ᠥᠪᠥᠷ ᠮᠣᠩᠭᠤᠯ ᠰᠢᠨ᠎ᠡ ᠶᠢ ᠡᠭᠦᠳᠬᠦ ᠪᠦᠲᠦᠭᠡᠯᠴᠢ ᠬᠥᠭᠵᠢᠯᠲᠡ ᠶᠢᠨ ᠰᠢᠨ᠎ᠡ ᠲᠥᠰᠥᠪ ᠢ ᠵᠢᠷᠤᠭᠯᠠᠯ᠎ᠠ
ᠨᠡᠶᠢᠲᠡᠯᠡᠭᠰᠡᠨ ᠴᠠᠭ᠄
2025/1/15

 

      ᠪᠦᠭᠦ ᠪᠥᠮᠪᠥᠷᠴᠡᠭ ᠲᠤ ᠨᠡᠭᠦᠷᠡᠰᠦ ᠤᠰᠤᠲᠥ᠋ᠷᠥᠭᠴᠢ ᠶᠢ ᠤᠷᠪᠠᠯ ᠡᠭᠦᠰᠬᠡᠵᠦ ᠬᠡᠶᠢᠵᠢᠭᠦᠯᠬᠦ ᠮᠡᠷᠭᠡᠵᠢᠯ ᠢ ᠠᠩᠬ᠎ᠠ ᠤᠳᠠᠭ᠎ᠠ ᠡᠭᠦᠳᠴᠦ᠂ ᠬᠠᠮᠤᠭ ᠤᠨ ᠶᠡᠭᠡ ᠪᠠᠭᠲᠠᠭᠠᠮᠵᠢ ᠲᠠᠢ ᠲᠣᠣᠷ ᠪᠦᠲᠦᠭᠡᠬᠦ ᠭᠡᠯᠪᠡᠷᠢ ᠶᠢᠨ ᠡᠨᠧᠷᠭᠢ ᠨᠥᠭᠡᠴᠡᠯᠡᠬᠦ ᠦᠯᠢᠭᠡᠷ ᠮᠠᠰᠢᠨ ᠢ ᠠᠮᠵᠢᠯᠲᠠ ᠲᠠᠢ ᠠᠵᠢᠯᠯᠠᠭᠤᠯᠪᠠ︔ ᠪᠦᠭᠦ ᠤᠯᠤᠰ ᠤᠨ ᠠᠩᠬᠠᠳᠠᠭᠴᠢ ᠰᠠᠭᠤᠷᠢ ︽ᠨᠡᠭᠦᠷᠡᠰᠦᠲᠥ᠋ᠷᠥᠭᠴᠢ ᠦᠭᠡᠢ︾ ᠬᠦᠨᠳᠦ ᠭᠡᠯᠪᠡᠷᠢ ᠶᠢᠨ ᠠᠭᠤᠷᠬᠠᠢ ᠳᠤ ᠬᠡᠷᠡᠭᠯᠡᠬᠦ ᠠᠴᠢᠶᠠᠨ ᠤ ᠮᠠᠰᠢᠨ ᠲᠡᠷᠭᠡ᠂ ᠠᠩᠬᠠᠳᠠᠭᠴᠢ ᠵᠤᠷᠪᠤᠰ ᠤᠰᠤᠲᠥ᠋ᠷᠥᠭᠴᠢ ᠬᠤᠯᠢᠬᠤ ᠥᠨᠳᠥᠷ ᠬᠦᠴᠦᠳᠡᠯᠲᠦ ᠣᠷᠳᠣ ᠳᠠᠮᠵᠢᠭᠤᠯᠬᠤ ᠬᠤᠭᠤᠯᠠᠢ᠂ ᠡᠨᠧᠷᠭᠢ ᠶᠢᠨ ᠬᠦᠷᠢᠶᠡᠨ ᠳᠠᠬᠢ 3 ᠵᠦᠢᠯ ᠤᠨ ᠠᠩᠬᠠᠳᠠᠭᠴᠢ ᠰᠠᠭᠤᠷᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠥᠪᠥᠷ ᠮᠣᠩᠭᠤᠯ ᠳᠤ ᠰᠤᠳᠤᠯᠤᠨ ᠨᠡᠭᠡᠭᠡᠵᠦ ᠭᠡᠷᠡᠭᠯᠡᠪᠡ︔ ᠬᠤᠪᠣᠷ ᠰᠢᠷᠣᠢ ᠶᠢᠨ ᠪᠤᠳᠤᠭᠲᠤ ᠳᠡᠯᠭᠡᠴᠡ᠂ ᠭᠡᠲᠦ ᠰᠣᠷᠢᠨᠵᠢᠨᠲᠤ ᠰᠤᠨᠵᠤ ᠠᠪᠴᠢᠭᠤᠯᠬᠤ ᠮᠠᠲ᠋ᠧᠷᠢᠶᠠᠯ᠂ ᠰᠦᠨ ᠬᠦᠴᠢᠯ ᠤᠨ ᠪᠠᠺᠲ᠋ᠧᠷᠢ ᠶᠢᠨ ᠳᠣᠣᠷ᠎ᠠ ᠳᠤᠯᠠᠭᠠᠨ ᠤ ᠮᠠᠨᠠᠨᠲᠤ ᠰᠦᠷᠴᠢᠭᠦᠷ ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠠᠵᠤ ᠦᠢᠯᠡᠰᠵᠢᠭᠦᠯᠦᠨ ᠨᠠᠶᠢᠳᠠᠪᠤᠷᠢᠵᠢᠭᠤᠯᠪᠠ ᠁ 2024 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠪᠠᠷ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠶᠡᠷᠦᠩᠬᠡᠶᠢᠯᠡᠨ ᠵᠢᠯᠤᠭᠤᠳᠴᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠡᠭᠦᠳᠴᠦ᠂ ᠥᠪᠥᠷ ᠮᠣᠩᠭᠤᠯ ᠥᠪᠡᠷᠮᠢᠴᠡ ᠣᠨᠴᠠᠯᠢᠭ ᠪᠦᠬᠦᠢ ᠣᠷᠣᠨ ᠪᠦᠰᠡ ᠶᠢᠨ ᠰᠢᠨ᠎ᠡ ᠶᠢ ᠡᠭᠦᠳᠬᠦ ᠵᠠᠮ ᠢ ᠨᠡᠭᠡᠭᠡᠪᠡ᠃

      ᠡᠨᠡ ᠬᠡᠳᠦᠨ ᠡᠳᠦᠷ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠯᠠᠵᠤ ᠪᠠᠶᠢᠭ᠎ᠠ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 12.5 ᠳ᠋ᠦᠩᠰᠢᠭᠤᠷ ᠲᠥᠭᠦᠷᠢᠭ ᠤᠨ ᠶᠠᠭ ᠢᠳᠡ ᠭᠦᠭ ᠲᠠᠢ ᠪᠦᠲᠦᠭᠡᠨ ᠪᠠᠶᠢᠭᠤᠯᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠪᠤᠯᠬᠤ ︽ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠠᠯᠭᠠᠰᠠᠯ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠶᠡᠭᠡ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ︾ ᠤᠨ ᠠᠵᠢᠯᠲᠠᠳ ᠶᠠᠭ ᠳᠠᠭᠤᠷᠢᠶᠠᠮᠠᠯ ᠲᠣᠨᠤᠭ ᠲᠥᠬᠦᠭᠡᠷᠦᠮᠵᠢ ᠶᠢ ᠲᠤᠷᠰᠢᠨ ᠦᠢᠯᠡᠳᠬᠦ ᠠᠵᠢᠯ ᠢ ᠥᠷᠨᠢᠭᠦᠯᠵᠦ ᠪᠤᠶ᠃

      ᠲᠥᠷᠥᠯ ᠵᠦᠢᠯ ᠨᠢ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠣᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠵᠡᠷᠭᠡ ᠤᠯᠤᠰ ᠤᠨ ᠳᠣᠲᠣᠭᠠᠳᠤ ᠶᠢᠨ ᠤᠯᠠᠨ ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠤᠨ ᠠᠵᠢᠯ ᠲᠦᠷᠦᠯ ᠤᠨ ᠣᠷᠣᠶᠢᠯᠠᠭᠰᠠᠨ ᠴᠢᠳᠠᠪᠤᠷᠢᠲᠠᠨ ᠢ ᠲᠥᠪᠯᠡᠷᠡᠭᠦᠯᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠬᠰᠠᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠠᠯᠭᠠᠰᠠᠯ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠤᠢ᠃ ︽ᠥᠨᠳᠥᠷ ᠴᠢᠳᠠᠪᠬᠢᠲᠤ ᠭᠡᠷᠡᠯ ᠰᠠᠷᠠᠯᠵᠢ ᠨᠢ ᠳᠡᠭᠡᠳᠦ ᠲᠡᠰ ᠤᠨ ᠲᠣᠨᠣᠭᠯᠠᠯ ᠤᠨ ᠨᠢᠳᠦ ᠪᠣᠯᠤᠭᠰᠠᠨ ᠤ ᠬᠤᠪᠢ ᠳᠤ ᠣᠶᠤᠨᠴᠢ ᠦᠢᠯᠡᠳᠬᠡᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠴᠢᠯᠠᠭᠤ ᠪᠠᠶᠢᠵᠤ᠂ ᠮᠠᠨ ᠤ ᠤᠯᠤᠰ ᠤᠨ ᠣᠶᠤᠨᠴᠢ ᠦᠢᠯᠡᠳᠬᠡᠯ ᠤᠨ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠬᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠬᠤ ᠶᠢ ᠠᠬᠢᠭᠤᠯᠵᠤ᠂ ᠬᠡᠯᠬᠢᠶ᠎ᠡ ᠶᠢᠨ ᠰᠢᠨ᠎ᠡ ᠶᠢ ᠡᠭᠦᠳᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠠᠴᠠ ᠬᠡᠯᠬᠢᠶ᠎ᠡ ᠶᠢ ᠠᠭᠤᠰᠤᠯᠴᠠᠭᠤᠯᠬᠤ ᠭᠦᠷᠳᠡᠯ᠎ᠠ ᠳᠡᠰ ᠳᠡᠪᠰᠢᠭᠦᠯᠵᠦ ᠴᠢᠳᠠᠨ᠎ᠠ︾ ᠭᠡᠵᠦ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ᠂ ᠥᠪᠥᠷ ᠮᠣᠩᠭᠤᠯ ᠤᠨ ᠣᠶᠤᠨᠴᠢ ᠦᠢᠯᠡᠳᠬᠦ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠦ ᠬᠤᠩ ᠵᠦᠩ ᠲᠠᠨᠢᠯᠴᠠᠭᠤᠯᠪᠠ᠃

      ᠡᠨᠡ ᠪᠣᠯ ᠥᠪᠥᠷ ᠮᠣᠩᠭᠤᠯ ᠤᠨ ︽ᠡᠬᠢᠯᠡᠵᠦ ᠭᠦᠶᠦᠮᠡᠭᠴᠡ ᠲᠦᠷᠦᠭᠦᠯᠡᠬᠦ︾ ᠣᠪᠣᠷ ᠪᠠᠶᠢᠳᠠᠯ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠦᠭᠦ ᠬᠦᠴᠦᠨ ᠢᠶᠠᠷ ᠢᠶᠠᠨ ᠠᠬᠢᠭᠤᠯᠤᠭᠰᠠᠨ ᠤ ᠬᠤᠷᠢᠶᠠᠩᠭᠤᠢ ᠳᠦᠷᠰᠦ ᠪᠣᠯᠣᠨ᠎ᠠ᠃ 2024 ᠣᠨ ᠳᠤ ᠥᠪᠥᠷ ᠮᠣᠩᠭᠤᠯ ᠪᠦᠭᠦ ᠲᠠᠯ᠎ᠠ ᠪᠠᠷ ᠤᠬᠠᠭᠠᠯᠠᠨ ᠲᠥᠯᠥᠪᠯᠡᠵᠦ᠂ ᠭᠦᠨᠵᠡᠭᠡᠶᠢᠷᠡᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠦᠭᠦ ᠣᠷᠣᠨ ᠤ ᠡᠯ᠎ᠡ ᠰᠠᠯᠠᠭ᠎ᠠ ᠮᠥᠴᠢᠷ᠂ ᠠᠶᠢᠮᠠᠭ ᠬᠤᠳᠠ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠣᠯ ᠴᠣᠭᠴᠠ ᠬᠠᠮᠵᠢᠯᠴᠠᠨ ᠬᠥᠳᠡᠯᠦᠯᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠦᠭᠦ ᠣᠷᠣᠨ ᠳᠠᠶᠠᠭᠠᠷ ᠤᠯᠠᠨ ᠴᠡᠭ ᠲᠤ︽ᠪᠦᠰᠡᠯᠡᠯᠲᠡ  ᠰᠢᠪᠲᠤᠯᠬᠤ︾ ᠰᠠᠶᠢᠨ ᠰᠠᠶᠢᠬᠠᠨ ᠪᠣᠭᠤᠮᠲᠠ ᠰᠢᠪᠲᠤᠯᠬᠤ ᠪᠠᠶᠢᠳᠠᠯ ᠢ ᠪᠤᠢ ᠪᠤᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢᠨ ᠲᠡᠰ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃

      2024 ᠣᠨ ᠳᠤ᠂ ᠥᠪᠥᠷ ᠮᠣᠩᠭᠤᠯ ᠥᠭᠡᠷᠡᠴᠢᠯᠡᠯᠲᠡ ᠪᠠᠷ ᠬᠦᠴᠦᠯᠡᠵᠦ᠂ ᠰᠢᠨ᠎ᠡ ᠶᠢ ᠡᠭᠦᠳᠬᠦ ᠪᠠᠷ ᠬᠦᠴᠦᠨ ᠨᠡᠮᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠪᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠲᠤᠬᠠᠢ ᠰᠠᠨᠠᠯ︾  ᠢᠶᠠᠷ ᠭᠤᠣᠯ ᠪᠤᠯᠭᠠᠵᠤ᠂ ︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠢ ᠬᠡᠷᠡᠭᠵᠢᠭᠦᠯᠬᠦ ᠲᠤᠬᠠᠢ ᠲᠥᠷᠥ ᠶᠢᠨ ᠪᠣᠳᠣᠯᠭ᠎ᠠ ᠨᠤᠭᠤᠳ ᠤᠨ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠰᠢᠰᠲ᠋ᠧᠮ ᠢ ᠰᠢᠯᠢᠳᠡᠭᠵᠢᠭᠦᠯᠦᠨ ᠥᠭᠡᠷᠡᠴᠢᠯᠡᠬᠦ ᠲᠥᠰᠥᠯ︾᠂ ︽ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯᠡᠰ ᠤᠨ ᠨᠠᠷᠢᠨ ᠳᠠᠩᠰᠠ︾ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠨᠡᠶᠢᠲᠡᠯᠡᠵᠦ᠂ ︽1 + 7︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠲᠦᠷᠭᠡᠨ ᠬᠥᠭᠵᠢᠯᠲᠡ ᠶᠢᠨ ᠨᠢᠷᠤᠭᠤ ᠲᠤᠯᠭᠠᠭᠤᠷᠢ ᠶᠢ ᠪᠠᠶᠢᠭᠤᠯᠪᠠ᠃

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠢᠴᠢᠯ ᠬᠡᠮᠵᠢᠭᠦᠷ ᠤᠨ ᠹᠢᠽᠢᠺ ᠬᠢᠭᠡᠳ ᠠᠲ᠋ᠣᠮ ᠦᠢᠯᠡᠳᠬᠦ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠭᠢᠯᠡᠭᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠣᠣ ᠱᠢ ᠹᠧᠩ᠄ ︽ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠬᠠᠢ ᠰᠢᠷᠢᠰ ᠰᠢᠨ᠎ᠡ ᠲᠥᠷᠥ ᠶᠢᠨ ᠪᠣᠳᠣᠯᠭ᠎ᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠬᠤ ᠶᠢ ᠠᠭᠤᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠵᠤ᠂ ᠪᠢᠳᠡᠡ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠲᠤ ᠢᠳᠡᠪᠬᠢᠲᠡᠢ ᠣᠷᠤᠯᠴᠠᠬᠤ ᠢᠲᠡᠭᠡᠯ ᠵᠣᠷᠢᠭ ᠢ ᠨᠠᠩ ᠬᠥᠪᠴᠢᠯᠡᠵᠡᠢ︾ ᠭᠡᠪᠡ᠃

      2024 ᠣᠨ ᠳᠤ᠂ ᠥᠪᠥᠷ ᠮᠣᠩᠭᠤᠯ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠪᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠣᠨᠴᠠ ᠲᠥᠷᠥᠯ ᠤᠨ ᠲᠡᠷᠭᠡ ᠬᠥᠰᠬᠡ᠂ ᠪᠠᠶᠠᠨ᠋ᠣ᠋ᠪᠣᠭ᠎ᠠ ᠳᠠᠬᠢ ᠬᠤᠶᠠᠷ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠣᠷᠳᠣᠰ᠂ ᠪᠠᠶᠠᠨᠨᠠᠭᠤᠷ ᠲᠠᠬᠢ ᠬᠤᠶᠠᠷ ᠤᠯᠤᠰ ᠤᠨ ᠲᠠᠰ ᠤᠨ ᠵᠢᠱᠢᠶ᠎ᠡ ᠦᠵᠡᠭᠦᠯᠭᠦ ᠣᠷᠣᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠪᠠ᠃ ᠭᠦᠭᠡᠬᠤᠲᠠ ᠪᠤᠭᠤᠲᠤ ᠣᠷᠳᠣᠰ ᠤᠨ ᠤᠯᠤᠰ ᠤᠨ ᠥᠪᠡᠷ ᠢᠶᠠᠷ ᠡᠭᠦᠳᠬᠦ ᠲᠣᠭᠤᠷᠢᠭ᠂ ᠡᠪᠡᠰᠦᠨ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠤᠯᠤᠰ ᠤᠨ ᠲᠡᠰ ᠤᠨ ᠲᠠᠪᠴᠠᠩ ᠢ ᠡᠭᠦᠳᠦᠨ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠪᠠ᠃ ᠳᠠᠯᠠᠨ ᠬᠠᠷ᠎ᠠ ᠠᠭᠤᠯᠠ᠂ ᠣᠷᠳᠣᠰ ᠲᠠᠬᠢ ᠬᠤᠶᠠᠷ ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ  ︽ᠰᠠᠭᠤᠷᠢ ᠰᠤᠳᠤᠯᠭᠠᠨ — ᠮᠡᠷᠭᠡᠵᠢᠯ ᠤᠨ ᠰᠤᠳᠤᠯᠤᠨ ᠨᠡᠭᠡᠭᠡᠯᠲᠡ — ᠣᠨᠳᠣᠣᠰᠢᠭᠤᠯᠤᠨ ᠬᠡᠷᠡᠭᠯᠡᠬᠦ — ᠦᠢᠯᠡᠳᠪᠦᠷᠢᠯᠡᠯ ᠡᠵᠡᠩᠨᠡᠯᠲᠡ︾ ᠶᠢᠨ ᠬᠡᠯᠬᠢᠶ᠎ᠡ ᠶᠢ ᠪᠦᠭᠦ ᠲᠠᠯ᠎ᠠ ᠪᠠᠷ ᠨᠠᠪᠲᠠᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠯ ᠤᠨ ᠥᠭᠡᠷᠡᠴᠢᠯᠡᠯᠲᠡ ᠳᠤ ᠰᠢᠨ᠎ᠡ ᠵᠠᠮ ᠨᠡᠭᠡᠭᠡᠵᠦ᠂ ᠥᠯᠢᠭᠡᠷ ᠳᠠᠭᠤᠷᠢᠶᠠᠯ ᠪᠣᠯᠪᠠ᠃

      2024 ᠣᠨ ᠳᠤ᠂ ᠥᠪᠥᠷ ᠮᠣᠩᠭᠤᠯ ᠰᠢᠨ᠎ᠡ ᠶᠢ ᠡᠭᠦᠳᠬᠦ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠬᠦᠴᠦ ᠣᠷᠣᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠢ ᠳᠠᠭᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠭᠦ︾ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭ᠎ᠠ ᠢᠯᠡᠷᠬᠡᠢ ᠦᠷ᠎ᠡ ᠪᠦᠲᠦᠮᠵᠢ ᠣᠯᠪᠠ᠃ ᠪᠦᠭᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠲᠣᠰ ᠲᠣᠰ 2000᠂ 3000 ᠶᠢ ᠳᠠᠪᠠᠪᠠ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ R&D ᠠᠵᠢᠯᠯᠠᠭ᠎ᠠ ᠶᠢᠨ ᠡᠵᠡᠯᠡᠬᠦ ᠬᠠᠷᠢᠴᠠᠯ ᠢ ᠪᠦᠭᠦ ᠤᠯᠤᠰ ᠤᠨ ᠳᠤᠮᠳᠠ ᠲᠦᠪᠰᠢᠨ ᠳᠤ ᠬᠦᠷᠭᠡᠪᠡ᠃

      2024 ᠣᠨ ᠳᠤ᠂ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠨᠢ ᠰᠢᠨ᠎ᠡ ᠶᠢ ᠡᠭᠦᠳᠬᠦ ᠡᠬᠢ ᠪᠠᠶᠠᠯᠢᠭ ᠤᠨ ᠴᠤᠭᠯᠠᠷᠠᠯ᠂ ᠨᠡᠶᠢᠯᠡᠯᠲᠡ ᠶᠢᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠤᠨ ᠪᠦᠯᠭᠦᠮ 2000 ᠲᠦᠮᠡᠨ ᠲᠥᠭᠦᠷᠢᠭ ᠤᠨ ︽ᠴᠢᠳᠠᠮᠵᠢᠲᠤ ᠴᠢᠨᠠᠷᠲᠠᠢ ᠰᠦᠨ ᠬᠦᠴᠢᠯ ᠤᠨ ᠪᠠᠺᠲ᠋ᠧᠷᠢ ᠶᠢᠨ ᠰᠠᠭᠤᠷᠢ︾ ᠶᠢᠨ ᠲᠦᠷᠦᠯ ᠵᠦᠢᠯ ᠢ ᠰᠢᠯᠵᠢᠭᠦᠯᠦᠨ ᠥᠭᠬᠦ ᠭᠡᠷ᠎ᠡ ᠲᠣᠭᠲᠠᠵᠤ᠂  ᠵᠣᠭᠤᠰ ᠪᠣᠯᠭᠠᠨ ᠬᠤᠪᠢᠷᠠᠭᠤᠯᠤᠭᠰᠠᠨ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠣ᠋ ᠵᠠᠨ ᠶᠤᠸᠠᠨ ᠤ ᠪᠦᠯᠭᠦᠮ 5 ᠡᠳᠦᠷ ᠲᠤ 300 ᠲᠦᠮᠡᠨ ᠲᠥᠭᠦᠷᠢᠭ ᠤᠨ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠶᠢ ᠪᠡᠶᠡᠯᠡᠭᠦᠯᠪᠡ᠃ ︽ᠮᠧᠩ ᠺᠧ ᠵᠢᠦᠢ︾ ᠶᠢᠨ ᠬᠥᠲᠥᠯᠥᠨ ᠳᠠᠭᠠᠭᠤᠯᠭ᠎ᠠ ᠳᠣᠣᠷ᠎ᠠ᠂ 2024 ᠣᠨ ᠤ ᠪᠦᠭᠦ ᠣᠷᠣᠨ ᠤ ᠮᠡᠷᠭᠡᠵᠢᠯ ᠤᠨ ᠭᠡᠷ᠎ᠡ ᠶᠢ ᠳᠠᠩᠰᠠᠯᠠᠭᠰᠠᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠬᠡᠮᠵᠢᠶ᠎ᠡ ᠨᠢ ᠳᠡᠭᠡᠷ᠎ᠡ ᠵᠢᠯ ᠤᠨ ᠬᠢ ᠠᠴᠠ ᠪᠠᠨ ᠲᠣᠰ ᠲᠣᠰ 8.7% ᠪᠠ 33.6% ᠪᠠᠷ ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠠᠵᠠᠷ ᠣᠷᠣᠨ ᠤ ᠬᠥᠭᠵᠢᠯᠲᠡ ᠳᠤ ᠰᠦᠷ ᠳᠠᠯᠠᠶᠢᠴᠠᠲᠠᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

      ᠡᠨᠡ ᠨᠢᠭᠡ ᠵᠢᠯ ᠳᠤ᠂ ᠲᠣᠭᠲᠠᠴᠠ ᠶᠢ ᠪᠠᠶᠢᠭᠤᠯᠵᠤ᠂ ᠲᠠᠪᠴᠠᠩ ᠪᠠᠶᠢᠭᠤᠯᠵᠤ᠂ ᠬᠠᠮᠵᠢᠯᠴᠠᠭ᠎ᠠ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠤᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠳᠬᠡᠨ ᠬᠤᠷᠠᠮᠳᠤᠭᠤᠯᠵᠤ᠂ ᠰᠢᠨ᠎ᠡ ᠶᠢ ᠡᠭᠦᠳᠬᠦ ᠢᠳᠡ ᠬᠦᠴᠦᠨ ᠨᠡᠩ ᠭᠦᠢᠴᠡᠳ᠂ ᠰᠢᠨ᠎ᠡ ᠶᠢ ᠡᠭᠦᠳᠬᠦ ︽ᠰᠤᠳᠤᠯᠭᠠᠨ︾ ᠤ ᠠᠭᠤᠯᠤᠭᠳᠠᠴᠠ ᠨᠡᠩ ᠥᠨᠳᠥᠷ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠬᠦᠴᠦᠷᠬᠡᠭ᠂ ᠰᠢᠨ᠎ᠡ ᠶᠢ ᠡᠭᠦᠳᠬᠦ ᠠᠮᠢ ᠠᠬᠤᠢ ᠨᠡᠩ ᠰᠢᠯᠢᠳᠡᠭ ᠪᠣᠯᠵᠤ᠂ ᠥᠪᠥᠷ ᠮᠣᠩᠭᠤᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠭᠤᠷ ᠠᠮᠢᠰᠬᠤᠯ ᠨᠡᠩ ᠥᠳᠬᠡᠨ ᠪᠣᠯᠪᠠ᠃

      ᠡᠨᠡ ᠨᠢᠭᠡ ᠵᠢᠯ ᠳᠤ᠂ ᠥᠪᠥᠷ ᠮᠣᠩᠭᠤᠯ 36 ᠵᠦᠢᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠪᠦᠭᠦ ᠲᠠᠯ᠎ᠠ ᠪᠠᠷ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ 28.17 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡ ᠪᠦᠯᠦᠭ ᠬᠤᠭᠤᠰᠤᠨ ᠢ ᠨᠥᠬᠦᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠳᠪᠦᠷᠢᠯᠡᠯ ᠤᠨ ᠱᠤᠭᠤᠮ ᠢ ᠡᠭᠦᠳᠦᠨ ᠨᠡᠭᠡᠭᠡᠪᠡ᠃ ᠪᠦᠭᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠬᠤᠪᠣᠷ ᠰᠢᠷᠣᠢ ᠶᠢᠨ ᠲᠡᠮᠦᠷᠯᠢᠭ ᠬᠠᠶᠢᠯᠤᠭᠤᠯᠤᠨ ᠰᠠᠯᠭᠠᠬᠤ ᠲᠥᠷᠥᠯ ᠵᠦᠢᠯ ᠪᠤᠭᠤᠲᠤ ᠬᠤᠲᠠ ᠳᠤ ᠠᠰᠢᠭᠯᠠᠯᠲᠠ ᠳᠤ ᠣᠷᠣᠪᠠ᠂ ᠪᠦᠭᠦ ᠪᠥᠮᠪᠥᠷᠴᠡᠭ ᠤᠨ ᠲᠠᠩ ᠳᠠᠪᠬᠤᠷᠭᠠᠲᠤ ᠦᠢᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠦᠢᠯᠡᠳᠬᠦ ᠲᠥᠷᠥᠯ ᠵᠦᠢᠯ ᠣᠷᠳᠣᠰ ᠲᠤ ᠠᠰᠢᠭᠯᠠᠯᠲᠠ ᠳᠤ ᠣᠷᠣᠪᠠ᠂ ᠤᠯᠠᠭᠠᠨᠬᠠᠳᠠ ᠬᠤᠲᠠ ᠶᠢᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ ᠨᠢᠭᠡᠴᠢ ᠦᠷᠡᠨ ᠤ ᠠᠭᠤᠷᠬᠠᠢ ᠡᠷᠢᠬᠦ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠪᠠ᠂ ᠰᠦᠨ ᠲᠡᠮᠦᠷ ᠠᠭᠤᠯᠤᠭᠰᠠᠨ ᠤᠭᠤᠷᠠᠭ ᠢ ᠬᠠᠨᠳᠤᠯᠭ᠎ᠠ ᠲᠠᠢ ᠪᠠᠷ ᠭᠠᠷᠭᠠᠨ ᠠᠪᠴᠤ ᠬᠠᠮᠠᠭᠠᠯᠠᠬᠤ ᠮᠡᠷᠭᠡᠵᠢᠯ ᠪᠦᠭᠦ ᠳᠡᠯᠡᠬᠡᠢ ᠶᠢᠨ ᠰᠦ ᠶᠢᠨ ᠦᠢᠯᠡᠰ ᠤᠨ ᠬᠠᠮᠤᠭ ᠤᠨ ᠳᠡᠭᠡᠳᠦ ᠱᠠᠩᠨᠠᠯ ᠢ ᠭᠦᠷᠳᠡᠪᠡ᠂ ᠮᠠᠨ ᠤ ᠣᠷᠣᠨ ᠳᠡᠯᠡᠬᠡᠢ ᠳᠡᠭᠡᠷ᠎ᠡ ᠬᠠᠮᠤᠭ ᠤᠨ ᠲᠡᠷᠢᠭᠦᠨ ᠳᠤ ᠬᠤᠨᠢᠨ ᠤ ᠭᠧᠨ ᠤ ᠬᠥᠮᠥᠷᠭᠡ ᠶᠢᠨ ᠲᠣᠭᠠᠴᠢᠯᠠᠯᠲᠠ ᠶᠢ ᠪᠡᠶᠡᠯᠡᠭᠦᠯᠪᠡ᠂ ᠲᠣᠮᠣ ᠭᠡᠯᠪᠡᠷᠢ ᠶᠢᠨ ᠳᠦᠷᠰᠦ ᠬᠤᠪᠢᠷᠠᠬᠤ ᠳᠤ ᠪᠡᠷᠬᠡ ᠲᠡᠮᠦᠷᠯᠢᠭ ᠬᠡᠷᠡᠭᠰᠡᠯ ᠤᠨ ᠬᠦᠨᠳᠦ ᠭᠡᠯᠪᠡᠷᠢ ᠶᠢᠨ ᠰᠢᠬᠠᠨ ᠬᠡᠪᠰᠢᠭᠦᠯᠬᠦ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠪᠠ ᠁ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠦᠯᠡᠮᠵᠢ ᠦᠷ᠎ᠡ ᠪᠦᠲᠦᠭᠡᠯ ᠣᠯᠵᠤ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠭᠢᠯᠠᠰ ᠴᠡᠭ ᠲᠠᠰᠤᠷᠠᠯᠳᠠ ᠦᠭᠡᠢ ᠢᠯᠡᠷᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠦᠷᠭᠡᠨ ᠬᠥᠭᠵᠢᠯᠲᠡ ᠶᠢᠨ ᠵᠠᠮ ᠳᠤ ᠬᠥᠲᠥᠯᠥᠨ ᠣᠷᠣᠭᠤᠯᠪᠠ᠃ ᠥᠪᠥᠷ ᠮᠣᠩᠭᠤᠯ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠴᠢᠳᠠᠪᠤᠷᠢ ᠪᠦᠭᠦ ᠤᠯᠤᠰ ᠤᠨ ᠨᠡᠷᠡᠰ ᠤᠨ  ᠵᠢᠭᠰᠠᠭᠠᠯᠲᠠ ᠳᠤ 4 ᠨᠡᠷᠡᠰ ᠡᠮᠦᠨᠡᠰᠢᠯᠡᠵᠦ᠂ 24 ᠳ᠋ᠦ᠋ᠭᠡᠷ ᠲᠤ ᠣᠷᠣᠵᠤ᠂ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠪᠦᠭᠦ ᠤᠯᠤᠰ ᠲᠤ 22 ᠳ᠋ᠤᠭᠠᠷ ᠲᠤ ᠤᠷᠤᠪᠠ︔ 2 ᠵᠦᠢᠯ ᠤᠨ ᠦᠷ᠎ᠡ ᠪᠦᠲᠦᠭᠡᠯ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ 8 ᠵᠢᠯ ᠤᠨ ᠲᠤᠷᠰᠢ ︽ᠲᠡᠭ︾ ᠪᠠᠶᠢᠭᠰᠠᠭᠠᠷ ᠢᠷᠡᠭᠰᠡᠨ ᠪᠠᠶᠢᠳᠠᠯ ᠢ ᠬᠤᠪᠢᠷᠠᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠯᠬᠡᠭᠯᠡᠨ ᠤᠷᠤᠭᠰᠢᠯᠠᠬᠤ ᠢᠳᠡᠷᠡᠭᠦᠨ ᠠᠯᠬᠤᠭ᠎ᠠ ᠶᠢ ᠠᠯᠬᠤᠪᠠ᠃

      ᠤᠮᠠᠷᠠᠲᠤ ᠬᠢᠯᠢ ᠶᠢᠨ ᠡᠬᠡ ᠭᠠᠵᠠᠷ ᠢ ᠪᠠᠷᠠᠯᠠᠬᠤᠶ᠎ᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠣᠷᠭᠢᠯᠤᠨ ᠪᠠᠳᠠᠷᠠᠨ᠎ᠠ᠃ ᠥᠪᠥᠷ ᠮᠣᠩᠭᠤᠯ ᠶᠠᠭ ᠴᠤᠴᠠᠯᠲᠠ ᠦᠭᠡᠢ ᠤᠷᠤᠭᠰᠢᠯᠠᠨ ᠬᠥᠭᠡᠭᠡᠵᠦ ᠭᠦᠢᠴᠡᠨ ᠳᠠᠪᠠᠵᠤ᠂ ᠰᠢᠨ᠎ᠡ ᠠᠶᠠᠨ ᠳᠤ ᠳᠠᠪᠠᠯᠭᠠᠨ ᠢ ᠵᠦᠰᠦᠨ ᠤᠷᠤᠭᠰᠢᠯᠠᠵᠤ ᠪᠠᠶᠢᠨ᠎ᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ