯᠯᠠᠨ᠎ᠠ ︔ ᠲᠦᠩᠯᠢᠶᠣᠣ ᠬᠤᠳᠠ ᠶᠢᠨ ᠬᠤᠷᠴᠢᠨ ᠲᠣᠭᠤᠷᠢᠭ ᠤᠨ ᠥᠪᠥᠷ ᠮᠣᠩᠭᠤᠯ ᠤᠨ ᠵᠡᠭᠦᠨ ᠪᠡᠶ᠎ᠡ ︵ᠲᠦᠩᠯᠢᠶᠣᠣ ︶ ᠶᠢᠨ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠳᠤ ᠵᠢᠯ ᠳᠤ 20 ᠲᠦᠮᠡᠨ ᠲᠣᠨ ᠠᠮᠠᠳᠠᠭᠤᠯ ᠦᠢᠯᠡᠳᠪᠦᠷᠢᠯᠡᠬᠦ ᠲᠥᠷᠥᠯ ᠵᠦᠢᠯ ᠪᠣᠯᠣᠨ ᠵᠢᠯ ᠳᠤ 200 ᠲᠦᠮᠡᠨ ᠲᠣᠨ ᠤ ᠰᠢᠷᠡᠮᠦ ᠬᠤᠭᠤᠯᠠᠢ ᠶᠢᠨ ᠪᠣᠯᠣᠳ ᠠᠮᠠᠳᠠᠭᠤᠯ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ ᠪᠠᠶᠢᠨ᠎ᠠ ︔ ᠣᠷᠳᠣᠰ ᠬᠤᠳᠠ ᠶᠢᠨ ᠮᠧᠩ ᠰᠦ᠋ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠵᠡᠭᠦᠨᠰᠢ ᠪᠠᠷᠠᠭᠤᠨᠰᠢ 530 ᠮᠸᠲᠷ ᠰᠤᠨᠳᠠᠯᠠᠭᠰᠠᠨ ᠠᠯᠤᠰ ᠦᠵᠡᠭᠳᠡᠯᠲᠦ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠦᠢᠯᠡᠳᠪᠦᠷᠢ ᠳᠤ ᠹᠣᠰᠹᠣᠷ ᠬᠦᠴᠢᠯ ᠤᠨ ᠲᠡᠮᠦᠷ ᠯᠢᠲ᠋ᠢ ᠳ᠋ᠢᠶᠠᠨ ᡂᠢ ᠶᠢ ᠦᠢᠯᠡᠳᠪᠦᠷᠢᠯᠡᠵᠦ ᠶᠠᠭᠠᠷᠠᠨ᠎ᠠ ᠁ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠰᠢᠨ᠎ᠡ ᠡᠨᠧᠷᠭᠢ ᠶᠢᠨ ᠠᠵᠤ ᠦᠢᠯᠡᠰ ᠬᠤᠷ᠎ᠠ ᠶᠢᠨ ᠳᠠᠷᠠᠭᠠᠬᠢ ᠬᠤᠯᠤᠰᠤᠨ ᠰᠦᠶᠦᠭᠡ ᠮᠡᠲᠦ ᠪᠠᠳᠠᠷᠠᠯ᠎ᠠ ᠃

      2024 ᠣᠨ ᠳᠤ᠂ ᠥᠪᠥᠷ ᠮᠣᠩᠭᠤᠯ ᠰᠠᠯᠬᠢᠨ ᠬᠦᠴᠦᠨ ᠂ ᠨᠡᠭᠦᠷᠡᠰᠦ ᠂ ᠴᠠᠭᠢᠯᠭᠠᠨ ᠲᠣᠣᠷ ᠤᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠠᠰᠢᠭᠯᠠᠵᠤ ᠂ ︽ᠬᠤᠣᠰ ᠨᠡᠭᠦᠷᠡᠰᠦᠲᠥ᠋ᠷᠥᠭᠴᠢ ︾ ᠶᠢᠨ ᠬᠠᠷᠠᠯᠲᠠ ᠡᠭᠦᠷᠭᠡ ᠶᠢ ᠲᠣᠭᠲᠠᠭᠠᠨ ᠂ ᠪᠦᠭᠦ ᠤᠯᠤᠰ ᠴᠢᠨᠠᠭᠰᠢᠯᠠᠪᠠᠯ ᠳᠡᠯᠡᠬᠡᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠭᠠᠵᠠᠷ ᠢ ᠬᠦᠴᠦ ᠪᠠᠨ ᠲᠥᠪᠯᠡᠷᠡᠭᠦᠯᠦᠨ ᠴᠣᠭᠴᠠᠯᠠᠪᠠ ᠃

      2024 ᠣᠨ ᠳᠤ᠂ ᠥᠪᠥᠷ ᠮᠣᠩᠭᠤᠯ ᠤᠨ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 4100 ᠲᠦᠮᠡᠨ ᠺᠢᠯᠣᠸᠠᠲ ᠢ ᠳᠠᠪᠠᠨ ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 1.35 ᠳ᠋ᠦᠩᠰᠢᠭᠤᠷ ᠺᠢᠯᠣᠸᠠᠲ ᠲᠤ ᠬᠦᠷᠴᠦ ᠂ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠬᠤᠶᠠᠷ ᠵᠢᠯ ᠳᠠᠷᠠᠭᠠᠯᠠᠨ ᠪᠦᠭᠦ ᠤᠯᠤᠰ ᠲᠤ ᠲᠦᠷᠦᠭᠦᠯᠡᠪᠡ ᠃

      2024 ᠣᠨ ᠳᠤ᠂ ᠥᠪᠥᠷ ᠮᠣᠩᠭᠤᠯ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠨᠡᠶᠢᠲᠡ 1032 ᠲᠦᠮᠡᠨ ᠺᠢᠯᠣᠸᠠᠲ ᠨᠡᠮᠡᠭᠳᠡᠭᠦᠯᠵᠦ ᠂ ᠪᠦᠭᠦ ᠤᠯᠤᠰ ᠤᠨ ᠠᠩᠬᠠᠳᠠᠭᠴᠢ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢᠨ ᠬᠡᠪᠴᠢᠶ᠎ᠡ 1000 ᠲᠦᠮᠡᠨ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ ᠃

      2024 ᠣᠨ ᠳᠤ᠂ ᠥᠪᠥᠷ ᠮᠣᠩᠭᠤᠯ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠭᠦ ᠤᠯᠤᠰ ᠤᠨ ᠲᠡᠷᠢᠭᠦᠨ ᠤ ᠪᠠᠶᠢᠷᠢ ᠰᠠᠭᠤᠷᠢ ᠪᠠᠨ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠲᠠᠯ᠎ᠠ ᠪᠠᠷ ᠲᠡᠦᠬᠡᠲᠦ ᠴᠢᠨᠠᠷᠲᠠᠢ ᠵᠠᠩᠭᠢᠯᠠᠭ᠎ᠠ ᠶᠢᠨ ᠠᠯᠬᠤᠮ ᠢ ᠠᠯᠬᠤᠪᠠ ᠃

      2024 ᠣᠨ ᠳᠤ᠂ ᠥᠪᠥᠷ ᠮᠣᠩᠭᠤᠯ ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠶᠢ ᠡᠬᠢᠯᠡᠭᠦᠯᠵᠦ ᠂ ᠮᠠᠨ ᠤ ᠣᠷᠣᠨ ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ ᠂ ᠪᠠᠶᠢᠬᠤ ᠪᠣᠯᠤᠭᠰᠠᠨ ᠠᠴᠠ ᠪᠠᠨ ᠪᠦᠭᠦ ᠤᠯᠤᠰ ᠲᠤ ᠲᠦᠷᠦᠭᠦᠯᠡᠭᠰᠡᠨ ᠯᠤᠲᠤ ᠶᠡᠭᠡ ᠳᠠᠪᠠᠯᠲᠠ ᠶᠢ ᠪᠡᠶᠡᠯᠡᠭᠦᠯᠵᠦ ᠂ ᠪᠣᠬᠢᠷᠳᠤᠯ ᠦᠭᠡᠢ ᠴᠠᠭᠢᠯᠭᠠᠨ ᠤ ᠠᠷᠠᠯᠵᠢᠶᠠᠨ ᠤ ᠬᠡᠮᠵᠢᠶ᠎ᠡ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠪᠦᠭᠦ ᠤᠯᠤᠰ ᠲᠤ ᠲᠦᠷᠦᠭᠦᠯᠡᠨ ᠮᠤᠵᠢ ᠣᠷᠣᠨ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠶᠢ ᠥᠷᠨᠢᠭᠦᠯᠪᠡ ᠃

      2024 ᠣᠨ ᠤ 1 - 11 ᠰᠠᠷ᠎ᠠ ᠪᠤᠯᠲᠠᠯ᠎ᠠ ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 5.1% ᠪᠠᠷ ᠨᠡᠮᠡᠭᠳᠡᠵᠦ ᠂ ᠪᠦᠭᠦ ᠣᠷᠣᠨ ᠤ ᠶᠡᠷᠦᠩᠬᠡᠢ ᠪᠡᠯᠡ ᠣᠷᠣᠭᠤᠯᠤᠯᠲᠠ ᠶᠢᠨ 23% ᠶᠢ ᠡᠵᠡᠯᠡᠨ ᠂ ᠪᠦᠭᠦ ᠣᠷᠣᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠠᠷᠢᠴᠠᠯ ᠢᠶᠠᠷ 1.3 ᠬᠤᠪᠢ ᠳᠠᠶᠢᠴᠢᠯᠠᠪᠠ ᠃

      ᠪᠣᠬᠢᠷᠳᠤᠯ ᠦᠭᠡᠢ ᠬᠥᠭᠵᠢᠯᠲᠡ ᠶᠢᠨ ᠢᠳᠡ ᠬᠦᠴᠦ ᠨᠢ ᠥᠪᠥᠷ ᠮᠣᠩᠭᠤᠯ ᠤᠨ ᠤᠯᠤᠰ ᠤᠨ ᠶᠡᠭᠡ ᠶᠠᠪᠤᠳᠠᠯ ᠢ ᠪᠠᠲᠤ ᠴᠡᠭᠡᠵᠢᠯᠡᠨ ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ᠤᠷᠳᠤ ᠴᠠᠭᠠᠨ ᠬᠡᠷᠡᠮ ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠰᠢᠨ᠎ᠡ ᠶᠢ ᠡᠭᠦᠳᠬᠦ ᠦᠢᠯᠡᠳᠦᠯᠭᠡ ᠳᠤᠮᠳᠠ ᠢᠯᠡᠷᠡᠵᠦ  ᠪᠠᠶᠢᠨ᠎ᠠ ᠃

      ᠣᠷᠳᠣᠰ ᠪᠣᠯ ᠬᠠᠲᠤᠨ ᠭᠤᠣᠯ ᠤᠨ ︽ᠶᠡᠭᠡ ᠲᠣᠬᠤᠢ ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠲᠡᠶᠢᠨ ᠤ ᠲᠠᠯᠠᠪᠤᠷ ᠂ ᠭᠤᠣᠯ ᠵᠢᠭᠰᠠᠭᠠᠯ ᠤᠨ ᠭᠠᠵᠠᠷ ᠮᠥᠨ ᠃ 2024 ᠣᠨ ᠤ ᠬᠠᠪᠤᠷ ᠣᠷᠳᠣᠰ ᠬᠤᠲᠠ ᠬᠥᠪᠴᠢ ᠶᠢᠨ ᠡᠯᠡᠰᠦ ᠪᠣᠯᠣᠨ ᠮᠤᠤᠠᠤᠰᠤ ᠶᠢᠨ ᠡᠯᠡᠰᠦᠷᠬᠡᠭ ᠭᠠᠵᠠᠷ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠠᠶᠢᠷᠢᠯᠠᠭᠤᠯᠤᠨ ᠪᠦᠲᠦᠭᠡᠨ ᠪᠠᠶᠢᠭᠤᠯᠵᠤ ᠂ ᠡᠯᠡᠰᠦᠨ ᠲᠡᠯᠡᠶ ᠳᠣᠲᠣᠷᠠᠬᠢ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ ︾ ᠢ ᠪᠠᠶᠢᠭᠤᠯᠵᠤ ᠡᠬᠢᠯᠡᠪᠡ ᠃

      ᠡᠨᠡ ᠬᠦ ᠪᠦᠭᠦ ᠣᠷᠳᠣ ᠨᠢ 400 ᠺᠢᠯᠣᠮᠧᠲᠷ ᠂ ᠳᠤᠮᠳᠠᠴᠢ ᠥᠷᠭᠡᠨ ᠨᠢ 5 ᠺᠢᠯᠣᠮᠧᠲᠷ ᠂ ᠶᠡᠷᠦᠩᠬᠡᠢ ᠲᠠᠯᠠᠪᠠᠶ ᠨᠢ 2000 ᠰᠢᠬᠠᠮ ᠲᠡᠭᠰᠢ ᠳᠥᠷᠪᠡᠯᠵᠢᠨ ᠺᠢᠯᠣᠮᠧᠲᠷ ᠲᠤ ᠭᠦᠷᠦᠭᠰᠡᠨ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ ︾ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠭᠡᠷᠡᠯᠴᠢ ᠴᠡᠨᠡᠭ ᠢᠶᠠᠷ 300 ᠲᠦᠮᠡᠨ ᠮᠦ ᠡᠯᠡᠰᠦ ᠶᠢ ᠵᠠᠰᠠᠵᠤ ᠂ ᠠᠮᠢ ᠠᠬᠤᠢ ᠪᠠᠷ 900 ᠲᠦᠮᠡᠨ ᠮᠦ ᠡᠯᠡᠰᠦ ᠶᠢ ᠵᠠᠰᠠᠬᠤ ᠶᠢ ᠪᠡᠶᠡᠯᠡᠭᠦᠯᠬᠦ ᠪᠣᠯᠣᠨ᠎ᠠ ᠃

      2024 ᠣᠨ ᠳᠤ᠂ ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ  ᠢᠶᠠᠨ ᠰᠠᠶᠢᠲᠤᠷ ᠬᠢᠵᠦ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠪᠡ ᠃

      ᠪᠦᠭᠦ ᠣᠷᠣᠨ ᠤ ︽ᠨᠢᠭᠡ ᠬᠥᠯᠭᠡ ᠰᠢᠲᠠᠷ᠎ᠠ ︾ ᠶᠢᠨ ᠬᠠᠮᠲᠤᠷᠠᠭᠰᠠᠨ ᠰᠢᠪᠲᠤᠯᠤᠯᠲᠠ ᠳᠣᠣᠷ᠎ᠠ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠴᠢᠬᠤᠯᠠ ᠶᠡᠭᠡ ᠠᠮᠵᠢᠯᠲᠠ ᠣᠯᠵᠤ ᠂ ᠡᠯᠡᠰᠦ ᠶᠢ ᠵᠠᠰᠠᠬᠤ ᠂ ᠣᠶᠢᠵᠢᠭᠤᠯᠬᠤ ᠂ ᠡᠪᠡᠰᠦ ᠲᠠᠷᠢᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠡᠳᠦᠷ ᠳᠤᠮᠳᠠᠴᠢ ᠳᠤ 6 ᠲᠦᠮᠡᠨ ᠮᠦ ᠶᠢᠨ ᠡᠯᠡᠰᠦ ᠶᠢ ᠵᠠᠰᠠᠬᠤ ᠬᠤᠷᠳᠤᠴᠠ ᠪᠠᠷ ᠪᠦᠭᠦ ᠵᠢᠯ ᠳᠤ 1954 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠪᠠ ︔ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 2727 ᠲᠦᠮᠡᠨ ᠺᠢᠯᠣᠸᠠᠲ ᠲᠤ ᠬᠦᠷᠴᠦ ᠂ 238 ᠲᠦᠮᠡᠨ ᠮᠦ ᠡᠯᠡᠰᠦ ᠶᠢ ᠢᠵᠢ ᠪᠦᠷᠢᠳᠦᠭᠦᠯᠦᠨ ᠵᠠᠰᠠᠵᠠᠢ ᠃

      ᠠᠮᠢ ᠠᠬᠤᠢ ᠶᠢᠨ ᠳᠠᠪᠠᠭᠤᠯᠢᠭ ᠢ ᠦᠨᠡᠨ ᠬᠦ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢᠨ ᠲᠥᠯᠥᠭᠡ ᠥᠪᠥᠷ ᠮᠣᠩᠭᠤᠯ CCER ︵ᠤᠯᠤᠰ ᠤᠨ ᠬᠢᠨᠠᠨ ᠵᠥᠪᠰᠢᠶᠡᠷᠡᠭᠰᠡᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠦᠨᠡᠮᠯᠡᠯ ︶ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠣᠯᠠᠨ ᠵᠦᠢᠯ ᠤᠨ ᠭᠡᠯᠪᠡᠷᠢ ᠪᠠᠷ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠶᠢ ᠢᠳᠡᠪᠬᠢᠲᠡᠢ ᠠᠬᠢᠭᠤᠯᠤᠨ ᠂ ᠨᠡᠶᠢᠲᠡ 83.4 ᠲᠦᠮᠡᠨ ᠲᠣᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠶᠢ ᠪᠡᠶᠡᠯᠡᠭᠦᠯᠵᠦ ᠂ ᠠᠷᠠᠯᠵᠢᠶᠠᠨ ᠤ ᠬᠡᠮᠵᠢᠶ᠎ᠡ ᠨᠢ 3323.4 ᠲᠦᠮᠡᠨ ᠲᠥᠭᠦᠷᠢᠭ ᠲᠤ ᠭᠦᠷᠪᠠ ᠃

      ᠪᠣᠬᠢᠷᠳᠤᠯ ᠦᠭᠡᠢ ᠬᠥᠭᠵᠢᠯᠲᠡ ᠶᠢᠨ ᠢᠳᠡ ᠬᠦᠴᠦ ᠨᠢ ᠥᠪᠥᠷ ᠮᠣᠩᠭᠤᠯ ᠤᠨ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠠᠶᠢᠴᠢᠯᠠᠨ ᠂ ᠤᠷᠢᠳ ᠢᠶᠠᠷ ︽ᠰᠢᠨ᠎ᠡ ᠶᠢ ᠪᠠᠶᠢᠭᠤᠯᠵᠤ ︾ ᠲᠠᠷᠠᠭ᠎ᠠ ᠨᠢ ︽ᠬᠠᠭᠤᠴᠢᠨ ᠢ ᠡᠪᠳᠡᠬᠦ ︾ ᠶᠢ ᠪᠠᠷᠢᠮᠲᠠᠯᠠᠵᠤ ᠂ ᠠᠵᠤ ᠦᠢᠯᠡᠰ ᠤᠨ ᠪᠦᠲᠦᠴᠡ ᠶᠢ ᠪᠣᠬᠢᠷᠳᠤᠯ ᠦᠭᠡᠢ ᠪᠣᠯᠭᠠᠨ ᠲᠠᠭᠢᠨ ᠴᠣᠭᠴᠠᠯᠠᠬᠤ ᠶᠢ ᠠᠬᠢᠭᠤᠯᠬᠤ ᠲᠡᠮᠡᠴᠡᠯ ᠤᠨ ᠦᠢᠯᠡᠳᠦᠯᠭᠡ ᠳᠤᠮᠳᠠ ᠢᠯᠡᠷᠡᠵᠦ  ᠪᠠᠶᠢᠨ᠎ᠠ ᠃

      ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤ ᠬᠦᠷᠬᠦ ᠳᠤ ᠬᠠᠷ᠎ᠠ ᠤᠲᠤᠭ᠎ᠠ ᠬᠠᠷᠠᠭᠳᠠᠬᠤ ᠦᠭᠡᠢ ᠂ ᠬᠠᠮᠠᠷ ᠭᠠᠳᠠᠮ᠎ᠠ ᠬᠠᠴᠢᠨ ᠦᠨᠦᠷ ᠦᠨᠦᠷᠲᠦᠭᠳᠡᠬᠦ ᠦᠭᠡᠢ ᠂ ᠬᠠᠷᠢᠨ ᠴᠡᠪᠡᠷ ᠴᠡᠮᠴᠡᠭᠡᠷ ᠦᠢᠯᠡᠳᠪᠦᠷᠢ ᠶᠢᠨ ᠲᠣᠭᠤᠷᠢᠭ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠦᠢᠴᠡᠳ ᠦᠢᠯᠡᠳᠪᠦᠷᠢᠯᠡᠯ ᠤᠨ ᠱᠤᠭᠤᠮ ᠨᠢᠳᠦᠨ ᠳᠤ ᠢᠯᠡᠭᠡᠨ ᠲᠤᠰᠤᠨ᠎ᠠ ᠁ ᠳᠡᠭᠡᠳᠦ ᠲᠡᠰᠵᠢᠯᠲᠠ ᠂ ᠣᠶᠤᠨᠴᠢᠯᠠᠯᠲᠠ ᠂ ᠪᠣᠬᠢᠷᠳᠤᠯ ᠦᠭᠡᠢ ᠬᠥᠭᠵᠢᠯᠲᠡ ᠨᠢ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠰᠢᠨ᠎ᠡ ᠳᠥᠯᠥᠭᠡᠨ ᠤ ᠨᠡᠷ᠎ᠡ ᠪᠣᠯᠵᠠᠢ ᠃

      2024 ᠣᠨ ᠳᠤ᠂ ᠥᠪᠥᠷ ᠮᠣᠩᠭᠤᠯ ᠪᠣᠬᠢᠷᠳᠤᠯ ᠦᠭᠡᠢ ᠬᠥᠭᠵᠢᠯᠲᠡ ᠪᠠᠷ ᠴᠢᠭᠯᠡᠯ ᠢᠶᠠᠨ ᠪᠤᠯᠭᠠᠬᠤ ᠶᠢ ᠪᠠᠷᠢᠮᠲᠠᠯᠠᠨ ᠂ ᠬᠥᠭᠵᠢᠯᠲᠡ ᠶᠢᠨ ᠠᠷᠭ᠎ᠠ ᠭᠡᠯᠪᠡᠷᠢ ᠪᠠᠨ ᠲᠦᠷᠭᠡᠳᠬᠡᠨ ᠬᠤᠪᠢᠷᠠᠭᠤᠯᠵᠤ ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠣᠨᠴᠠᠯᠢᠭ ᠢᠶᠠᠨ ᠪᠤᠯᠭᠠᠬᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠪᠣᠶᠢᠵᠢᠭᠤᠯᠪᠠ ᠃

      ︽ᠬᠠᠭᠤᠴᠢᠨ ︾ ᠢ ᠡᠪᠳᠡᠵᠦ ᠂ ᠠᠵᠤ ᠦᠢᠯᠡᠰ ᠤᠨ ︽ᠨᠡᠭᠦᠷᠡᠰᠦᠲᠥ᠋ᠷᠥᠭᠴᠢ ᠶᠢᠨ ᠠᠭᠤᠯᠤᠭᠳᠠᠴᠠ ︾ ᠶᠢ ᠪᠠᠭᠤᠷᠠᠭᠤᠯᠤᠨ ᠂ ᠬᠥᠭᠵᠢᠯᠲᠡ ᠶᠢᠨ ︽ᠪᠣᠬᠢᠷᠳᠤᠯ ᠦᠭᠡᠢ ︾ ᠬᠡᠮᠵᠢᠶ᠎ᠡ ᠶᠢ ᠨᠡᠮᠡᠭᠳᠡᠭᠦᠯᠪᠡ ᠃ ᠤᠯᠠᠮᠵᠢᠯᠠᠯᠲᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ ᠂ ᠥᠨᠳᠥᠷ ᠪᠠᠷᠢᠮᠵᠢᠶ᠎ᠠ ᠂ ᠥᠨᠳᠥᠷ ᠲᠦᠪᠰᠢᠨ ᠢᠶᠠᠷ ᠥᠨᠳᠥᠷ ᠠᠴᠢᠶᠠᠯᠠᠪᠤᠷᠢ ᠲᠠᠢ ᠠᠵᠤ ᠦᠢᠯᠡᠰ ᠢ ᠭᠥᠯᠢᠶᠡᠨ ᠠᠪᠴᠤ ᠣᠷᠣᠭᠤᠯᠪᠠ ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠠᠵᠢᠯᠯᠠᠭᠠᠨ ᠤ ᠲᠥᠰᠥᠯ ᠢ ᠰᠤᠳᠤᠯᠤᠨ ᠲᠣᠭᠲᠠᠭᠠᠵᠤ ᠂ ᠲᠡᠮᠦᠷ ᠬᠠᠶᠢᠯᠤᠭᠤᠯᠬᠤ ᠂ ᠪᠣᠯᠣᠳ ᠬᠠᠶᠢᠯᠤᠭᠤᠯᠬᠤ ᠂ ᠲᠡᠮᠦᠷ ᠤᠨ ᠬᠠᠶᠢᠯᠤᠰᠢ ᠂ ᠴᠠᠬᠢᠯᠠᠭᠤᠷ ᠴᠢᠯᠠᠭᠤ ᠂ ᠬᠡᠦᠷᠡᠰᠦ ᠵᠡᠷᠭᠡ ᠬᠢᠵᠠᠭᠠᠷᠯᠠᠬᠤ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠪᠠᠷ ᠳᠠᠮᠵᠢᠨ ᠡᠨᠧᠷᠭᠢ ᠬᠡᠷᠡᠭᠯᠡᠬᠦ ᠣᠷᠣᠨ ᠵᠠᠢ ᠶᠢᠨ ᠲᠠᠯ᠎ᠠ ᠪᠠᠷ 700 ᠲᠦᠮᠡ ᠭᠠᠷᠤᠢ ᠲᠣᠨ ᠪᠠᠷᠢᠮᠵᠢᠶ᠎ᠠ ᠨᠡᠭᠦᠷᠡᠰᠦ ᠶᠢ ᠠᠷᠪᠢᠯᠠᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1800 ᠭᠠᠷᠤᠢ ᠲᠦᠮᠡᠨ ᠲᠣᠨ ᠪᠠᠭᠠᠰᠬᠠᠪᠠ ᠃ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠢ ᠬᠡᠷᠡᠭᠯᠡᠨ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ ᠂ ᠱᠦᠢᠨᠢ ᠂ ᠸᠠᠭᠠᠷ ᠱᠠᠭᠠᠵᠠᠩ ᠂ ᠮᠧᠲ᠋ᠢᠯ ᠠᠯᠺᠤᠣᠯ ᠂ ᠣᠯᠠᠨ ᠲᠠᠯᠠᠰᠲᠤ ᠴᠠᠬᠢᠭᠤᠷ ᠂ ᠵᠡᠰ ᠂ ᠲᠤᠭᠤᠯᠭ᠎ᠠ ᠂ ᠮᠠᠭᠨᠢ ᠵᠡᠷᠭᠡ 15 ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠤᠨ ᠭᠦᠢᠴᠡᠳᠬᠡᠯ ᠲᠤᠭ᠎ᠠ ᠶᠢ ᠤᠯᠤᠰ ᠤᠨ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷᠯᠠᠭᠰᠠᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠭᠡᠵᠦ ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠪᠡ ᠃

      ︽ᠰᠢᠨ᠎ᠡ ︾ ᠶᠢ ᠪᠠᠶᠢᠭᠤᠯᠵᠤ ᠂ ᠠᠵᠤ ᠦᠢᠯᠡᠰ ᠤᠨ ︽ᠰᠢᠨ᠎ᠡ ᠶᠢᠨ ᠠᠭᠤᠯᠤᠭᠳᠠᠴᠠ ︾ ᠶᠢ ᠨᠡᠮᠡᠭᠳᠡᠭᠦᠯᠦᠨ ᠂ ᠬᠥᠭᠵᠢᠯᠲᠡ ᠶᠢᠨ ︽ᠦᠨ᠎ᠡ ᠴᠠᠨ᠎ᠠ ︾ ᠶᠢ ᠳᠡᠭᠡᠭᠰᠢᠯᠡᠭᠦᠯᠪᠡ ᠃ ᠰᠢᠨ᠎ᠡ ᠡᠨᠧᠷᠭᠢ ᠂ ᠣᠲᠣ ᠦᠶ᠎ᠡ ᠶᠢᠨ ᠲᠣᠨᠣᠭᠯᠠᠯ ᠦᠢᠯᠡᠳᠬᠦ ᠂ ᠠᠮᠢᠳᠤ ᠪᠣᠳᠠᠰ ᠤᠨ ᠡᠮ ᠡᠮᠨᠡᠯᠭᠡ ᠂ ᠲᠣᠮᠣ ᠳ᠋ᠠᠶᠢᠲ᠋ᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠵᠤ ᠂ 13 ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠬᠡᠪᠴᠢᠶᠡᠵᠢᠨ ᠲᠠᠰ ᠳᠡᠪᠰᠢᠬᠦ ᠶᠢ ᠠᠬᠢᠭᠤᠯᠪᠠ ᠃ ︽9 + 5 + 3 ︾ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠤᠰᠤᠲᠥ᠋ᠷᠥᠭᠴᠢ ᠡᠨᠧᠷᠭᠢ ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠂ ᠪᠣᠳᠣᠯᠭ᠎ᠠ ᠶᠢᠨ ᠬᠦᠴᠦᠨ ᠤ ᠲᠣᠣᠷ ᠂ ᠣᠶᠢᠷ᠎ᠠ ᠣᠭᠲᠠᠷᠭᠤᠢ ᠶᠢᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠵᠡᠷᠭᠡ ᠢᠷᠡᠭᠡᠳᠦᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ ᠂ ᠣᠯᠠᠨ ᠡᠰᠢᠵᠢᠨ ᠬᠥᠭᠵᠢᠭᠰᠡᠨ ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ ᠃

      ᠥᠩᠭᠡᠷᠡᠭᠰᠡᠨ ᠢ ᠡᠷᠭᠢᠴᠡᠭᠦᠯᠬᠦᠶ᠎ᠡ ᠂ ᠥᠪᠥᠷ ᠮᠣᠩᠭᠤᠯ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠂ ᠪᠣᠬᠢᠷᠳᠤᠯ ᠦᠭᠡᠢ ᠬᠥᠭᠵᠢᠯᠲᠡ ᠶᠢᠨ ᠴᠢᠳᠠᠪᠬᠢ ᠶᠢᠨ ᠲᠡᠰ ᠢ ᠮᠡᠳᠡᠭᠳᠡᠮ᠎ᠡ ᠳᠡᠭᠡᠭᠰᠢᠯᠡᠭᠦᠯᠪᠡ ᠃ ᠢᠷᠡᠭᠡᠳᠦᠢ ᠶᠢ ᠪᠠᠷᠠᠯᠠᠬᠤᠶ᠎ᠠ ᠂ ᠥᠪᠥᠷ ᠮᠣᠩᠭᠤᠯ ᠦᠷᠭᠦᠯᠵᠢᠯᠡᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠶᠡᠷᠦᠩᠬᠡᠶᠢᠯᠡᠨ ᠵᠢᠯᠣᠭᠤᠳᠤᠭᠤᠯᠵᠤ ᠂ ᠨᠡᠭᠦᠷᠡᠰᠦᠲᠥ᠋ᠷᠥᠭᠴᠢ ᠶᠢ ᠪᠠᠭᠠᠰᠬᠠᠨ ᠂ ᠪᠣᠬᠢᠷᠳᠤᠯ ᠢ ᠪᠠᠭᠠᠰᠬᠠᠵᠤ ᠂ ᠨᠣᠭᠤᠭᠠᠷᠠᠭᠤᠯᠤᠯᠲᠠ ᠶᠢ ᠥᠷᠭᠡᠳᠬᠡᠨ ᠂ ᠨᠡᠮᠡᠭᠳᠡᠯ ᠢ ᠬᠠᠮᠵᠢᠯᠴᠠᠨ ᠠᠬᠢᠭᠤᠯᠵᠤ ᠂ ᠪᠣᠬᠢᠷᠳᠤᠯ ᠦᠭᠡᠢ ᠬᠥᠭᠵᠢᠯᠲᠡ ᠂ ᠡᠷᠭᠢᠯᠲᠡᠲᠦ ᠬᠥᠭᠵᠢᠯᠲᠡ ᠂ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠨᠠᠩ ᠤᠬᠠᠮᠰᠠᠷ ᠠᠴᠠ ᠪᠠᠨ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠂ ᠡᠬᠢ ᠪᠠᠶᠠᠯᠢᠭ ᠤᠨ ᠬᠤᠷᠣᠭᠳᠠᠯ ᠢᠶᠠᠷ ᠪᠠᠭ᠎ᠠ ᠂ ᠣᠷᠴᠢᠨ ᠲᠣᠭᠤᠷᠢᠨ ᠤ ᠪᠣᠬᠢᠷᠳᠤᠯ ᠢᠶᠠᠷ ᠪᠠᠭ᠎ᠠ ᠠᠵᠤ ᠦᠢᠯᠡᠰ ᠤᠨ ᠪᠦᠲᠦᠴᠡ ᠪᠠ ᠪᠣᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠥᠩᠭᠡ ᠶᠢ ᠵᠤᠵᠠᠭᠠᠳᠬᠠᠨ᠎ᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ